ᠪᠦᠬᠦ ᠤᠯᠤᠰ ᠤᠨ ᠠᠶᠤᠯᠭᠦᠶ ᠥᠢᠯᠠᠳᠪᠤᠷᠢᠯᠠᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠵᠤ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2019-11-28
     11 ᠰᠠᠷ᠎ᠠ ᠶᠢᠨ 22 ᠤᠨ ᠡᠳᠦᠷ᠂ ᠪᠦᠬᠦ ᠤᠯᠤᠰ ᠤᠨ ᠠᠶᠤᠯᠭᠦᠶ ᠥᠢᠯᠠᠳᠪᠤᠷᠢᠯᠠᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠵᠤ᠂ ᠮᠠᠨ ᠤ ᠬᠤᠰᠢᠭᠤ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯ ᠳᠤ ᠤᠷᠤᠯᠴᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠥᠩ ᠯᠢᠨ᠂ ᠬᠤᠰᠢᠭᠤ ᠤᠳᠤᠷᠢᠳᠤᠯᠭ᠎ᠠ ᠭᠤᠤ ᠬᠤ᠋᠂ ᠵᠸᠤ ᠱᠤᠸᠠᠢ ᠪᠤᠯᠤᠨ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ᠂ ᠨᠠᠷᠢᠠᠭᠤᠤᠯ ᠠᠵᠤ ᠥᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠭᠤᠤᠯ ᠬᠠᠷᠢᠭᠤᠴᠠᠯᠭᠠᠲᠠᠨ ᠵᠢᠴᠢ ᠡᠯ᠎ᠡ ᠰᠤᠮᠤ ᠪᠠᠯᠭᠠᠰᠤᠨ ᠤ ᠳᠠᠷᠤᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ ᠨᠠᠮ ᠤᠨ ᠲᠥᠪ ᠬᠤᠷᠢᠶᠠᠨ ᠤ ᠤᠯᠤᠰ ᠲᠥᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠤᠨ ᠠᠶᠤᠯᠭᠦᠶ ᠥᠢᠯᠠᠳᠪᠤᠷᠢᠯᠠᠯ ᠤᠨ ᠠᠵᠢᠯ ᠤᠨ ᠲᠤᠬᠠᠶ ᠴᠤᠬᠤᠯᠠᠪᠤᠷᠢ ᠶᠢ ᠤᠯᠠᠮᠵᠢᠯᠠᠨ ᠣᠳᠣᠬᠠᠨ ᠤ ᠠᠶᠤᠯᠭᠦᠶ ᠥᠢᠯᠠᠳᠪᠤᠷᠢᠯᠠᠯ  ᠤᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠵᠤ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠥᠢᠯᠠᠳᠪᠤᠷᠢᠯᠠᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠲᠥᠷᠤᠯ ᠤᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠪᠦᠬᠦ ᠤᠯᠤᠰ ᠤᠨ ᠠᠶᠤᠯᠭᠦᠶ ᠦᠢᠯᠡᠳᠪᠦᠷᠢᠯᠡᠯ ᠤᠨ ᠲᠥᠪᠯᠡᠷᠡᠩᠭᠦᠶ ᠴᠡᠭᠴᠡᠯᠡᠨ ᠵᠠᠰᠠᠯᠲᠠ ᠶᠢ ᠭᠦᠨᠵᠡᠭᠡᠶ ᠥᠷᠨᠢᠭᠦᠯᠭᠦ᠂ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠲᠤᠰᠬᠠᠶ ᠵᠠᠰᠠᠯᠲᠠ ᠶᠢ ᠭᠥᠨᠵᠡᠭᠡᠶᠢᠷᠠᠭᠦᠯᠭᠦ᠂ ᠠᠶᠤᠯᠭᠦᠶ ᠥᠢᠯᠠᠳᠪᠤᠷᠢᠯᠠᠯ ᠢ ᠴᠢᠩᠭᠠᠳᠬᠠᠬᠤ ᠵᠡᠷᠭᠡ ᠠᠵᠢᠯ ᠳᠤ ᠪᠠᠶᠢᠷᠢᠯᠠᠭᠤᠯᠤᠯᠲᠠ ᠬᠢᠵᠡᠶ᠃      ᠸᠢᠳᠢᠣ᠋ ᠬᠤᠷᠠᠯ ᠲᠡᠭᠦᠰᠦᠭᠰᠡᠨ ᠤ ᠳᠠᠷᠠᠭ᠎ᠠ᠂ ᠡᠷᠳᠡᠨᠢᠪᠢᠯᠢᠭ ᠳᠠᠷᠤᠶ ᠲᠥᠷᠭᠡᠨ ᠬᠤᠷᠠᠯ ᠬᠤᠷᠠᠯᠳᠤᠭᠤᠯᠵᠤ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠮᠠᠨ ᠤ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠳᠤ ᠪᠠᠶᠢᠷᠢᠯᠠᠭᠤᠯᠤᠯᠲᠠ ᠬᠢᠵᠡᠶ᠃      ᠡᠷᠳᠡᠨᠢᠪᠢᠯᠢᠭ ᠱᠠᠭᠠᠷᠳᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠶ ᠦᠢᠯᠡᠳᠪᠦᠷᠢᠯᠡᠯ ᠢ ᠴᠢᠩᠭ᠎ᠠ ᠠᠳᠬᠤᠵᠤ ᠤᠯᠤᠰ ᠲᠥᠷᠥ ᠶᠢᠨ ᠤᠬᠠᠮᠰᠠᠷ ᠪᠠ ᠬᠠᠷᠢᠭᠤᠴᠯᠠᠭ᠎ᠠ ᠶᠢᠨ ᠤᠬᠠᠮᠰᠠᠷ ᠢᠶᠠᠨ ᠨᠡᠮᠡᠭᠳᠡᠭᠦᠯᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠪᠠ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠬᠠᠤᠯᠢ ᠴᠠᠭᠠᠵᠠ᠂ ᠵᠠᠰᠠᠭ ᠵᠠᠬᠢᠷᠭ᠎ᠠ᠂ ᠠᠵᠤ ᠠᠬᠤᠢ ᠶᠢᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠠᠵᠤ ᠠᠬᠤᠶᠢᠯᠠᠯ ᠢ ᠱᠠᠭᠠᠷᠳᠠᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠦᠢᠯᠡᠳᠪᠦᠷᠢᠯᠡᠯ ᠡᠵᠡᠩᠨᠡᠯᠲᠡ ᠶᠢᠨ ᠡᠯ᠎ᠡ ᠬᠦᠷᠢᠶ᠎ᠡ ᠴᠠᠷᠠᠭ᠎ᠠ᠂ ᠡᠯ᠎ᠡ ᠭᠤᠭᠴᠤᠭ᠎ᠠ᠂ ᠡᠯ᠎ᠡ ᠠᠵᠢᠯ ᠤᠨ ᠪᠠᠶᠢᠷᠢ ᠳᠤ ᠨᠠᠶᠢᠳᠠᠪᠤᠷᠢᠵᠢᠭᠤᠯᠬᠤ ᠭᠡᠷᠡᠭᠳᠠᠢ ᠭᠡᠵᠡᠢ᠃      ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ ᠠᠳᠬᠤᠬᠤ ᠶᠢᠨ ᠴᠢᠬᠤᠯᠠ ᠴᠢᠨᠠᠷ ᠢ ᠬᠦᠢᠴᠡᠳ ᠲᠠᠨᠢᠵᠤ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ ᠠᠰᠠᠭᠤᠳᠠᠯ ᠤᠨ ᠤᠳᠤᠷᠢᠳᠤᠮᠵᠢ ᠶᠢ ᠪᠠᠷᠢᠮᠲᠠᠯᠠᠵᠤ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠨ ᠬᠡᠷᠡᠭᠯᠡᠵᠦ ᠪᠣᠯᠬᠤ ᠡᠳ᠋ ᠬᠥᠷᠥᠩᠭᠡ ᠶᠢ ᠤᠯᠠᠮ ᠨᠢᠭᠡ ᠠᠯᠬᠤᠮ ᠠᠮᠢᠳᠤᠯᠢᠭ ᠪᠣᠯᠭᠠᠨ ᠪᠥᠬᠦ ᠬᠤᠰᠢᠭᠤᠨ ᠤ ᠵᠠᠰᠠᠭ ᠤᠨ ᠣᠷᠳᠣᠨ ᠤ ᠥᠷᠢ ᠥᠭᠴᠡᠭᠡ ᠶᠢ ᠢᠯᠭᠠᠷᠠᠭᠤᠯᠬᠤ ᠠᠬᠢᠴᠠ ᠶᠢ ᠲᠦᠷᠭᠡᠳᠬᠡᠵᠦ ᠰᠢᠰᠲ᠋ᠧᠮ ᠤᠨ ᠴᠢᠨᠠᠷᠲᠠᠶ᠂ ᠣᠷᠣᠨ ᠪᠦᠰᠡ ᠶᠢᠨ ᠴᠢᠨᠠᠷᠲᠠᠶ ᠮᠥᠩᠭᠦᠨ ᠬᠦᠢᠯᠭᠡᠭᠡᠨ ᠤ ᠲᠦᠭᠰᠢᠭᠦᠷᠢ ᠡᠭᠦᠰᠬᠦ ᠥᠬᠡᠶ ᠪᠠᠶᠢᠬᠤ ᠶᠢ ᠪᠠᠳᠤᠯᠠᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠦᠵᠡᠯ ᠰᠠᠨᠠᠭ᠎ᠠ ᠲᠠᠨᠢᠯᠲᠠ᠂ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠲᠥᠷᠤᠯ ᠤᠨ ᠰᠢᠢᠳᠪᠦᠷᠢᠲᠦ ᠪᠣᠳᠣᠯᠭ᠎ᠠ ᠳᠡᠭᠡᠷ᠎ᠡ ᠦᠨᠡᠨᠬᠦ ᠨᠢᠭᠡᠳᠬᠡᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠭᠢᠭᠦ ᠭᠡᠷᠡᠭᠳᠠᠢ᠃ ᠥᠪᠡᠷᠲᠡᠭᠡᠨ ᠵᠠᠰᠠᠬᠤ ᠣᠷᠣᠨ᠂ ᠬᠤᠲᠠ ᠬᠤᠶᠠᠷ ᠱᠠᠲᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠮᠠᠨ ᠤ ᠬᠤᠰᠢᠭᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠵᠦ ᠬᠤᠯᠤᠭᠠᠨ᠎ᠠ  ᠶᠢᠨ ᠬᠢᠵᠢᠭ ᠡᠭᠦᠰᠬᠦ ᠪᠠ ᠣᠷᠣᠵᠤ ᠢᠷᠡᠬᠦ ᠶᠢ ᠴᠢᠩᠭ᠎ᠠ ᠰᠠᠷᠭᠡᠶᠢᠯᠠᠭᠦ ᠬᠡᠷᠡᠭᠲᠡᠶ᠃ ᠵᠢᠯ ᠤᠨ ᠡᠴᠦᠰ ᠤᠨ ᠡᠯ᠎ᠡ ᠲᠥᠷᠤᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠭᠢᠵᠤ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ ᠪᠦᠬᠦ ᠬᠤᠰᠢᠭᠤᠨ ᠤ ᠠᠷᠠᠳ ᠲᠦᠮᠡᠨ ᠳᠤ ᠬᠠᠨᠤᠮᠵᠢᠳᠠᠢ ᠬᠠᠷᠢᠭᠤᠯᠳᠠ ᠥᠭᠭᠦ ᠬᠡᠷᠡᠭᠲᠡᠶ ᠭᠡᠵᠡᠢ  ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号