ᠮᠠᠨ ᠤ ᠬᠤᠰᠢᠭᠤᠨ ᠤ ᠰᠡᠳᠬᠢᠴᠡ ᠶᠢᠨ ᠵᠦᠪᠯᠡᠭᠴᠢᠳ ᠤᠨ ᠨᠡᠶᠢᠬᠡᠮᠯᠢᠭ ᠨᠢ ᠭᠡᠷ ᠪᠦᠯᠢ ᠶᠢᠨ ᠰᠣᠷᠭᠠᠨ ᠬᠦᠮᠣᠵᠢᠯ ᠎ ᠤᠨ ᠵᠢᠯᠤᠭᠤᠳᠤᠮᠵᠢ ᠶᠢ ᠡᠷᠴᠢᠮᠳᠠᠢ ᠦᠷᠨᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2019-11-28
     ᠣᠶᠢᠷ᠎ᠠ ᠶᠢᠨ ᠡᠳᠦᠷ᠂ ᠬᠤᠰᠢᠭᠤ ᠰᠡᠳᠬᠢᠴᠡ ᠶᠢᠨ ᠵᠦᠪᠯᠡᠭᠴᠢᠳ ᠤᠨ ᠨᠡᠶᠢᠬᠡᠮᠯᠢᠭ ᠨᠢ ᠰᠦᠯᠳᠡ ᠰᠣᠮᠣᠨ ᠤ ᠱᠠᠷᠯᠢᠭ ᠭᠤᠣᠯᠳᠠᠯᠭᠠᠲᠤ ᠪᠠᠭ᠎ᠠ ᠰᠤᠷᠭᠠᠭᠤᠯᠢ ᠳᠤ ᠬᠦᠷᠴᠤ ᠭᠡᠷ ᠤᠨ ᠠᠬᠠᠮᠠᠳ ᠨᠠᠷ ᠲᠤ ᠭᠡᠷ ᠪᠦᠯᠢ ᠶᠢᠨ ᠰᠤᠷᠭᠠᠨ ᠬᠦᠮᠦᠵᠢᠯ ᠤᠨ ᠵᠢᠯᠣᠭᠤᠳᠣᠮᠵᠢ ᠲᠠᠶᠢᠯᠤᠮᠵᠢ ᠬᠢᠵᠣ ᠭᠡᠷ ᠤᠨ ᠠᠬᠠᠮᠠᠳ ᠤᠨ ᠦᠷ᠎ᠡ ᠭᠡᠣᠭᠡᠳ ᠢᠶᠠᠨ ᠵᠦᠪ ᠵᠠᠮ ᠢᠶᠠᠷ ᠰᠣᠷᠭᠠᠨ ᠬᠦᠮᠣᠵᠢᠬᠦᠯᠬᠦ ᠳᠤ ᠰᠠᠭᠤᠷᠢ ᠲᠠᠯᠪᠢᠭᠰᠠᠨ ᠪᠠᠶᠢᠨ᠎ᠠ᠃      ᠲᠤᠰ ᠤᠳᠠᠭᠠᠨ ᠤ ᠠᠵᠢᠯᠯᠠᠭᠠᠨ ᠨᠢ ᠬᠤᠰᠢᠭᠤ ᠰᠡᠳᠬᠢᠴᠡ ᠶᠢᠨ ᠵᠦᠪᠯᠡᠭᠴᠢᠳ ᠤᠨ ᠨᠡᠶᠢᠬᠡᠮᠯᠢᠭ ᠤᠨ ᠪᠠᠭᠰᠢ ᠠᠴᠠ ᠭᠡᠷ ᠤᠨ ᠠᠬᠠᠮᠠᠳ ᠨᠡᠷ ᠲᠤ ᠦᠷ᠎ᠡ ᠬᠡᠦᠬᠡᠳ ᠢᠶᠠᠨ ᠵᠦᠪ ᠰᠠᠶᠢᠬᠠᠨ ᠠᠮᠢᠳᠤᠷᠠᠯ ᠤᠨ ᠳᠠᠳᠬᠠᠯ ᠲᠠᠢ ᠪᠤᠯᠭᠠᠬᠤ ᠶᠢᠨ ᠴᠢᠬᠤᠯᠠ ᠴᠢᠨᠠᠷ ᠪᠣᠯᠤᠨ ᠠᠷᠭ᠎ᠠ ᠵᠠᠮ ᠤᠨ ᠳᠣᠬᠠᠢ ᠲᠠᠶᠢᠯᠤᠮᠵᠢ ᠬᠢᠵᠣ ᠭᠡᠷ ᠤᠨ ᠠᠬᠠᠮᠠᠳ ᠨᠡᠷ ᠤᠨ ᠬᠠᠯᠠᠭᠤᠨ ᠬᠦᠷᠢᠶᠠᠯᠡᠯ ᠎ ᠢ ᠤᠯᠵᠠᠢ᠃      ᠮᠠᠨ ᠤ ᠬᠤᠰᠢᠭᠤᠨ ᠤ ᠰᠡᠳᠬᠢᠴᠡ ᠶᠢᠨ ᠵᠦᠪᠯᠡᠭᠴᠢᠳ ᠤᠨ ᠨᠡᠶᠢᠬᠡᠮᠯᠢᠭ ᠨᠢ 2015 ᠤᠨ ᠤ 5 ᠰᠠᠷ᠎ᠠ ᠳᠤ ᠪᠠᠶᠢᠭᠤᠯᠤᠭᠳᠠᠨ ᠤᠳᠤ 164 ᠭᠡᠰᠢᠭᠦᠨ ᠲᠠᠢ ᠪᠠᠶᠢᠵᠤ 89 ᠭᠡᠰᠢᠭᠦᠨ ᠨᠢ ᠤᠯᠤᠰ ᠤᠨ ᠬᠤᠶᠠᠳᠤᠭᠠᠷ᠂ ᠭᠤᠷᠪᠡᠳᠣᠭᠠᠷ ᠲᠡᠰ ᠤᠨ ᠰᠡᠳᠬᠢᠴᠡ ᠶᠢᠨ ᠵᠢᠯᠤᠭᠤᠳᠤᠭᠴᠢ ᠶᠢᠨ ᠲᠤᠰᠠᠬᠠᠢ ᠮᠡᠷᠭᠡᠵᠢᠯ ᠤᠨ ᠦᠨᠡᠮᠯᠡᠯ ᠲᠠᠢ ᠪᠠᠶᠢᠳᠠᠭ᠃ ᠳᠣᠰ ᠨᠠᠶᠢᠬᠡᠮᠯᠢᠭ ᠎ ᠨᠢ 2019 ᠣᠨ ᠳᠤ ᠮᠡᠨ ᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠬᠡᠷᠡᠭᠵᠢᠬᠦᠯᠵᠤ ᠪᠠᠶᠢᠭ᠎ᠠ ᠨᠡᠶᠢᠬᠡᠮ ᠤᠨ ᠵᠣᠬᠢᠶᠠᠨ ᠪᠠᠶᠢᠭᠤᠯᠣᠯᠳᠠ ᠶᠢᠨ ᠬᠦᠴᠦᠨ ᠳᠤ ᠳᠦᠰᠢᠭᠯᠡᠬᠦ ᠨᠠᠶᠢᠳᠡ ᠶᠢᠨ ᠠᠰᠠᠷᠡᠮᠵᠢ ᠶᠢᠨ ᠪᠡᠯᠡ ᠣᠷᠣᠭᠤᠯᠣᠯᠳᠠ ᠶᠢᠨ ᠣᠶᠢᠯᠡᠴᠢᠯᠡᠬᠡᠨ ᠤ ᠳᠦᠷᠣᠯ ᠵᠣᠶᠢᠯ ᠳᠤ ᠣᠷᠣᠵᠣ ᠪᠦᠬᠦ ᠬᠤᠰᠢᠭᠤᠨ ᠤ ᠡᠯ᠎ᠡ ᠨᠡᠶᠢᠬᠡᠮ ᠲᠣᠭᠤᠷᠢᠭ᠂ ᠪᠠᠭ᠎ᠠ ᠰᠤᠷᠭᠠᠭᠤᠯᠢ᠂ ᠴᠡᠴᠡᠷᠯᠢᠭ ᠲᠤ ᠬᠦᠷᠴᠦ ᠭᠡᠷ ᠪᠦᠯᠢ ᠶᠢᠨ ᠰᠤᠷᠭᠠᠨ ᠬᠦᠮᠦᠵᠢᠯ ᠤᠨ ᠲᠤᠬᠠᠢ ᠶᠠᠷᠢᠶ᠎ᠠ ᠲᠠᠶᠢᠯᠤᠮᠵᠢ ᠬᠢᠵᠣ 1000 ᠭᠠᠷᠣᠢ ᠬᠦᠮᠣᠨ ᠳᠤ ᠦᠢᠯᠡᠴᠢᠯᠡᠭᠡ ᠬᠠᠩᠭᠠᠭᠰᠠᠨ ᠪᠠᠶᠢᠨ᠎ᠠ᠃        
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号