ᠮᠠᠨ ᠤ ᠬᠤᠰᠢᠭᠤ ᠨᠠᠨᠵᠢᠩ ᠤᠨ ᠠᠵᠤ ᠥᠢᠯᠡᠳᠪᠤᠷᠢ ᠶᠢᠨ ᠶᠡᠭᠡ ᠰᠤᠷᠭᠠᠭᠤᠯᠢ ᠲᠠᠢ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-11-28
     11 ᠰᠠᠷ᠎ᠠ ᠶᠢᠨ 24  ᠤ ᠡᠳᠦᠷ᠂ ᠮᠠᠨ ᠤ ᠬᠤᠰᠢᠭᠤ ᠨᠠᠨᠵᠢᠩ ᠤᠨ ᠠᠵᠤ ᠥᠢᠯᠡᠳᠪᠤᠷᠢ ᠶᠢᠨ ᠶᠡᠭᠡ ᠰᠤᠷᠭᠠᠭᠤᠯᠢ ᠲᠠᠢ ᠰᠠᠭᠤᠳᠠᠯ ᠤᠨ ᠬᠤᠷᠠᠯ ᠬᠤᠷᠠᠯᠳᠤᠭᠤᠯᠵᠤ ᠨᠠᠨᠵᠢᠩ ᠤᠨ ᠠᠵᠤ ᠥᠢᠯᠠᠳᠪᠤᠷᠢ ᠶᠢᠨ ᠶᠡᠭᠡ ᠰᠤᠷᠭᠠᠭᠤᠯᠢ ᠶᠢᠨ ᠵᠠᠬᠢᠷᠤᠯ ᠴᠢᠶᠣᠤ ᠰᠢᠤᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠧᠶ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ᠂ ᠬᠤᠰᠢᠭᠤ ᠳᠡᠳ᠋ ᠳᠠᠷᠤᠭ᠎ᠠ ᠯᠢᠦ ᠵᠧᠩ ᠬᠤᠷᠠᠯ ᠳᠤ ᠰᠠᠭᠠᠲᠠᠵᠤ ᠨᠠᠨᠵᠢᠩ ᠤᠨ ᠠᠵᠤ ᠥᠢᠯᠡᠳᠪᠤᠷᠢ ᠶᠢᠨ ᠶᠡᠭᠡ ᠰᠤᠷᠭᠠᠭᠤᠯᠢ᠂ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ︵ᠬᠦᠷᠢᠶᠡᠯᠡᠩ ᠲᠣᠭᠤᠷᠢᠭ︶᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠭᠤᠤᠯᠳᠠᠯᠭ᠎ᠠ ᠲᠠᠢ ᠠᠵᠤ ᠠᠬᠤᠶᠢᠯᠠᠯ ᠵᠢᠴᠢ ᠮᠠᠨ ᠤ ᠬᠤᠰᠢᠭᠤᠨ ᠤ ᠬᠡᠰᠡᠭ ᠰᠤᠷᠭᠠᠭᠤᠯᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
     ᠬᠤᠷᠠᠯ ᠳᠡᠭᠡᠷ᠎ᠡ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠵᠢᠴᠢ ᠰᠤᠷᠭᠠᠭᠤᠯᠢ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ᠂ ᠴᠢᠳᠠᠪᠤᠷᠢᠲᠠᠨ ᠢ ᠬᠥᠮᠦᠵᠢᠭᠦᠯᠬᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠵᠡᠷᠭᠡ ᠲᠠᠯ᠎ᠠ ᠶᠢᠨ ᠠᠵᠢᠯ ᠤᠨ ᠲᠤᠬᠠᠶ ᠰᠠᠨᠠᠯ ᠢᠶᠠᠨ ᠰᠤᠯᠢᠯᠴᠠᠬᠤ ᠶᠠᠷᠢᠶ᠎ᠠ ᠲᠠᠯᠪᠢᠪᠠ᠃ ᠬᠤᠷᠠᠯ ᠳᠤ ᠣᠷᠣᠯᠴᠠᠭᠰᠠᠳ ᠤᠨ ᠬᠠᠮᠲᠤ ᠶᠢᠨ ᠭᠡᠷᠡᠴᠢᠯᠡᠭᠡ ᠪᠠᠷ ᠯᠢ ᠵᠦᠩ ᠯᠢᠨ ᠪᠤᠯᠤᠨ ᠨᠠᠨᠵᠢᠩ ᠤᠨ ᠠᠵᠤ ᠥᠢᠯᠡᠳᠪᠤᠷᠢ ᠶᠢᠨ ᠶᠡᠭᠡ ᠰᠤᠷᠭᠠᠭᠤᠯᠢ ᠶᠢᠨ ᠵᠠᠬᠢᠷᠤᠯ  ᠤᠨ ᠠᠯᠪᠠᠨ ᠭᠡᠷ ᠤᠨ ᠡᠷᠬᠢᠯᠡᠭᠴᠢ ᠲᠦᠩ ᠮᠤᠤ ᠳ᠋ᠢ ᠲᠣᠰ ᠲᠣᠰ ᠬᠤᠶᠠᠷ ᠲᠠᠯ᠎ᠠ ᠶᠢ ᠲᠥᠯᠥᠭᠡᠯᠡᠨ ︽ᠰᠤᠷᠭᠠᠭᠤᠯᠢ ᠪᠠ ᠣᠷᠣᠨ ᠨᠤᠲᠤᠭ ᠤᠨ ᠪᠠᠶᠢᠯᠳᠤᠬᠤ ᠪᠣᠳᠣᠯᠭ᠎ᠠ ᠶᠢᠨ ᠬᠠᠮᠳᠤᠷᠠᠨ ᠠᠵᠢᠯᠯᠠᠬᠤ ᠪᠤᠷᠤ ᠲᠥᠯᠥᠪ ᠤᠨ ᠭᠡᠯᠡᠯᠴᠡᠭᠡᠷ︾ ᠲᠤᠭᠳᠠᠭᠰᠠᠨ ᠪᠠᠶᠢᠨ᠎ᠠ᠃
     ᠵᠤᠤ ᠹᠧᠶ ᠯᠦ᠂ ᠨᠠᠨᠵᠢᠩ ᠤᠨ ᠠᠵᠤ ᠥᠢᠯᠡᠳᠪᠤᠷᠢ ᠶᠢᠨ ᠶᠡᠭᠡ ᠰᠤᠷᠭᠠᠭᠤᠯᠢ ᠶᠢᠨ ᠰᠢᠨᠵᠢᠯᠠᠨ ᠪᠠᠶᠢᠴᠠᠭᠠᠯᠳᠠ  ᠶᠢᠨ ᠪᠦᠯᠬᠦᠮ ᠤᠨ ᠮᠠᠨ ᠤ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠯᠳᠠ ᠬᠢᠭᠰᠡᠨ ᠳᠤ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠵᠤᠤ ᠹᠧᠶ ᠯᠦ ᠵᠢᠭᠠᠵᠤ ᠭᠠᠷᠭᠠᠭᠰᠠᠨ ᠨᠢ᠂ ᠥᠥᠰᠢᠨ ᠬᠤᠰᠢᠭᠤᠨ ᠤ ᠬᠥᠭᠵᠢᠯᠲᠡ ᠶᠢᠨ ᠳᠠᠯᠳᠠ ᠬᠦᠴᠦᠨ ᠶᠡᠭᠡ᠂ ᠥᠷᠭᠡᠨ ᠳᠡᠯᠭᠡᠷ ᠬᠠᠮᠳᠤᠷᠠᠨ ᠠᠵᠢᠯᠯᠠᠬᠤ ᠣᠷᠣᠨ ᠵᠠᠶ ᠲᠠᠢ ᠪᠠᠶᠢᠭ᠎ᠠ ᠶᠤᠮ᠂ ᠪᠠᠶᠢᠯᠳᠤᠬᠤ ᠪᠣᠳᠣᠯᠭ᠎ᠠ ᠶᠢᠨ ᠬᠠᠮᠳᠤᠷᠠᠨ ᠠᠵᠢᠯᠯᠠᠬᠤ ᠪᠠᠷ ᠳᠠᠮᠵᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ᠂ ᠴᠢᠳᠠᠪᠤᠷᠢᠲᠠᠨ ᠢ ᠬᠥᠮᠦᠵᠢᠭᠦᠯᠬᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠵᠡᠷᠭᠡ ᠲᠠᠯ᠎ᠠ ᠪᠠᠷ ᠭᠥᠨᠵᠡᠭᠡᠢ ᠪᠣᠳᠠᠲᠠᠶ ᠬᠠᠮᠳᠤᠷᠠᠯᠴᠠᠵᠤ ᠮᠠᠨ ᠤ ᠬᠤᠰᠢᠭᠤᠨ ᠤ ᠠᠵᠤ ᠥᠢᠯᠡᠳᠪᠤᠷᠢ ᠶᠢᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠡᠢ᠃
     ᠴᠢᠶᠣᠤ ᠰᠢᠤᠢ ᠵᠢᠭᠠᠵᠤ ᠭᠠᠷᠭᠠᠭᠰᠠᠨ ᠨᠢ᠂ ᠥᠥᠰᠢᠨ ᠬᠤᠰᠢᠭᠤᠨ ᠤ ᠡᠬᠢ ᠪᠠᠶᠠᠯᠢᠭ ᠡᠯᠪᠡᠭ᠂ ᠠᠵᠤ ᠥᠢᠯᠡᠳᠪᠤᠷᠢ ᠶᠢᠨ ᠠᠵᠤ ᠠᠬᠤᠶ  ᠬᠦᠭᠵᠢᠵᠤ ᠰᠠᠭᠤᠷᠢ ᠲᠥᠬᠦᠭᠡᠷᠦᠮᠵᠢ ᠪᠦᠷᠢᠨ ᠲᠡᠭᠦᠯᠳᠡᠷ᠂ ᠰᠣᠶᠣᠯ ᠤᠨ ᠠᠭᠤᠯᠬᠤᠨ ᠭᠦᠨ ᠵᠤᠵᠠᠭᠠᠨ᠂ ᠠᠷᠠᠳ ᠤᠨ ᠰᠤᠷᠲᠠᠯ ᠠᠷᠢᠭᠤᠨ ᠴᠢᠬᠡᠴᠢ ᠪᠠᠶᠢᠵᠤ ᠬᠥᠮᠦᠰ ᠲᠤ ᠭᠦᠨ ᠰᠠᠭᠤᠭᠳᠠᠯ ᠦᠯᠡᠳᠡᠭᠡᠵᠡᠶ᠃ ᠨᠠᠨᠵᠢᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠨᠢ ᠬᠢᠮᠢ ᠶᠢᠨ ᠠᠵᠤ  ᠥᠢᠯᠡᠳᠪᠤᠷᠢ᠂ ᠮᠠᠲ᠋ᠧᠷᠢᠶᠠᠯ᠂ ᠣᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠰᠢᠨᠵᠢᠯᠡᠭᠡ ᠰᠤᠳᠤᠯᠭᠠᠨ ᠤ ᠥᠷ᠎ᠠ ᠪᠥᠳᠥᠭᠡᠯ ᠠᠷᠪᠢᠨ ᠪᠠᠶᠢᠵᠤ ᠬᠤᠶᠠᠷ ᠲᠠᠯ᠎ᠠ ᠪᠠᠷ ᠢᠶᠠᠨ ᠬᠠᠮᠲᠤᠷᠠᠨ ᠠᠵᠢᠯᠯᠠᠬᠤ ᠳᠤ ᠰᠠᠷᠠᠭᠤᠯ ᠢᠷᠠᠭᠡᠳᠤᠢ ᠲᠠᠢ ᠪᠠᠶᠢᠨ᠎ᠠ᠃ ᠬᠤᠶᠢᠰᠢᠳᠠ ᠰᠤᠷᠭᠠᠭᠤᠯᠢ ᠪᠠ ᠣᠷᠣᠨ ᠨᠤᠲᠤᠭ ᠤᠨ ᠤᠷᠲᠤ ᠬᠤᠭᠤᠴᠠᠭᠠᠨ ᠤ ᠪᠦᠲᠦᠮᠵᠢᠲᠡᠶ ᠬᠠᠮᠳᠤᠷᠠᠨ ᠠᠵᠢᠯᠯᠠᠬᠤ ᠲᠤᠭᠳᠠᠯᠴᠠᠭ᠎ᠠ ᠶᠢ ᠪᠠᠶᠢᠭᠤᠯᠬᠤ ᠳᠡᠭᠡᠷ᠎ᠡ ᠬᠦᠴᠦ ᠲᠠᠯᠪᠢᠵᠤ  ᠬᠠᠮᠳᠤᠷᠠᠨ ᠠᠵᠢᠯᠯᠠᠬᠤ ᠲᠠᠪᠴᠠᠩ ᠢ ᠪᠠᠶᠢᠭᠤᠯᠤᠨ ᠬᠠᠮᠳᠤᠷᠠᠨ ᠠᠵᠢᠯᠯᠠᠬᠤ ᠶᠢ ᠪᠤᠳᠠᠳᠠᠢ ᠨᠠᠶᠢᠳᠠᠪᠤᠷᠢᠵᠢᠭᠤᠯᠬᠤ ᠶᠢ ᠠᠭᠢᠭᠤᠯᠤᠨ᠎ᠠ ᠭᠡᠵᠡᠢ᠃
     ᠬᠤᠷᠠᠯ ᠠᠴᠠ ᠡᠮᠦᠨ᠎ᠡ᠂ ᠨᠠᠨᠵᠢᠩ ᠤᠨ ᠠᠵᠤ ᠥᠢᠯᠡᠳᠪᠤᠷᠢ ᠶᠢᠨ ᠶᠡᠭᠡ ᠰᠤᠷᠭᠠᠭᠤᠯᠢ ᠶᠢᠨ ᠰᠢᠨᠵᠢᠯᠠᠨ ᠪᠠᠶᠢᠴᠠᠭᠠᠯᠳᠠ ᠶᠢᠨ ᠪᠥᠯᠭᠦᠮ ᠤᠨ ᠬᠢᠨ ᠤᠷᠢᠳ ᠬᠤᠵᠢᠳ ᠮᠠᠨ ᠤ ᠬᠤᠰᠢᠭᠤᠨ ᠤ ᠬᠤᠯᠤᠰᠤ ᠨᠡᠭᠦᠷᠡᠰᠦᠨ ᠠᠭᠤᠷᠬᠠᠶ᠂ ᠵᠦᠩ ᠲᠢᠶᠠᠨ ᠾᠧ ᠴᠤᠸᠠᠩ ᠺᠤᠮᠫᠠᠨᠢ ᠶᠢᠨ ᠨᠡᠭᠦᠷᠡᠰᠦ ᠶᠢ ᠨᠠᠷᠢᠯᠢᠭ ᠪᠤᠯᠪᠠᠰᠤᠷᠠᠭᠤᠯᠬᠤ ᠲᠠᠭᠤᠷᠢᠶᠠᠯ ᠲᠥᠷᠥᠯ ᠵᠥᠢᠯ᠂ ᠵᠥᠩ ᠮᠸᠢ ᠪᠦᠯᠦᠭᠯᠡᠯ ᠤᠨ ᠣᠷᠳᠣᠰ ᠡᠨᠧᠷᠭᠢ ᠬᠢᠮᠢ ᠶᠢᠨ ᠠᠵᠤ ᠥᠢᠯᠡᠳᠪᠤᠷᠢ ᠶᠢᠨ ᠬᠢᠵᠠᠭᠠᠷᠲᠤ ᠺᠣᠮᠫᠠᠨᠢ ᠶᠢᠨ 200 ᠲᠦᠮᠡᠨ ᠲᠣᠨ ᠨᠠᠶᠢᠯᠡᠯᠭᠡ ᠰᠢᠪᠲᠦᠷ 350 ᠲᠦᠮᠡᠨ ᠲᠣᠨ ᠤ ᠰᠢᠭᠡᠰᠦᠯᠢᠭ ᠡᠳ᠋ ᠤᠨ ᠲᠥᠷᠥᠯ ᠵᠥᠢᠯ ᠵᠢᠴᠢ ᠮᠠᠨ ᠤ ᠬᠤᠰᠢᠭᠤᠨ ᠤ ᠥᠨᠳᠤᠷ ᠵᠡᠷᠭᠡ ᠶᠢᠨ ᠳᠤᠮᠳᠠᠳᠤ ᠰᠤᠷᠭᠠᠭᠤᠯᠢ᠂ ᠣᠷᠳᠣᠰ ᠬᠤᠲᠠ ᠶᠢᠨ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠳᠤ ᠬᠦᠷᠴᠤ ᠮᠠᠨ ᠤ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠵᠤ ᠥᠢᠯᠡᠳᠪᠤᠷᠢ ᠤᠨ ᠠᠵᠤ ᠠᠬᠤᠶᠢᠯᠠᠯ ᠤᠨ ᠬᠥᠭᠵᠢᠯᠲᠡ ᠶᠢᠨ ᠲᠦᠢᠮᠣ ᠪᠠᠶᠢᠳᠠᠯ᠂ ᠭᠠᠷ ᠤᠷᠠᠯᠠᠯ ᠤᠨ ᠲᠥᠬᠦᠭᠡᠷᠦᠮᠵᠢ ᠶᠢᠨ ᠮᠡᠷᠭᠡᠵᠢᠯ ᠤᠨ ᠲᠦᠪᠰᠢᠨ᠂ ᠴᠢᠳᠠᠪᠤᠷᠢᠲᠠᠨ ᠤ ᠪᠣᠯᠪᠠᠰᠤᠷᠠᠯ᠂ ᠭᠠᠵᠠᠷ ᠣᠷᠣᠨ ᠤ ᠰᠤᠷᠭᠠᠨ ᠭᠥᠮᠤᠵᠢᠯ ᠤᠨ ᠡᠭᠢ ᠪᠠᠶᠠᠯᠢᠭ ᠤᠨ ᠨᠥᠬᠦᠴᠡᠯ ᠵᠡᠷᠭᠡ ᠳᠤ ᠪᠠᠶᠢᠴᠠᠭᠠᠨ ᠰᠤᠳᠤᠯᠤᠯᠲᠠ ᠭᠢᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号