ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠦᠬᠦ ᠤᠯᠤᠰ ᠤᠨ ᠰᠢᠶᠠᠨ ᠤ ᠲᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-11-28
     11 ᠰᠠᠷ᠎ᠠ ᠶᠢᠨ 22 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠭᠠᠯᠠᠭᠤᠲᠤ ᠪᠠᠯᠭᠠᠰᠤᠨ ᠲᠣᠭᠤᠷᠢᠭ ᠲᠤ ᠬᠦᠷᠴᠤ ᠪᠦᠬᠦ ᠤᠯᠤᠰ ᠤᠨ ᠰᠢᠶᠠᠨ ᠤ ᠲᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠡᠰᠡᠭ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ ᠲᠤᠬᠠᠢ ᠶᠢᠨ ᠲᠠᠯᠠᠪᠠᠢ ᠳᠤ ᠠᠯᠪᠠᠯᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠳᠡᠳ᠋ ᠳᠠᠷᠤᠭ᠎ᠠ ᠵᠧᠦ ᠱᠤᠸᠠᠢ ᠪᠠᠷᠠᠳᠠᠨ ᠪᠠᠶᠢᠴᠠᠭᠠᠨ ᠰᠤᠳᠤᠯᠤᠯᠲᠠ ᠬᠢᠪᠡ᠃
     ᠡᠷᠳᠡᠨᠢᠪᠢᠯᠢᠭ ᠨᠠᠷ ᠤᠷᠢᠳ ᠬᠤᠵᠢᠳ ᠭᠠᠯᠠᠭᠤᠲᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠭᠠᠵᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠳᠣᠷᠣᠨᠠᠲᠤ ᠶᠢᠨ ᠭᠡᠷᠡᠯᠲᠦ ᠰᠤᠪᠤᠳ ᠵᠣᠴᠢᠳ ᠤᠨ ᠪᠠᠭᠤᠳᠠᠯ᠂ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ᠂ ᠰᠣᠶᠣᠯ ᠤᠨ ᠪᠦᠲᠦᠭᠡᠯᠲᠡ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠲᠤ ᠬᠦᠷᠴᠦ ᠪᠦᠬᠦ ᠤᠯᠤᠰ ᠤᠨ ᠰᠢᠶᠠᠨ ᠤ ᠲᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠡᠯ᠎ᠡ ᠲᠥᠷᠥᠯ ᠤᠨ ᠠᠵᠢᠯ ᠤᠨ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠦᠵᠡᠭᠰᠡᠨ ᠪᠠᠶᠢᠨ᠎ᠠ᠃      ᠭᠠᠯᠠᠭᠤᠲᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠭᠠᠵᠠᠷ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠡᠷᠳᠡᠨᠢᠪᠢᠯᠢᠭ ᠨᠠᠷ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠬᠠᠮᠢᠶᠠᠷᠤᠯᠲᠠ ᠶᠢᠨ ᠳᠦᠷᠢᠮ᠂ ᠰᠠᠶᠢᠨ ᠳᠤᠷ᠎ᠠ ᠶᠢᠨ ᠦᠢᠯᠡᠴᠢᠯᠡᠭᠡᠨ ᠤ ᠣᠨᠴᠠᠯᠢᠭᠲᠤ ᠠᠩᠭᠢ ᠵᠢᠴᠢ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠵᠡᠷᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠡᠷᠳᠡᠨᠢᠪᠢᠯᠢᠭ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠭᠠᠵᠠᠷ ᠤᠨ ᠪᠦᠲᠦᠭᠡᠨ ᠪᠠᠶᠢᠭᠤᠯᠤᠯᠲᠠ ᠳᠤ ᠨᠤᠲᠠᠯᠠᠯᠲᠠ ᠦᠭᠬᠦ ᠶᠢᠨ ᠬᠠᠮᠲᠤ ᠵᠢᠭᠠᠵᠤ ᠭᠠᠷᠭᠠᠬᠤ ᠳᠠᠭᠠᠨ᠂ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠭᠠᠵᠠᠷ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠣᠯᠠᠨ ᠲᠦᠮᠡᠨ ᠤ ᠶᠣᠰᠣ ᠰᠤᠷᠲᠠᠬᠤᠨ ᠤ ᠬᠡᠪ ᠪᠣᠯᠪᠠᠰᠤᠷᠠᠯ ᠢ ᠳᠡᠭᠡᠭᠰᠢᠯᠡᠬᠦᠯᠦᠨ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠬᠦᠴᠦᠲᠡᠶ ᠠᠷᠭ᠎ᠠ ᠬᠡᠮᠵᠢᠶ᠎ᠡ ᠪᠣᠯᠤᠨ᠎ᠠ᠂ ᠣᠳᠣ ᠶᠢᠨ ᠪᠠᠶᠢᠭ᠎ᠠ ᠲᠠᠯᠠᠪᠤᠷ ᠢ ᠠᠰᠢᠭᠯᠠᠨ ᠡᠯ᠎ᠡ ᠲᠥᠷᠥᠯ ᠤᠨ ᠡᠬᠢ ᠪᠠᠶᠠᠯᠢᠭ ᠢ ᠨᠡᠶᠢᠳᠬᠡᠵᠦ ᠠᠵᠢᠯᠯᠠᠭᠠᠨ ᠤ ᠬᠡᠯᠪᠡᠷᠢ ᠶᠢᠨ ᠰᠢᠨ᠎ᠡ ᠶᠢ ᠡᠬᠦᠳᠦᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠬᠢᠵᠦ ᠣᠨᠴᠠᠯᠢᠭ ᠲᠠᠢ᠂ ᠳᠡᠯᠭᠡᠷᠡᠭᠦᠯᠵᠦ ᠪᠣᠯᠬᠤ ᠲᠥᠷᠥᠯ ᠲᠡᠮᠳᠡᠭ ᠢ ᠪᠦᠷᠢᠯᠳᠦᠬᠦᠯᠦᠨ ᠣᠯᠠᠨ ᠲᠦᠮᠡᠨ ᠢ ᠤᠬᠠᠭᠤᠯᠬᠤ᠂ ᠣᠯᠠᠨ ᠲᠦᠮᠡᠨ ᠢ ᠬᠥᠮᠦᠵᠢᠭᠦᠯᠬᠦ᠂ ᠣᠯᠠᠨ ᠲᠦᠮᠡᠨ ᠢ ᠬᠠᠯᠠᠮᠵᠢᠯᠠᠬᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠦᠨᠡᠨ ᠬᠦ ᠨᠡᠪᠲᠡᠷᠡᠭᠦᠯᠬᠦ ᠬᠡᠷᠡᠭᠲᠡᠶ ᠭᠡᠪᠡ᠃
     ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠡᠷᠳᠡᠨᠢᠪᠢᠯᠢᠭ ᠨᠠᠷ ᠠᠷᠠᠳ ᠲᠤ ᠳᠥᠭᠦᠮ ᠦᠵᠡᠭᠦᠯᠬᠦ ᠦᠶᠯᠡᠴᠢᠯᠡᠭᠡᠨ ᠤ ᠬᠠᠯᠠᠮᠰᠢᠯ ᠤᠲᠠᠰᠤ᠂ ᠰᠠᠶᠢᠨ ᠳᠤᠷ᠎ᠠ ᠶᠢᠨ ᠦᠶᠯᠡᠴᠢᠯᠡᠭᠡᠨ ᠤ ᠲᠠᠪᠴᠠᠩ᠂ ᠭᠠᠯ ᠤᠨᠲᠠᠷᠠᠭᠠᠬᠤ ᠲᠥᠬᠦᠭᠡᠷᠦᠮᠵᠢ᠂ ᠰᠢᠯᠢᠳᠡᠭ ᠨᠠᠮ ᠤᠨ ᠭᠡᠰᠢᠭᠦᠨ ᠤ ᠦᠶᠯᠡᠴᠢᠯᠡᠭᠡᠨ ᠤ ᠲᠠᠪᠴᠠᠩ ᠢ ᠪᠠᠶᠢᠴᠠᠭᠠᠨ ᠦᠵᠡᠪᠡ᠃ ᠡᠷᠳᠡᠨᠢᠪᠢᠯᠢᠭ ᠵᠢᠭᠠᠬᠤ ᠳᠠᠭᠠᠨ᠂ ︽7581234︾ ᠠᠷᠠᠳ ᠲᠤ ᠳᠥᠭᠦᠮ ᠦᠵᠡᠭᠦᠯᠬᠦ ᠦᠶᠯᠡᠴᠢᠯᠡᠭᠡᠨ ᠤ ᠬᠠᠯᠠᠮᠰᠢᠯ ᠤᠲᠠᠰᠤ ᠨᠢ ᠠᠵᠢᠯ ᠤᠨ ᠶᠠᠰᠤ ᠴᠢᠨᠠᠷ ᠪᠣᠯᠤᠨ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠬᠤᠲᠠ ᠶᠢᠨ ᠠᠷᠠᠳ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠰᠢᠢᠳᠪᠦᠷᠢᠯᠡᠬᠦ ᠨᠢ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠯᠤᠭᠤᠳᠬᠠᠬᠤ᠂ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ᠂ ᠵᠠᠰᠠᠭ ᠤᠨ ᠣᠷᠳᠣᠨ ᠤ ᠳᠦᠷᠢ ᠲᠥᠷᠬᠦ ᠪᠣᠯᠤᠨ ᠣᠯᠠᠨ ᠨᠡᠶᠢᠲᠡ ᠶᠢᠨ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠳᠤ ᠮᠠᠰᠢ ᠴᠢᠬᠤᠯᠠ ᠪᠠᠶᠢᠳᠠᠭ᠂ ᠡᠭᠦᠨ ᠤ ᠬᠠᠮᠲᠤ ᠪᠦᠬᠦ ᠤᠯᠤᠰ ᠤᠨ ᠰᠢᠶᠠᠨ ᠤ ᠲᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠴᠤ ᠢᠳᠡᠪᠬᠢᠲᠡᠢ ᠬᠠᠪᠰᠤᠷᠬᠤ ᠦᠶᠯᠡᠳᠦᠯ  ᠲᠠᠢ ᠶᠤᠮ ᠭᠡᠵᠡᠢ᠃      ᠳᠣᠷᠣᠨᠠᠲᠤ ᠶᠢᠨ ᠭᠡᠷᠡᠯᠲᠦ ᠰᠤᠪᠤᠳ ᠵᠣᠴᠢᠳ ᠤᠨ ᠪᠠᠭᠤᠳᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠡᠷᠳᠡᠨᠢᠪᠢᠯᠢᠭ ᠵᠣᠴᠢᠳ ᠤᠨ ᠪᠠᠭᠤᠳᠠᠯ ᠤᠨ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠬᠦᠨᠵᠡᠭᠡᠶᠢᠷᠡᠬᠦᠯᠬᠦ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠤᠨ ᠣᠯᠠᠨ ᠨᠡᠶᠢᠲᠡ ᠶᠢᠨ ᠣᠷᠴᠢᠨ ᠲᠣᠭᠤᠷᠢᠨ᠂ ᠦᠶᠯᠡᠴᠢᠯᠡᠭᠡ᠂ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠪᠣᠯᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯ ᠢ ᠰᠠᠶᠢᠲᠤᠷ ᠬᠢᠵᠦ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠲᠠ ᠶᠢᠨ ᠠᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃
     ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ᠂ ᠰᠣᠶᠣᠯ ᠤᠨ ᠪᠦᠲᠦᠭᠡᠯᠲᠡ ᠠᠵᠤ ᠦᠢᠯᠡᠰ ᠤᠨ ᠬᠦᠷᠢᠶᠡᠯᠡᠩ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠡᠷᠳᠡᠨᠢᠪᠢᠯᠢᠭ ᠴᠢᠬᠤᠯᠠᠴᠢᠯᠠᠭᠰᠠᠨ ᠨᠢ᠂ ᠪᠥᠬᠦ ᠤᠯᠤᠰ ᠤᠨ ᠰᠢᠶᠠᠨ ᠤ ᠲᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠣᠯ ᠮᠠᠨ ᠤ ᠬᠤᠰᠢᠭᠤᠨ ᠤ ᠣᠳᠣᠬᠠᠨ ᠤ ᠠᠵᠢᠯ ᠤᠨ ᠭᠤᠣᠯᠳᠠᠯᠭ᠎ᠠ ᠮᠥᠨ᠂ ᠰᠠᠭᠤᠭᠠᠯᠢ ᠠᠷᠠᠳ ᠪᠣᠯᠤᠨ ᠰᠤᠷᠤᠭᠴᠢ ᠪᠦᠬᠦᠨ ᠲᠠᠢ ᠨᠢᠭᠲᠠ ᠬᠤᠯᠪᠣᠭ᠎ᠠ ᠲᠠᠢ ᠶᠤᠮ᠂ ᠰᠤᠷᠭᠠᠭᠤᠯᠢ ᠨᠢ ᠡᠷᠬᠡᠪᠰᠢ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠲᠠ ᠶᠢᠨ ᠠᠵᠢᠯ ᠢ ᠴᠢᠬᠤᠯᠠᠴᠢᠯᠠᠨ ᠠᠳᠬᠤᠵᠤ ᠥᠷᠭᠡᠨ ᠣᠯᠠᠨ ᠰᠤᠷᠤᠭᠴᠢ ᠭᠡᠷ ᠤᠨ ᠠᠬᠠᠮᠠᠳ ᠢ ᠳᠠᠶᠢᠴᠢᠯᠠᠬᠤ ᠬᠡᠷᠡᠭᠲᠡᠶ᠃ ᠪᠠᠰᠠ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠭᠦᠨᠵᠡᠭᠡᠶ ᠤᠬᠠᠭᠤᠯᠵᠤ ᠪᠦᠬᠦ ᠬᠤᠰᠢᠭᠤᠨ  ᠤ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠲᠠ ᠶᠢᠨ ᠠᠵᠢᠯ᠂ ᠪᠣᠯᠪᠠᠰᠤᠨ ᠦᠦᠰᠢᠨ ᠤ ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠶ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号