ᠡᠨᠡ ᠵᠢᠯ ᠮᠠᠨ ᠤ ᠬᠤᠰᠢᠭᠤ 2.2 ᠳ᠋ᠥᠩᠰᠢᠭᠤᠷ ᠲᠦᠬᠦᠷᠢᠭ ᠤᠨ ᠪᠡᠯᠡ ᠵᠠᠷᠤᠴᠠᠭᠤᠯᠤᠨ ᠲᠠᠷᠢᠶᠠᠯᠠᠩ ᠤᠨ ᠴᠠᠬᠢᠯᠭᠠᠨ ᠲᠤᠤᠷ ᠲᠤ ᠦᠬᠡᠷᠡᠴᠢᠯᠡᠯᠳᠡ ᠰᠢᠨᠡᠴᠢᠯᠡᠯᠳᠡ ᠬᠢᠵᠦ ᠪᠠᠶᠢᠨ᠎ᠠ
ᠨᠡᠶᠢᠲᠡᠯᠡᠭᠰᠡᠨ ᠴᠠᠭ᠄
2019-11-28
     ᠮᠠᠯᠵᠢᠬᠤ ᠲᠠᠷᠢᠶᠠᠯᠠᠬᠤ ᠣᠷᠤᠨ ᠤ ᠮᠠᠯᠴᠢᠨ ᠲᠠᠷᠢᠶᠠᠴᠢᠳ ᠤᠨ ᠴᠠᠬᠢᠯᠭᠠᠨ ᠬᠡᠷᠡᠭᠯᠡᠬᠦ ᠳᠤ ᠬᠦᠴᠢᠷ᠂ ᠴᠢᠨᠠᠷᠯᠢᠭ ᠴᠠᠬᠢᠯᠭᠠᠨ ᠬᠡᠷᠡᠭᠯᠡᠵᠦ ᠲᠡᠶᠢᠯᠬᠦ ᠦᠭᠡᠢ ᠪᠠᠶᠢᠳᠠᠯ ᠢ ᠰᠢᠢᠳᠪᠦᠷᠢᠯᠡᠬᠦ ᠪᠠᠷ ᠡᠨᠡ ᠵᠢᠯ ᠮᠠᠨ ᠤ ᠬᠤᠰᠢᠭᠤ ᠲᠠᠷᠢᠶᠠᠯᠠᠩ ᠤᠨ ᠴᠠᠬᠢᠯᠭᠠᠨ ᠲᠤᠤᠷ ᠤᠨ ᠦᠬᠡᠷᠡᠴᠢᠯᠡᠯᠳᠡ ᠰᠢᠨᠡᠴᠢᠯᠡᠯᠳᠡ ᠶᠢᠨ ᠠᠵᠢᠯ ᠢ ᠡᠷᠴᠢᠮᠳᠠᠢ ᠬᠢᠵᠦ ᠪᠦᠬᠦ ᠵᠢᠯ  ᠳᠤ ᠨᠡᠶᠢᠳᠡ 2.2 ᠳ᠋ᠥᠩᠰᠢᠭᠤᠷ ᠲᠦᠬᠦᠷᠢᠭ ᠤᠨ ᠪᠡᠯᠡ ᠵᠠᠷᠤᠴᠠᠭᠤᠯᠤᠨ ᠮᠠᠯᠴᠢᠨ ᠲᠠᠷᠢᠶᠠᠴᠢᠳ ᠤᠨ ᠴᠠᠬᠢᠯᠭᠠᠨ ᠬᠡᠷᠡᠭᠯᠡᠵᠦ ᠴᠢᠨᠠᠷᠯᠢᠭ ᠴᠠᠬᠢᠯᠭᠠᠨ ᠬᠡᠷᠡᠭᠯᠡᠬᠦ ᠪᠤᠯᠤᠭᠰᠠᠨ ᠡᠷᠬᠢᠯᠳᠡ ᠶᠢ ᠪᠡᠶᠡᠯᠡᠬᠦᠯᠵᠦ ᠪᠠᠶᠢᠨ᠎ᠠ᠃      ᠰᠦᠯᠳᠡ ᠰᠤᠮᠤᠨ ᠤ ᠲᠤᠯᠢ ᠭᠠᠴᠠᠭᠠᠨ ᠤ ᠮᠠᠯᠴᠢᠨ ᠪᠠᠭᠠᠳᠤᠷ ᠤᠨ ᠬᠢᠨ 2000 ᠭᠠᠷᠤᠢ ᠮᠤ᠋ ᠪᠡᠯᠴᠢᠬᠡᠷ ᠲᠡᠭᠡᠷ᠎ᠡ  ᠬᠤᠶᠠᠷ ᠵᠠᠭᠤᠭᠠᠳ ᠮᠠᠯ ᠮᠠᠯᠵᠢᠵᠦ ᠡᠳᠤᠷ ᠪᠦᠷᠢ ᠪᠠᠭ᠎ᠠ ᠪᠤᠰᠤ ᠡᠪᠡᠰᠤ ᠪᠤᠷᠳᠤᠭ᠎ᠠ ᠶᠢ ᠮᠠᠰᠢᠨ ᠢᠶᠠᠷ ᠨᠠᠶᠢᠷᠠᠭᠤᠯᠤᠨ ᠮᠠᠯ ᠣᠨᠤᠭ᠎ᠠ ᠪᠠᠨ ᠲᠡᠵᠢᠬᠡᠵᠦ ᠪᠤᠢ᠂ ᠬᠡᠪᠡᠴᠤ ᠣᠳᠤᠬᠠᠨ ᠤ ᠬᠡᠷᠡᠭᠯᠡᠵᠦ ᠪᠠᠶᠢᠭ᠎ᠠ ᠴᠠᠬᠢᠯᠭᠠᠨ ᠣᠳᠠᠰᠤ  ᠨᠢ ᠴᠦᠮ ᠬᠤᠷᠢᠭᠠᠳ ᠵᠢᠯ ᠤᠨ ᠡᠮᠤᠨᠡᠬᠢ ᠬᠠᠭᠤᠴᠢᠨ ᠣᠳᠠᠰᠤ ᠪᠤᠯᠬᠤᠷ ᠬᠦᠴᠦᠳᠡᠯ ᠨᠢ ᠲᠤᠭᠳᠠᠪᠦᠷᠢ ᠦᠭᠡᠢ᠂ ᠴᠠᠬᠢᠯᠭᠠᠨ ᠴᠢᠳᠠᠪᠬᠢ ᠨᠢ ᠬᠦᠷᠦᠯᠴᠡᠵᠦ ᠶᠠᠳᠠᠭᠠᠳ ᠦᠢᠯᠡᠳᠪᠦᠷᠢᠯᠡᠯ ᠠᠮᠢᠳᠤᠷᠠᠯ ᠤᠨ ᠲᠤᠮᠳᠠ ᠴᠠᠬᠢᠯᠭᠠᠨ ᠬᠡᠷᠡᠭᠯᠡᠬᠦ  ᠳᠤ ᠬᠦᠴᠢᠷᠳᠡᠢ ᠪᠠᠶᠢᠵᠠᠢ᠃ ᠣᠶᠢᠷ᠎ᠠ ᠶᠢᠨ ᠡᠳᠤᠷ ᠦᠤᠰᠢᠨ ᠬᠤᠰᠢᠭᠤᠨ ᠤ ᠴᠠᠬᠢᠯᠭᠠᠨ ᠦᠢᠯᠡᠰ ᠤᠨ  ᠬᠤᠪᠢᠶᠠᠷᠢ ᠲᠤᠪᠴᠢᠶᠠᠨ ᠤ ᠲᠤᠯᠢ ᠭᠠᠴᠠᠭᠠᠨ ᠳᠠᠬᠢ ᠴᠠᠬᠢᠯᠭᠠᠨ ᠬᠠᠩᠭᠠᠬᠤ ᠦᠷᠲᠡᠭᠡᠨ ᠤ ᠠᠵᠢᠯᠳᠠᠳ ᠡᠳᠡᠨᠡᠶᠢᠬᠢᠨ ᠳᠤ ᠢᠷᠡᠵᠦ ᠰᠢᠨ᠎ᠡ ᠬᠡᠯᠪᠡᠷᠢ ᠶᠢᠨ ᠦᠨᠳᠤᠷ ᠴᠢᠳᠠᠮᠵᠢᠳᠤ ᠴᠠᠬᠢᠯᠭᠠᠨ ᠣᠳᠠᠰᠤ ᠰᠤᠯᠢᠵᠦ  ᠣᠭᠰᠠᠷᠠᠯ᠎ᠠ᠃      ᠮᠠᠯᠴᠢᠨ ᠪᠠᠭᠠᠳᠤᠷ᠄ ︽ᠣᠣᠯ ᠨᠢ ᠮᠠᠨᠤᠰ ᠭᠠᠵᠠᠷ ᠲᠠᠷᠢᠶ᠎ᠠ ᠪᠠᠨ ᠣᠰᠤᠯᠠᠬᠤ ᠪᠤᠶᠤ ᠡᠪᠡᠰᠤ ᠪᠤᠷᠳᠤᠭ᠎ᠠ ᠪᠠᠨ ᠨᠠᠶᠢᠷᠠᠭᠤᠯᠬᠤ ᠳᠤ ᠬᠦᠷᠪᠡᠯ ᠴᠠᠢ ᠪᠤᠳᠠᠭ᠎ᠠ ᠴᠢᠨᠠᠵᠦ ᠲᠡᠶᠢᠯᠬᠦ ᠦᠭᠡᠢ ᠪᠠᠶᠢᠭᠰᠠᠨ᠂ ᠡᠨᠡ ᠵᠢᠯ ᠨᠠᠳᠠ ᠳᠤ ᠰᠢᠨ᠎ᠡ ᠣᠳᠠᠰᠤ ᠲᠠᠳᠠᠭᠠᠳ ᠦᠭᠬᠦᠴᠢᠬᠡᠭᠰᠡᠨ ᠴᠢᠨᠢ ᠴᠤᠬᠤᠮ ᠰᠠᠶᠢᠨ ᠪᠠᠶᠢᠨ᠎ᠠ᠂ ᠬᠠᠮᠢᠭ᠎ᠠ ᠴᠤ ᠬᠡᠷᠡᠭᠯᠡᠵᠦ ᠪᠤᠯᠤᠨ᠎ᠠ᠃ ᠡᠨᠡ  ᠨᠢ ᠨᠠᠳᠠ ᠳᠤ ᠲᠤᠩ ᠶᠡᠭᠡ ᠲᠡᠮᠵᠢᠯᠬᠡ ᠪᠤᠯᠤᠭᠰᠠᠨ ᠰᠢᠦ︾ ᠭᠡᠵᠤ ᠪᠠᠶᠠᠷᠲᠠᠢ ᠶᠠᠷᠢᠵᠤ ᠪᠠᠶᠢᠯ᠎ᠠ᠃      ᠮᠠᠯᠵᠢᠬᠤ ᠲᠠᠷᠢᠶᠠᠯᠠᠬᠤ ᠣᠷᠤᠨ ᠤ ᠴᠠᠬᠢᠯᠭᠠᠨ ᠬᠡᠷᠡᠭᠯᠡᠬᠦ ᠣᠨᠴᠠᠯᠢᠭ ᠲᠤ ᠲᠤᠬᠢᠷᠠᠭᠤᠯᠤᠨ ᠮᠠᠨ ᠤ ᠬᠤᠰᠢᠭᠤ ᠠᠶᠢᠯ ᠡᠷᠤᠬᠡ ᠲᠦᠪᠯᠡᠷᠡᠨ ᠰᠠᠭᠤᠷᠢᠰᠢᠭᠰᠠᠨ ᠭᠠᠵᠠᠷ ᠲᠤ ᠴᠢᠳᠠᠮᠵᠢᠳᠤ ᠪᠤᠰᠤ ᠬᠦᠴᠦᠳᠡᠯ ᠨᠥᠬᠦᠪᠦᠷᠢᠯᠡᠬᠦ ᠲᠤᠨᠤᠭ ᠲᠦᠬᠦᠬᠡᠷᠤᠮᠵᠢ ᠶᠢ  ᠣᠭᠰᠠᠷᠠᠬᠤ ᠪᠠᠷ ᠲᠠᠮᠵᠢᠭᠠᠳ ᠮᠠᠯᠴᠢᠨ ᠲᠠᠷᠢᠶᠠᠴᠢᠳ ᠤᠨ ᠴᠠᠬᠢᠯᠭᠠᠨ ᠬᠡᠷᠡᠭᠰᠡᠬᠦ ᠬᠡᠮᠵᠢᠶ᠎ᠠ ᠨᠢ ᠨᠢᠭᠡ ᠯᠡ ᠬᠤᠭᠤᠴᠠᠭᠠᠨ ᠳᠤ ᠲᠥᠪᠯᠡᠷᠡᠭᠰᠡᠨ ᠠᠴᠠ ᠪᠤᠯᠤᠭᠰᠠᠨ ᠴᠠᠬᠢᠯᠭᠠᠨ ᠬᠦᠴᠦᠳᠡᠯ ᠬᠦᠷᠦᠯᠴᠡᠬᠦ ᠦᠭᠡᠢ ᠪᠠᠶᠢᠳᠠᠯ  ᠶᠢ ᠲᠡᠩᠴᠡᠬᠦᠷᠢᠰᠢᠬᠦᠯᠵᠦ ᠪᠤᠢ᠃      ᠦᠤᠰᠢᠨ ᠬᠤᠰᠢᠭᠤᠨ ᠤ ᠴᠠᠬᠢᠯᠭᠠᠨ ᠦᠢᠯᠡᠰ ᠤᠨ ᠬᠤᠪᠢᠶᠠᠷᠢ ᠲᠤᠪᠴᠢᠶᠠᠨ ᠤ ᠲᠤᠯᠢ ᠭᠠᠴᠠᠭᠠᠨ ᠳᠠᠬᠢ ᠴᠠᠬᠢᠯᠭᠠᠨ ᠬᠠᠩᠭᠠᠬᠤ ᠦᠷᠲᠡᠭᠡᠨ ᠤ ᠠᠵᠢᠯᠳᠠᠨ ᠾᠧ ᠽᠢ ᠲᠤᠸᠠᠨ᠄ ︽ᠡᠨᠡ ᠤᠳᠠᠭ᠎ᠠ ᠭᠤᠤᠯᠳᠠᠭᠤ ᠠᠶᠢᠯ ᠤᠳ  ᠤᠨ ᠴᠠᠬᠢᠯᠭᠠᠨ ᠬᠤᠪᠢᠰᠬᠠᠭᠤᠷ ᠪᠠᠭᠠᠳᠠᠭᠰᠠᠨ᠂ ᠴᠠᠬᠢᠯᠭᠠᠨ ᠣᠳᠠᠰᠤ ᠬᠠᠭᠤᠴᠢᠷᠠᠭᠰᠠᠨ ᠢ ᠰᠢᠨ᠎ᠡ ᠪᠠᠷ ᠰᠤᠯᠢᠵᠦ᠂ ᠬᠤᠯᠠ ᠪᠠᠶᠢᠭ᠎ᠠ ᠳᠤ ᠨᠢ ᠦᠨᠳᠤᠷ ᠬᠦᠴᠦᠳᠡᠯᠳᠤ ᠴᠠᠬᠢᠯᠭᠠᠨ ᠢ ᠨᠡᠪᠳᠡᠷᠡᠬᠦᠯᠵᠦ ᠪᠠᠶᠢᠨ᠎ᠠ᠂ ᠰᠤᠮᠤ ᠭᠠᠴᠠᠭ᠎ᠠ ᠴᠠᠬᠢᠯᠭᠠᠨ ᠬᠠᠩᠭᠠᠬᠤ ᠦᠷᠳᠡᠭᠡᠨ ᠠᠴᠠ ᠪᠤᠳᠠᠳᠠᠢ ᠪᠠᠶᠢᠳᠠᠯ ᠢ ᠦᠨᠳᠤᠰᠤᠯᠡᠵᠦ ᠣᠷᠢᠳᠴᠢᠯᠠᠨ ᠲᠥᠯᠦᠪᠯᠡᠭᠡ ᠭᠠᠷᠭᠠᠵᠦ ᠪᠠᠶᠢᠨ᠎ᠠ︾ ᠭᠡᠵᠤ ᠶᠠᠷᠢᠯ᠎ᠠ᠃      ᠡᠨᠡ ᠵᠢᠯ ᠮᠠᠨ ᠤ ᠬᠤᠰᠢᠭᠤ ᠨᠡᠶᠢᠳᠡ 2.2 ᠳ᠋ᠥᠩᠰᠢᠭᠤᠷ ᠲᠥᠬᠦᠷᠢᠭ ᠤᠨ ᠪᠡᠯᠡ ᠮᠥᠩᠬᠦ ᠵᠠᠷᠤᠴᠠᠭᠤᠯᠤᠨ ᠡᠯ᠎ᠡ ᠬᠤᠰᠢᠭᠤ ᠲᠤᠭᠤᠷᠢᠭ ᠤᠨ ᠪᠦᠢᠳᠡ ᠪᠦᠭᠯᠡᠬᠦᠤ ᠭᠠᠵᠠᠷ ᠣᠷᠤᠨ ᠤ ᠲᠠᠷᠢᠶᠠᠯᠠᠩ ᠤᠨ ᠴᠠᠬᠢᠯᠭᠠᠨ ᠲᠤᠤᠷ ᠢ ᠲᠦᠬᠦᠷᠵᠢᠬᠦᠯᠬᠦ ᠢᠨᠵᠧᠨᠧᠷᠢᠩ᠂ ᠦᠬᠡᠷᠡᠴᠢᠯᠡᠨ ᠰᠢᠨᠡᠳᠬᠡᠬᠦ ᠢᠨᠵᠧᠨᠧᠷᠢᠩ᠂ ᠮᠠᠰᠢᠨ ᠬᠤᠳᠳᠤᠭ ᠲᠤ ᠴᠠᠬᠢᠯᠭᠠᠨ ᠨᠡᠪᠳᠡᠷᠡᠬᠦᠯᠬᠦ ᠢᠨᠵᠧᠨᠧᠷᠢᠩ ᠵᠡᠷᠭᠡ 10 ᠲᠦᠷᠦᠯ ᠤᠨ ᠢᠨᠵᠧᠨᠧᠷᠢᠩ ᠢ ᠡᠷᠴᠢᠮᠳᠠᠢ ᠶᠠᠪᠤᠭᠳᠠᠭᠤᠯᠵᠦ᠂ ᠣᠷᠢᠳᠴᠢᠯᠡᠨ ᠲᠦᠰᠦᠪᠯᠡᠭᠰᠡᠨ ᠬᠠᠮᠤᠷᠬᠤ ᠬᠡᠪᠴᠢᠶ᠎ᠠ ᠨᠢ 500 ᠺᠢᠯᠤᠮᠧᠲᠷ ᠲᠤ ᠬᠦᠷᠴᠠᠢ᠃ ᠡᠬᠦᠨ ᠤ ᠬᠠᠮᠳᠤ ᠰᠡᠯᠪᠢᠨ ᠵᠠᠰᠠᠬᠤ ᠪᠠ ᠮᠡᠷᠬᠡᠵᠢᠯ ᠤᠨ ᠰᠢᠨᠡᠴᠢᠯᠡᠯᠳᠡ ᠬᠢᠬᠦ ᠶᠢ ᠣᠷᠭᠠᠨᠢᠭ ᠢᠶᠠᠷ ᠣᠶᠠᠯᠳᠤᠭᠤᠯᠤᠨ ᠲᠠᠷᠢᠶᠠᠯᠠᠩ ᠤᠨ ᠴᠠᠬᠢᠯᠭᠠᠨ ᠲᠤᠤᠷ  ᠤᠨ ᠪᠦᠲᠦᠬᠡᠨ ᠪᠠᠶᠢᠭᠤᠯᠤᠯᠳᠠ ᠶᠢᠨ ᠲᠡᠰ ᠲᠠᠪᠰᠢᠯᠳᠠ ᠶᠢ ᠲᠦᠷᠭᠡᠳᠬᠡᠵᠦ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠲᠤ ᠲᠤᠭᠳᠠᠪᠦᠷᠢᠳᠠᠢ ᠪᠠᠲᠤᠯᠠᠭᠠᠲᠤ ᠴᠠᠬᠢᠯᠭᠠᠨ ᠢ ᠬᠠᠩᠭᠠᠵᠦ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号