ᠦᠤᠰᠢᠨ ᠬᠤᠰᠢᠭᠤᠨ ᠤ ᠪᠠᠲᠤᠯᠠᠭᠠᠲᠤ ᠣᠷᠣᠨ ᠰᠠᠭᠤᠴᠠ ᠪᠠ ᠭᠡᠷ ᠬᠥᠷᠥᠩᠭᠡ ᠶᠢᠨ ᠰᠤᠯᠢᠯᠴᠠᠭᠠᠨ ᠤ ᠬᠠᠮᠢᠶᠠᠷᠤᠯᠲᠠ ᠶᠢᠨ ᠲᠥᠪ
ᠨᠡᠶᠢᠲᠡᠯᠡᠭᠰᠡᠨ ᠴᠠᠭ᠄
2019-11-28
     ᠨᠢᠭᠡ᠂ ᠤᠳᠤᠷᠢᠳᠬᠤ ᠪᠠᠭ ᠤᠨ ᠪᠦᠷᠢᠯᠳᠦᠬᠦᠨ᠂ ᠰᠠᠯᠠᠭᠠᠨ ᠲᠡᠰ ᠤᠨ ᠺᠠᠳ᠋ᠷ ᠤᠨ ᠠᠵᠢᠯ ᠤᠨ ᠬᠤᠪᠢᠶᠠᠷᠢᠯᠠᠯ      ᠵᠢᠷᠠᠨᠮᠡᠨᠳᠦ ︵ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠥᠪ ᠤᠨ ᠡᠷᠬᠢᠯᠡᠭᠴᠢ︶᠄ ᠪᠠᠲᠤᠯᠠᠭᠠᠲᠤ ᠣᠷᠣᠨ ᠰᠠᠭᠤᠴᠠ ᠪᠠ ᠭᠡᠷ ᠬᠥᠷᠥᠩᠭᠡ ᠶᠢᠨ ᠰᠤᠯᠢᠯᠴᠠᠭᠠᠨ ᠤ ᠬᠠᠮᠢᠶᠠᠷᠤᠯᠲᠠ ᠶᠢᠨ ᠲᠥᠪ ᠤᠨ ᠪᠥᠬᠦ ᠲᠠᠯ᠎ᠠ ᠶᠢᠨ ᠠᠵᠢᠯ ᠢ ᠡᠷᠬᠢᠯᠡᠨ᠎ᠡ᠃ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠤᠪᠢᠶᠠᠷᠢᠯᠠᠨ ᠬᠠᠮᠢᠶᠠᠷᠤᠨ᠎ᠠ᠃      ᠪᠤᠯᠤᠳ ︵ᠲᠥᠪ ᠤᠨ ᠳᠡᠳ᠋ ᠡᠷᠬᠢᠯᠡᠭᠴᠢ︶᠄ ᠡᠷᠬᠢᠯᠡᠭᠴᠢ ᠶᠢ ᠬᠠᠮᠵᠢᠨ ᠡᠳᠦᠷ ᠲᠣᠲᠤᠮ ᠤᠨ ᠬᠡᠷᠡᠭ ᠶᠠᠪᠤᠳᠠᠯ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠡᠳ᠋ ᠪᠤᠳᠠᠰ ᠢ ᠬᠤᠳᠠᠯᠳᠤᠨ ᠠᠪᠬᠤ᠂ ᠠᠵᠢᠯᠲᠠᠨ ᠤ ᠶᠠᠪᠤᠳᠠᠯ ᠎ ᠢ ᠵᠣᠬᠢᠶᠠᠨ ᠪᠠᠶᠢᠭᠤᠯᠬᠤ᠂ ᠪᠠᠷᠢᠴᠠᠭᠠᠯᠠᠬᠤ ᠶᠢ ᠬᠢᠨᠠᠨ ᠬᠠᠷᠭᠤᠭᠤᠯᠬᠤ ᠪᠠ ᠵᠠᠰᠠᠭ ᠤᠨ ᠣᠷᠳᠣᠨ ᠤ ᠴᠢᠨᠠᠷᠲᠠᠶ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠡᠷᠬᠢᠯᠡᠭᠴᠢ ᠶᠢ ᠬᠠᠮᠵᠢᠨ ᠠᠳᠠᠯ ᠠᠬᠤᠢ ᠶᠢᠨ ᠬᠠᠮᠢᠶᠠᠷᠤᠯᠲᠠ ᠪᠠ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠠᠯᠠ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠵᠠᠬᠢᠳᠠᠯ ᠰᠤᠷᠪᠤᠯᠵᠢᠯᠠᠯ ᠶᠠᠷᠢᠶ᠎ᠠ ᠬᠡᠯᠡᠯᠴᠡᠭᠡᠨ ᠤ ᠪᠠᠶᠢᠳᠠᠯ᠂   ᠪᠤᠯᠪᠠᠰᠤᠨ ᠬᠤᠲᠠ ᠡᠷᠡᠬᠦᠯ ᠬᠠᠮᠠᠭᠠᠯᠠᠯ ᠤᠨ ᠬᠤᠰᠢᠭᠤ ᠶᠢ ᠡᠭᠦᠳᠦᠨ ᠪᠠᠶᠢᠭᠤᠯᠬᠤ᠂ ᠮᠡᠳᠡᠭᠡ ᠵᠠᠩᠭᠢ ᠶᠢ ᠢᠯᠡ ᠪᠣᠯᠭᠠᠬᠤ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠪᠠ ᠰᠤᠷᠲᠠᠯ ᠤᠬᠠᠭᠤᠯᠭ᠎ᠠ ᠦᠵᠡᠯ ᠰᠠᠨᠠᠭ᠎ᠠ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ᠂ ᠬᠠᠷᠢᠯᠴᠠᠬᠤ ᠴᠡᠭ ᠤᠨ ᠶᠠᠳᠠᠭᠤ ᠶᠢ ᠲᠡᠳᠬᠦᠬᠦ᠂ ᠲᠥᠯᠥᠪᠯᠡᠭᠡᠲᠦ ᠦᠷᠡᠵᠢᠯ᠂ ᠬᠠᠤᠯᠢ ᠲᠦᠭᠡᠮᠡᠯᠵᠢᠭᠦᠯᠬᠦ ᠬᠠᠤᠯᠢ ᠶᠣᠰᠣᠭᠠᠷ ᠵᠠᠰᠠᠬᠤ ᠪᠠ ᠠᠵᠢᠯᠴᠢᠨ᠂ ᠵᠠᠯᠠᠭᠤᠴᠤᠳ᠂ ᠡᠮᠡᠭᠲᠡᠶᠢᠴᠦᠳ ᠵᠡᠷᠭᠡ ᠠᠵᠢᠯ ᠢ ᠬᠠᠷᠢᠭᠤᠴᠠᠨ᠎ᠠ᠃ ᠠᠯᠪᠠᠨ ᠭᠡᠷ᠂ ᠡᠳ᠋ ᠤᠨ ᠶᠠᠪᠤᠳᠠᠯ ᠤᠨ ᠲᠠᠰᠤᠭ᠂ ᠠᠳᠠᠯ ᠠᠬᠤᠢ ᠶᠢᠨ ᠬᠠᠮᠢᠶᠠᠷᠤᠯᠲᠠ ᠶᠢᠨ ᠠᠯᠪᠠᠨ ᠭᠡᠷ ᠢ ᠪᠣᠳᠠᠲᠠᠶ ᠬᠤᠪᠢᠶᠠᠷᠢᠯᠠᠨ ᠬᠠᠮᠢᠶᠠᠷᠤᠨ᠎ᠠ︔ ᠠᠳᠠᠯ ᠠᠬᠤᠢ ᠶᠢᠨ ᠡᠯ᠎ᠡ ᠦᠢᠯᠡᠴᠢᠯᠡᠭᠡᠨ ᠤ ᠠᠵᠤ ᠠᠬᠤᠶᠢᠯᠠᠯ ᠲᠠᠢ ᠬᠠᠷᠢᠯᠴᠠᠨ᠎ᠠ᠃      ᠸᠠᠩ ᠰᠢᠶᠣᠤ ᠯᠦᠩ ︵ᠲᠤᠯᠠᠭᠠᠯᠠᠯᠭ᠎ᠠ ᠬᠠᠩᠭᠠᠬᠤ ᠠᠯᠪᠠᠨ ᠭᠡᠷ ᠤᠨ ᠡᠷᠬᠢᠯᠡᠭᠴᠢ︶᠄ ᠡᠷᠬᠢᠯᠡᠭᠴᠢ ᠶᠢ ᠬᠠᠮᠵᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ᠂ ᠲᠤᠯᠠᠭᠠᠯᠠᠯᠭ᠎ᠠ ᠬᠠᠩᠭᠠᠬᠤ ᠬᠠᠮᠢᠶᠠᠷᠤᠯᠲᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠨᠡᠭᠡᠭᠡᠨ  ᠬᠦᠭᠵᠢᠬᠦᠯᠵᠤ ᠬᠠᠮᠢᠶᠠᠷᠬᠤ᠂ ᠪᠤᠷᠤ ᠭᠡᠷᠲᠦ ᠲᠣᠭᠤᠷᠢᠭ ᠢ ᠥᠭᠡᠷᠡᠴᠢᠯᠡᠬᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠮᠥᠷᠭᠡᠯᠡᠯᠲᠡ ᠶᠢ ᠪᠠᠭᠠᠰᠬᠠᠬᠤ᠂ ᠭᠡᠷ ᠪᠠᠶᠢᠰᠢᠩ ᠢ ᠳᠠᠩᠰᠠᠯᠠᠨ ᠬᠢᠨᠠᠬᠤ ᠪᠠ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ ᠶᠢ ᠳᠠᠩᠰᠠᠯᠠᠨ ᠬᠠᠮᠢᠶᠠᠷᠬᠤ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠪᠠᠲᠤᠯᠠᠭᠠᠲᠤ ᠰᠠᠭᠤᠷᠢᠰᠢᠯ ᠤᠨ ᠢᠨᠵᠧᠨᠧᠷᠢᠩ  ᠎ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠠᠶᠤᠯᠬᠦᠢ ᠦᠢᠯᠡᠳᠪᠦᠷᠢᠯᠡᠯ᠂ I S O 14001 ᠰᠢᠰᠲ᠋ᠧᠮ ᠪᠣᠯᠤᠨ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠣᠷᠣᠨ ᠰᠠᠭᠤᠴᠠ ᠶᠢᠨ ᠪᠠᠲᠤᠯᠠᠭ᠎ᠠ ᠶᠢᠨ ᠠᠯᠪᠠᠨ ᠭᠡᠷ᠂ ᠲᠤᠯᠠᠭᠠᠯᠠᠯᠭ᠎ᠠ ᠬᠠᠩᠭᠠᠬᠤ ᠬᠠᠮᠢᠶᠠᠷᠤᠯᠲᠠ ᠶᠢᠨ ᠠᠯᠪᠠᠨ ᠭᠡᠷ᠂ ᠨᠡᠭᠡᠭᠡᠨ ᠬᠦᠭᠵᠢᠬᠦᠯᠦᠯᠲᠡ ᠪᠦᠲᠦᠭᠡᠨ  ᠪᠠᠶᠢᠭᠤᠯᠤᠯᠲᠠ ᠶᠢᠨ ᠲᠠᠰᠤᠭ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠠᠰᠤᠭ᠂ ᠪᠤᠷᠤ ᠭᠡᠷᠲᠤ ᠲᠤᠭᠤᠷᠢᠭ ᠤᠨ ᠦᠭᠡᠷᠡᠴᠢᠯᠡᠯᠲᠡ ᠶᠢ ᠵᠢᠯᠣᠭᠤᠳᠬᠤ ᠲᠥᠪ᠂ ᠭᠡᠷ ᠪᠠᠶᠢᠰᠢᠩ ᠭᠠᠵᠠᠷ ᠰᠢᠷᠣᠶ ᠬᠥᠷᠥᠩᠭᠡ ᠶᠢᠨ ᠠᠷᠠᠯᠵᠢᠶᠠᠨ ᠤ ᠲᠥᠪ ᠢ ᠪᠣᠳᠠᠲᠠᠶ ᠬᠤᠪᠢᠶᠠᠷᠢᠯᠠᠨ ᠬᠠᠮᠢᠶᠠᠷᠤᠨ᠎ᠠ  ᠃      ᠬᠤᠶᠠᠷ᠂ ᠠᠯᠪᠠᠯᠠᠬᠤ ᠬᠠᠶ᠋ᠢᠭ᠄ ᠦᠤᠰᠢᠨ ᠬᠤᠰᠢᠭᠤᠨ ᠤ ᠠᠷᠠᠳ ᠤᠨ ᠵᠠᠮ ᠳᠠᠬᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶᠠᠨ ᠤ ᠠᠷᠤ ᠬᠦᠷᠢᠶ᠎ᠡ      ᠭᠤᠷᠪᠠ᠂ ᠬᠠᠷᠢᠯᠴᠠᠬᠤ ᠠᠷᠭ᠎ᠠ᠄ ᠤᠲᠠᠰᠤ ︵ᠹᠠᠺᠰ︶᠄ 0477 — 7580364      ᠲᠦᠷᠪᠡ᠂ ᠠᠵᠢᠯᠯᠠᠬᠤ ᠴᠠᠭ᠄ ᠦᠳᠡ ᠶᠢᠨ ᠡᠮᠦᠨ᠎ᠡ 8᠄ 30 — 12᠄ 00    ᠦᠳᠡ ᠶᠢᠨ ᠬᠤᠶᠢᠨ᠎ᠠ 14᠄ 30 — 17᠄ 30
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号