ᠤᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ | ᠬᠤᠶᠠᠳᠤᠭᠠᠷ ᠤᠳᠠᠭᠠᠨ ᠤ ᠬᠤᠷᠠᠯ ᠵᠢᠴᠢ ᠰᠢᠶᠠᠨ ᠤ ᠲᠠᠰ ᠤᠨ ᠤᠳᠤᠷᠢᠳᠤᠯᠭ᠎ᠠ ᠨᠠᠷ ᠤᠨ ᠲᠥᠪᠯᠡᠷᠡᠭᠦᠯᠦᠨ | ᠰᠤᠷᠤᠯᠴᠠᠬᠤ ᠬᠤᠷᠠᠯ ᠬᠤᠰᠢᠭᠤ ᠵᠠᠰᠠᠭ ᠵᠠᠬᠢᠷᠭᠠᠨ ᠤ ᠥᠢᠯᠡᠴᠢᠯᠡᠭᠡᠨ ᠤ ᠲᠥᠪ ᠲᠤ ᠬᠤᠷᠠᠯᠳᠤᠪᠠ᠃ ᠬᠤᠰᠢᠭᠤ | ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ | ᠲᠠᠷᠢᠭᠦᠯᠡᠭᠴᠢ ᠬᠤᠤ ᠸᠧᠶ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ | ᠶᠢᠨ ᠬᠤᠷᠢᠶᠠᠨ ᠤ ᠱᠦᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠡ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ | ᠵᠤᠤ ᠶᠦᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ | ᠵᠦᠩ ᠯᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠠᠯᠲᠠᠨᠲᠤᠶᠠᠭ᠎ᠠ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠬᠤᠸᠠᠩ ᠳ᠋ᠠᠨ | ᠵᠢᠴᠢ ᠭᠡᠷ ᠲᠡᠭᠡᠨ ᠪᠠᠶᠢᠭ᠎ᠠ ᠰᠢᠶᠠᠨ ᠤ ᠲᠠᠰ ᠤᠨ ᠪᠥᠭᠦ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃ | ᠬᠤᠷᠠᠯ ᠠᠴᠠ᠂ ︽ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢ ᠬᠢᠨᠠᠨ ᠰᠢᠯᠭᠠᠬᠤ ᠠᠵᠢᠯ ᠢ ᠰᠢᠯᠢᠳᠡᠭᠵᠢᠭᠦᠯᠦᠨ ᠰᠠᠶᠢᠵᠢᠷᠠᠭᠤᠯᠬᠤ ᠲᠤᠬᠠᠶ | ᠲᠥᠪ ᠤᠨ ︿ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠤᠯ | ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ | ︽ᠥᠥᠰᠢᠨ ᠬᠤᠰᠢᠭᠤᠨ ᠤ ᠨᠠᠮ ᠤᠨ ᠬᠤᠷᠢᠶ᠎ᠠ ᠶᠢᠨ ︿ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠤᠯ ᠰᠡᠳᠦᠪᠲᠦ ᠬᠥᠮᠦᠵᠢᠯ ᠤᠨ ᠲᠤᠰᠬᠠᠶ ᠲᠥᠷᠥᠯ ᠤᠨ ᠴᠡᠭᠴᠡᠯᠡᠨ | ᠰᠠᠶᠢᠵᠢᠷᠠᠭᠤᠯᠬᠤ ᠲᠥᠰᠦᠯ︾ ᠢ ᠬᠢᠨᠠᠨ ᠵᠥᠪᠯᠡᠪᠡ᠃ ᠠᠷᠠᠳᠴᠢᠯᠠᠯ ᠤᠨ ᠲᠠᠨᠢᠯᠴᠠᠭᠤᠯᠭ᠎ᠠ ᠶᠢᠨ ᠬᠦᠰᠦᠨᠦᠭᠲᠦ | ᠲᠠᠭᠯᠠᠬᠤ ᠬᠡᠯᠪᠡᠷᠢ ᠪᠠᠷ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠭᠤᠷᠪᠠᠳᠤᠭᠠᠷ | ᠲᠡᠰ ᠤᠨ ᠪᠠᠶᠢᠴᠠᠭᠠᠨ ᠰᠤᠳᠤᠯᠤᠭᠴᠢ ᠶᠢ ᠳᠡᠪᠰᠢᠭᠦᠯᠬᠦ ᠠᠩᠬ᠎ᠠ ᠠᠯᠬᠤᠮ ᠤᠨ ᠰᠠᠨᠠᠭᠤᠯᠭ᠎ᠠ ᠶᠢᠨ 10 ᠬᠥᠮᠦᠨ ᠢ | ᠲᠠᠨᠢᠯᠴᠠᠭᠤᠯᠵᠠᠶ᠃ | ᠬᠤᠷᠠᠯ ᠳᠡᠭᠡᠷ᠎ᠡ᠂ ᠡᠷᠳᠡᠨᠢᠪᠢᠯᠢᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠱᠦᠵᠢ ᠱᠢ ᠲᠠᠢ ᠹᠧᠩ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ | ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠣ ᠴᠦᠨ ᠤ ᠮᠠᠨ ᠤ | ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠪᠠ᠃ | ᠡᠭᠦᠨ ᠤ ᠬᠠᠮᠲᠤ ᠨᠠᠮ ᠤᠨ ᠪᠠᠶᠢᠭᠤᠯᠤᠯᠲᠠ᠂ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ᠂ ᠭᠤᠤᠯ | ᠰᠡᠳᠦᠪᠲᠦ ᠬᠥᠮᠦᠵᠢᠯ᠂ ᠪᠣᠳᠠᠲᠤ ᠥᠷ᠎ᠠ ᠪᠥᠳᠥᠮᠵᠢ ᠶᠢ ᠬᠢᠨᠠᠨ ᠰᠢᠯᠭᠠᠬᠤ ᠠᠵᠢᠯ ᠳᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠵᠡᠶ᠃ |