ᠱᠠᠷᠯᠢᠭ ᠨᠤᠳᠤᠭ ᠤᠨ ᠰᠤᠤᠳᠤ ᠬᠦᠪᠡᠭᠦᠨ ᠤ ᠮᠥᠷ ᠢᠶᠠᠷ
ᠨᠡᠶᠢᠲᠡᠯᠡᠭᠰᠡᠨ ᠴᠠᠭ᠄
2019-11-28
    ᠦᠦᠰᠢᠨ ᠨᠤᠳᠤᠬ ᠲᠤ ᠬᠦᠢᠳᠡᠨ ᠤ ᠡᠷᠴᠢ ᠴᠢᠩᠭᠠᠷᠠᠵᠤ ᠪᠠᠶᠢᠬᠰᠠᠨ 11 ᠰᠠᠷ᠎ᠠ ᠶᠢᠨ 15 ᠤ ᠡᠳᠦᠷ᠃ ᠦᠦᠰᠢᠨ ᠬᠤᠰᠢᠭᠤᠨ ᠤ ᠱᠠᠷᠯᠢᠬ ᠭᠤᠤᠯᠳᠠᠯᠭᠠᠳᠤ ᠪᠠᠭ᠎ᠠ ᠰᠤᠷᠭᠠᠭᠤᠯᠢ ᠶᠢᠨ ᠴᠡᠪᠡᠷ ᠲᠡᠭᠰᠢᠬᠡᠨ ᠬᠦᠷᠢᠶᠡᠨ ᠳᠤ ᠬᠢᠴᠢᠶᠡᠯ ᠤᠨ ᠬᠡᠷ ᠮᠦᠷ ᠮᠦᠷ ᠢᠶᠠᠷ ᠵᠢᠭᠳᠡᠷᠡᠨ᠂ ᠨᠠᠷᠠᠰᠤᠨ ᠮᠤᠳᠤᠳ ᠬᠦᠬᠡᠷᠡᠨ᠂ ᠬᠠᠶᠠ ᠬᠠᠶᠠ ᠬᠡᠦᠬᠡᠳ ᠤᠨ ᠢᠷᠠᠭᠤ ᠲᠤᠳᠤ ᠤᠩᠰᠢᠯᠭ᠎ᠠ ᠶᠢᠨ ᠲᠠᠭᠤᠨ ᠰᠤᠨᠤᠰᠳᠠᠨ᠎ᠠ᠃      ᠦᠦᠰᠢᠨ ᠬᠤᠰᠢᠭᠤᠨ ᠤ ᠰᠦᠯᠳᠡ ᠰᠤᠮᠤᠨ ᠳᠤ ᠪᠠᠶᠢᠷᠢᠯᠠᠭ᠎ᠠ ᠱᠠᠷᠯᠢᠬ ᠭᠤᠤᠯᠳᠠᠯᠭᠠᠳᠤ ᠪᠠᠭ᠎ᠠ ᠰᠤᠷᠭᠠᠭᠤᠯᠢ ᠪᠤᠯ ᠦᠦᠰᠢᠨ ᠨᠤᠳᠤᠬ ᠤᠨ ᠴᠤᠷ ᠤᠨ ᠭᠠᠭᠴᠠ ᠮᠠᠯᠵᠢᠬᠤ ᠤᠷᠤᠨ ᠤ ᠰᠤᠷᠭᠠᠭᠤᠯᠢ ᠪᠤᠯᠤᠨ᠎ᠠ᠃ ᠲᠤᠰ ᠰᠤᠷᠭᠠᠭᠤᠯᠢ ᠶᠢ ᠶᠡᠭᠡ ᠵᠤᠬᠢᠶᠠᠯᠴᠢ ᠬᠡᠰᠢᠭᠪᠡᠳᠤ 1890 ᠤᠨ ᠳᠤ ᠡᠬᠦᠰᠬᠡᠨ ᠪᠠᠶᠢᠭᠤᠯᠵᠤ᠂ ᠬᠢᠴᠢᠶᠡᠯ ᠤᠨ ᠶᠡᠷᠦᠩᠬᠡᠶᠢᠯᠡᠭᠰᠡᠨ ᠴᠢᠨᠠᠷᠳᠠᠢ ᠨᠤᠮ ᠪᠤᠯᠬᠤ ︽ᠬᠦᠶᠦᠬᠡᠨ ᠤᠳᠬ᠎ᠠ ᠶᠢᠨ ᠲᠤᠪᠴᠢᠳᠤ ᠲᠤᠯᠢ︾ ᠶᠢ ᠦᠰᠦᠨ ᠪᠢᠷ ᠢᠶᠠᠷ ᠰᠡᠶᠢᠷᠡᠬᠦᠯᠦᠨ ᠤᠷᠳᠤᠰ ᠤᠨ ᠪᠠᠷᠠᠭᠤᠨ ᠬᠡᠰᠡᠭ ᠤᠨ ᠬᠤᠰᠢᠭᠤᠳ ᠤᠨ ᠰᠤᠷᠭᠠᠭᠤᠯᠢ ᠶᠢᠨ ᠰᠤᠷᠬᠤ ᠪᠢᠴᠢᠭ ᠪᠤᠯᠭᠠᠵᠤ ᠪᠠᠶᠢᠬᠰᠠᠨ ᠢᠷᠠᠭᠤ ᠲᠡᠦᠬᠡ ᠲᠠᠢ᠃ 1918 ᠤᠨ ᠳᠤ ᠲᠤᠬᠳᠠᠪᠤᠷᠢᠵᠢᠬᠰᠠᠨ᠂ ᠲᠦᠷᠢᠮᠵᠢᠭᠰᠡᠨ ᠰᠤᠷᠭᠠᠭᠤᠯᠢ ᠶᠢ ᠱᠠᠷᠯᠢᠬ ᠤᠨ ᠰᠦᠮ᠎ᠠ ᠶᠢᠨ ᠤᠷᠤᠨ ᠲᠡᠭᠡᠷ᠎ᠡ ᠪᠠᠶᠢᠭᠤᠯᠤᠬᠰᠠᠨ ᠢᠶᠠᠨ ᠬᠡᠳᠦᠨᠳᠡ ᠲᠠᠷᠬᠠᠭᠠᠵᠤ ᠬᠡᠳᠦᠨᠳᠡ ᠲᠠᠬᠢᠨ ᠰᠡᠷᠬᠦᠬᠡᠨ ᠪᠠᠶᠢᠭᠤᠯᠤᠭᠠᠳ᠂ 1952 ᠤᠨ ᠳᠤ ᠵᠢᠩᠬᠢᠨᠢ ᠠᠯᠪᠠᠨ ᠤ ᠰᠤᠷᠭᠠᠭᠤᠯᠢ ᠪᠤᠯᠭᠠᠪᠠ᠃ 1985 ᠤᠨ ᠳᠤ᠂ ᠭᠠᠴᠠᠭᠠᠨ ᠤ ᠪᠠᠭ᠎ᠠ ᠰᠤᠷᠭᠠᠭᠤᠯᠢ ᠢ ᠨᠡᠶᠢᠯᠡᠬᠦᠯᠦᠬᠡᠳ ᠱᠠᠷᠯᠢᠬ ᠭᠤᠤᠯᠳᠠᠯᠭᠠᠳᠤ ᠪᠠᠭ᠎ᠠ ᠰᠤᠷᠭᠠᠭᠤᠯᠢ ᠪᠤᠯᠭᠠᠵᠤ ᠪᠠᠶᠢᠭᠤᠯᠪᠠ᠃ ᠮᠦᠨ 2012 ᠤᠨ ᠳᠤ᠂ 400 ᠲᠦᠮᠡᠨ ᠲᠦᠬᠦᠷᠢᠭ ᠤᠨ ᠪᠡᠯᠡ ᠤᠷᠤᠭᠤᠯᠵᠤ ᠲᠤᠰ ᠰᠤᠷᠭᠠᠭᠤᠯᠢ ᠶᠢ ᠰᠢᠨᠡᠳᠬᠡᠨ ᠪᠠᠶᠢᠭᠤᠯᠵᠦ᠂ ᠤᠳᠤ ᠪᠠᠭ᠎ᠠ ᠰᠤᠷᠭᠠᠭᠤᠯᠢ ᠶᠢᠨ 12 ᠠᠩᠬᠢ᠂ ᠬᠡᠦᠬᠡᠳ ᠤᠨ ᠴᠡᠴᠡᠷᠯᠢᠭ ᠤᠨ 7 ᠠᠩᠬᠢ ᠲᠠᠢ ᠪᠠᠶᠢᠵᠤ᠂ ᠨᠡᠶᠢᠳᠡ 381 ᠰᠤᠷᠤᠬᠴᠢ᠂ 91 ᠪᠠᠭᠰᠢ ᠠᠵᠢᠯᠳᠠᠨ ᠲᠠᠢ᠃      ᠴᠡᠪᠡᠷ ᠠᠭᠤᠵᠢᠮ ᠲᠠᠮᠢᠷ ᠤᠨ ᠲᠠᠯᠠᠪᠠᠢ᠂ ᠬᠠᠷ᠎ᠠ ᠦᠩᠬᠡ ᠶᠢᠨ ᠰᠠᠮᠪᠠᠷ᠎ᠠ ᠶᠢᠨ ᠰᠤᠨᠢᠨ ᠵᠡᠷᠬᠡ ᠨᠢ ᠡᠩ ᠤᠨ ᠪᠠᠭ᠎ᠠ ᠰᠤᠷᠭᠠᠭᠤᠯᠢ ᠠᠴᠠ ᠤᠨᠴᠠᠯᠢᠬᠳᠠᠬᠤ ᠵᠦᠢᠯ ᠠᠯᠠᠭ᠎ᠠ ᠪᠤᠯᠪᠠᠴᠤ ᠲᠡᠭᠷᠢ ᠶᠢᠨ ᠦᠩᠬᠡ ᠲᠠᠢ ᠢᠵᠢᠯᠢᠰᠢᠭᠰᠡᠨ ᠬᠦᠬᠡ ᠲᠡᠬᠡᠪᠦᠷ ᠲᠠᠢ᠂ ᠴᠠᠰᠤ ᠴᠠᠭᠠᠨ ᠪᠠᠷᠢᠯᠭ᠎ᠠ ᠨᠢ ᠡᠨᠡ ᠬᠦ ᠰᠤᠮᠤᠨ ᠤ ᠰᠤᠷᠭᠠᠭᠤᠯᠢ ᠳᠤ ᠶᠡᠷᠦ ᠪᠤᠰᠤ ᠶᠢᠨ ᠦᠩᠬᠡ ᠬᠡᠷᠡᠯ ᠨᠡᠮᠡᠷᠢᠯᠡᠨ᠎ᠡ᠃ ᠮᠤᠩᠭᠤᠯ ᠬᠡ ᠤᠭᠠᠯᠵᠠ ᠪᠠᠷ ᠴᠢᠮᠡᠭᠯᠡᠭᠰᠡᠨ ᠡᠬᠦᠳᠡᠨ ᠤ ᠲᠡᠭᠡᠷ᠎ᠡ ︽ᠮᠦᠩᠬᠡᠨᠠᠰᠤᠨ ᠤ ᠲᠤᠷᠠᠰᠬᠠᠯ ᠤᠨ ᠤᠷᠳᠤᠨ︾ ᠬᠡᠬᠦ ᠮᠤᠩᠭᠤᠯ ᠬᠢᠳᠠᠳ ᠠᠩᠭ᠍ᠯᠢ ᠦᠰᠦᠭ ᠤᠨ ᠲᠦᠬᠦᠷᠢᠭ ᠭᠤᠶᠤᠬᠠᠨ ᠦᠰᠦᠭ ᠲᠤᠷᠠᠶᠢᠵᠤ ᠬᠠᠷᠠᠬᠳᠠᠨ᠎ᠠ᠃ ᠲᠤᠷᠠᠰᠬᠠᠯ ᠤᠨ ᠤᠷᠳᠤᠨ ᠤ ᠠᠷᠤ ᠳᠠᠬᠢ ᠨᠠᠷᠠᠰᠤᠨ ᠮᠤᠳᠤᠳ ᠡᠪᠦᠯ ᠤᠨ ᠬᠦᠢᠳᠡᠨ ᠳᠤ ᠠᠵᠢᠬ ᠦᠬᠡᠢ ᠰᠦᠭᠯᠦ᠋ᠢᠵᠦ᠂ ᠪᠠᠭᠠᠳᠤᠷ ᠤᠨ ᠵᠤᠷᠢᠬ ᠰᠠᠨᠠᠭ᠎ᠠ ᠶᠢ ᠦᠨᠢᠳᠡ ᠮᠦᠩᠬᠡᠯᠡᠬᠦ ᠬᠡᠵᠦ ᠪᠠᠶᠢᠭ᠎ᠠ ᠶᠤᠮ ᠰᠢᠬ ᠰᠠᠨᠠᠬᠳᠠᠭᠤᠯᠤᠨ᠎ᠠ᠃      ᠪᠢᠳᠡ ᠲᠤᠷᠠᠰᠬᠠᠯ ᠤᠨ ᠤᠷᠳᠤᠨ ᠤ ᠡᠬᠦᠳᠡ ᠪᠠᠷ ᠲᠤᠳᠤᠬᠰᠢᠯᠠᠪᠠᠯ᠂ ᠲᠤᠬᠴᠢ ᠮᠦᠩᠬᠡᠨᠠᠰᠤᠨ ᠤ ᠬᠠᠷ᠎ᠠ ᠦᠩᠬᠡ ᠶᠢᠨ ᠱᠤᠭᠤᠮᠠᠯ ᠢ ᠪᠤᠰᠬᠠᠨ ᠲᠠᠯᠪᠢᠵᠠᠢ᠃ ᠶᠠᠬ ᠲᠡᠭᠡᠷ᠎ᠡ ᠨᠢ᠂ ᠴᠠᠭᠠᠨ ᠮᠠᠯᠠᠭᠠᠢ ᠲᠠᠯᠪᠢᠬᠰᠠᠨ᠂ ᠬᠠᠯᠠᠭᠤᠬᠠᠨ ᠴᠢᠷᠠᠢ ᠲᠠᠢ᠂ ᠦᠮᠦᠳᠦ ᠪᠠᠨ ᠱᠤᠭᠤᠭᠠᠳ ᠮᠤᠲ᠋ᠤᠷ ᠲᠡᠭᠡᠷ᠎ᠡ ᠲᠦᠷᠦᠬᠡᠯᠡᠭᠰᠡᠨ ᠮᠦᠩᠬᠡᠨᠡᠰᠤᠨ ᠤ ᠵᠢᠷᠤᠬ ᠢ ᠲᠠᠯᠪᠢᠵᠤ᠂ ᠠᠷᠤ ᠳᠤᠨᠢ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶ᠎ᠠ ᠶᠢᠨ ᠠᠯᠪᠠᠯᠠᠬᠤ ᠠᠰᠠᠷ ᠪᠠᠶᠢᠨ᠎ᠠ᠃ ᠲᠤᠷᠠᠰᠬᠠᠯ ᠤᠨ ᠤᠷᠳᠤᠨ ᠨᠢ ᠤᠨᠠᠭᠠᠨ ᠪᠠᠭ᠎ᠠ ᠨᠠᠰᠤ᠂ ᠬᠢᠯᠠᠷᠠᠭᠤᠯᠵᠤ ᠶᠠᠪᠤᠬᠰᠠᠨ ᠵᠢᠪᠬᠤᠭ᠎ᠠ᠂ ᠭᠠᠨᠵᠤᠭ᠎ᠠ ᠲᠦᠬᠦᠷᠡᠩ ᠪᠦᠳᠦᠬᠡᠯ᠂ ᠲᠤᠬᠴᠢ ᠮᠦᠩᠬᠡᠨᠠᠰᠤᠨ ᠤ ᠬᠤᠷᠢᠶᠠᠵᠤ ᠬᠠᠳᠠᠭᠠᠯᠠᠬᠰᠠᠨ ᠨᠤᠮ ᠰᠡᠳᠬᠦᠯ᠂ ᠲᠤᠬᠴᠢ ᠮᠦᠩᠬᠡᠨᠠᠰᠤᠨ ᠤ ︽ᠲᠤᠮᠳᠠᠳᠤ ᠤᠯᠤᠰ ᠤᠨ ᠮᠤᠩᠭᠤᠯᠴᠤᠳ — ᠨᠡᠬᠦᠳᠡᠯ ᠮᠠᠯᠵᠢᠯ ᠤᠨ ᠰᠤᠶᠤᠯ ᠤᠨ ᠬᠡᠷᠡᠯ ᠵᠢᠷᠤᠬ ᠤᠨ ᠦᠵᠡᠰᠬᠦᠯᠡᠩ︾ ᠤᠨ ᠰᠤᠩᠭᠤᠳᠠᠬ ᠪᠦᠳᠦᠬᠡᠯ ᠬᠡᠬᠦ ᠬᠡᠳᠦᠨ ᠬᠡᠰᠡᠭ ᠲᠤ ᠬᠤᠪᠢᠶᠠᠬᠳᠠᠵᠤ᠂ ᠮᠦᠩᠬᠡᠨᠠᠰᠤᠨ ᠤ ᠬᠡᠷᠡᠯ ᠵᠢᠷᠤᠬ᠂ ᠲᠤᠰᠤᠨ ᠪᠤᠳᠤᠬ ᠤᠨ ᠵᠢᠷᠤᠬ᠂ ᠤᠷᠠᠨ ᠪᠢᠴᠢᠯᠬᠡ ᠶᠢ ᠲᠡᠯᠬᠡᠨ ᠦᠵᠡᠬᠦᠯᠦᠭᠰᠡᠨ ᠢᠶᠠᠷ ᠪᠠᠷᠠᠬᠤ ᠦᠬᠡᠢ ᠲᠡᠭᠦᠨ ᠤ ᠵᠠᠷᠤᠵᠤ ᠬᠡᠷᠡᠭᠯᠡᠵᠦ ᠪᠠᠶᠢᠬᠰᠠᠨ ᠬᠡᠷᠡᠯ ᠵᠢᠷᠤᠬ ᠤᠨ ᠮᠠᠰᠢᠨ᠂ ᠮᠠᠶᠢᠬᠠᠨ ᠴᠢᠨᠠᠬᠰᠢᠯᠠᠨ ᠠᠶᠠᠨᠴᠢᠳ ᠤᠨ ᠮᠠᠰᠢᠨ ᠤ ᠪᠢᠯᠧᠲ ᠢ ᠬᠦᠷᠳᠡᠯ᠎ᠡ ᠲᠡᠯᠬᠡᠨ ᠦᠵᠡᠬᠦᠯᠵᠦ ᠪᠠᠶᠢᠯ᠎ᠠ᠃     ᠮᠦᠩᠬᠡᠨᠠᠰᠤᠨ ᠪᠤᠯ ︽ᠪᠦᠬᠦ ᠤᠯᠤᠰ ᠤᠨ ᠰᠢᠨ᠎ᠠ ᠠᠶᠠᠨ ᠲᠠᠶᠢᠨ ᠤ ᠭᠠᠪᠰᠢᠭᠠᠶᠢᠢᠯᠠᠬᠴᠢ︾᠂ ︽ᠪᠦᠬᠦ ᠤᠷᠤᠨ ᠤ ᠬᠦᠳᠡᠯᠮᠦᠷᠢ ᠶᠢᠨ ᠵᠢᠱᠢᠶᠡᠴᠢ︾᠂ ︽ᠦᠪᠦᠷ ᠮᠤᠩᠭᠤᠯ ᠤᠨ ᠭᠤᠷᠪᠠᠳᠤᠭᠠᠷ ᠤᠳᠠᠭ᠎ᠠ ᠶᠢᠨ ᠠᠷᠪᠠᠨ ᠰᠢᠯᠢᠳᠡᠭ ᠰᠤᠷᠪᠤᠯᠵᠢᠯᠠᠬᠴᠢ︾ ᠵᠡᠷᠭᠡ ᠢᠷᠠᠭᠤ ᠠᠯᠳᠠᠷ ᠢ ᠬᠦᠷᠳᠡᠭᠰᠡᠨ ᠮᠤᠩᠭᠤᠯᠴᠤᠳ ᠤᠨ ᠨᠡᠬᠦᠳᠡᠯ ᠮᠠᠯᠵᠢᠯ ᠤᠨ ᠰᠤᠶᠤᠯ ᠤᠨ ᠦᠨᠢᠷ ᠦᠪ ᠢ ᠠᠪᠤᠷᠠᠨ ᠬᠠᠮᠠᠭᠠᠯᠠᠬᠰᠠᠨ ᠭᠠᠷᠮᠠᠭᠠᠢ ᠵᠢᠳᠬᠦᠯᠳᠡᠨ᠂ ᠨᠡᠷᠡᠳᠦ ᠰᠡᠬᠦᠳᠡᠷᠯᠡᠭᠴᠢ ᠪᠦᠬᠡᠳ ᠵᠢᠷᠤᠬᠴᠢᠨ ᠪᠤᠯᠤᠨ᠎ᠠ᠃ ᠮᠦᠩᠬᠡᠨᠠᠰᠤᠨ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶ᠎ᠠ ᠳᠤ ᠪᠦᠬᠦᠯᠢ 19 ᠵᠢᠯ ᠠᠵᠢᠯᠯᠠᠵᠤ᠂ ᠦᠪᠦᠷ ᠮᠤᠩᠭᠤᠯ ᠤᠨ ᠡᠳᠦᠷ ᠤᠨ ᠰᠤᠨᠢᠨ ᠤ ᠮᠤᠩᠭᠤᠯ ᠦᠰᠦᠭ ᠤᠨ ᠬᠡᠪᠯᠡᠯ ᠲᠢᠭ ᠢ ᠬᠠᠯᠠᠨ ᠰᠠᠶᠢᠵᠢᠷᠠᠭᠤᠯᠬᠤ ᠪᠠ ᠰᠢᠨ᠎ᠠ ᠲᠢᠭ ᠢ ᠺᠤᠮᠫᠢᠦ᠋ᠲ᠋ᠧᠷ ᠲᠤ ᠤᠷᠤᠭᠤᠯᠬᠤ ᠳᠤ ᠮᠠᠰᠢ ᠶᠡᠭᠡ ᠬᠤᠪᠢ ᠨᠡᠮᠡᠷᠢ ᠦᠵᠡᠬᠦᠯᠵᠡᠢ᠃      ᠮᠦᠩᠬᠡᠨᠠᠰᠤᠨ 1968 ᠤᠨ ᠳᠤ ᠦᠦᠰᠢᠨ ᠬᠤᠰᠢᠭᠤᠨ ᠤ ᠱᠠᠷᠯᠢᠬ ᠭᠤᠤᠯᠳᠠᠯᠭᠠᠳᠤ ᠪᠠᠭ᠎ᠠ ᠰᠤᠷᠭᠠᠭᠤᠯᠢ ᠠᠴᠠ ᠲᠡᠬᠦᠰᠴᠦ᠂ 1980 ᠤᠨ ᠳᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠷᠠᠨ ᠵᠢᠷᠤᠬ ᠤᠨ ᠰᠠᠯᠪᠤᠷᠢ ᠳᠤ ᠰᠢᠯᠭᠠᠨ ᠤᠷᠤᠵᠤ᠂ ᠲᠡᠬᠦᠰᠦᠭᠰᠡᠨ ᠤ ᠪᠠᠨ ᠲᠠᠷᠠᠭ᠎ᠠ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶᠠᠨ ᠳᠤ ᠠᠵᠢᠯ ᠤᠨ ᠭᠠᠷᠤᠭ᠎ᠠ ᠠᠪᠴᠠᠢ᠃ ᠮᠦᠩᠬᠡᠨᠠᠰᠤᠨ ᠨᠡᠬᠦᠳᠡᠯ ᠮᠠᠯᠵᠢᠯ ᠤᠨ ᠰᠤᠶᠤᠯ ᠤᠨ ᠦᠪ ᠬᠦᠷᠦᠩᠬᠡ ᠴᠠᠬ ᠤᠨ ᠡᠷᠬᠡ ᠪᠠᠷ ᠨᠢᠮᠬᠡᠷᠡᠨ ᠤᠰᠠᠳᠴᠤ ᠪᠠᠶᠢᠭ᠎ᠠ ᠶᠢ ᠰᠡᠷᠡᠵᠦ ᠮᠡᠳᠡᠬᠡᠳ᠂ ᠲᠤᠮᠳᠠᠳᠤ ᠤᠯᠤᠰ ᠤᠨ ᠬᠢᠯᠢ ᠲᠤᠳᠤᠷᠠᠬᠢ ᠨᠡᠬᠦᠳᠡᠯ ᠮᠠᠯᠵᠢᠯ ᠤᠨ ᠰᠤᠶᠤᠯ ᠢ ᠠᠪᠤᠷᠠᠨ ᠬᠠᠮᠠᠭᠠᠯᠠᠬᠤ ᠵᠤᠷᠢᠯᠭ᠎ᠠ ᠪᠠᠷ᠂ ᠠᠵᠢᠯ ᠤᠨ ᠴᠢᠯᠦᠬᠡ ᠵᠠᠪᠰᠠᠷ ᠪᠤᠶᠤ ᠠᠵᠢᠯ ᠤᠨ ᠤᠴᠢᠷ ᠢᠶᠠᠷ ᠮᠤᠲ᠋ᠤᠷ ᠢᠶᠠᠨ ᠤᠨᠤᠵᠤ᠂ ᠬᠡᠷᠡᠯ ᠵᠢᠷᠤᠬ ᠤᠨ ᠮᠠᠰᠢᠨ ᠪᠤᠯᠤᠨ ᠮᠠᠶᠢᠬᠠᠨ ᠢᠶᠠᠨ ᠠᠪᠴᠤ᠂ ᠬᠤᠷᠢ ᠭᠠᠷᠤᠢ ᠵᠢᠯ ᠤᠨ ᠲᠤᠷᠰᠢ ᠬᠡᠳᠦᠨ ᠲᠦᠮᠡᠨ ᠺᠢᠯᠦᠮᠧᠳ᠋ᠷ ᠠᠶᠠᠯᠠᠨ᠂ 10 ᠲᠦᠮᠡ ᠤᠷᠴᠢᠮ ᠤᠨ ᠨᠡᠬᠦᠳᠡᠯ ᠮᠠᠯᠵᠢᠯ ᠤᠨ ᠰᠡᠳᠦᠪ ᠲᠠᠢ ᠬᠡᠷᠡᠯ ᠵᠢᠷᠤᠬ ᠢ ᠰᠡᠬᠦᠳᠡᠷᠯᠡᠨ ᠦᠯᠡᠳᠡᠭᠡᠭᠰᠡᠨ ᠪᠠᠶᠢᠨ᠎ᠠ᠃ 2001 ᠤᠨ ᠤ 9 ᠰᠠᠷ᠎ᠠ ᠶᠢᠨ 2 ᠤᠨ ᠡᠳᠦᠷ᠂ ᠪᠠᠷᠠᠭᠤᠨ ᠰᠦᠨᠢᠳ ᠤᠨ ᠬᠦᠨᠳᠦ ᠬᠡᠴᠡᠬᠦᠦ ᠭᠠᠩ ᠬᠠᠭᠰᠠᠷᠠᠭᠠᠨ ᠢ ᠰᠤᠷᠪᠤᠯᠵᠢᠯᠠᠬᠤ ᠪᠠᠷ ᠶᠠᠪᠤᠭᠠᠳ ᠬᠦᠬᠡᠬᠤᠳᠠ ᠳᠤ ᠪᠤᠴᠠᠵᠤ ᠢᠷᠡᠬᠦ ᠵᠠᠮ ᠳᠠᠭᠠᠨ᠂ ᠠᠵᠠ ᠪᠤᠰᠤ ᠶᠢᠨ ᠲᠡᠷᠬᠡᠨ ᠠᠳᠡᠯ ᠢᠶᠠᠷ ᠲᠦᠴᠢᠨ ᠨᠠᠶᠢᠮᠠᠳᠠᠢ ᠨᠠᠰᠤ ᠪᠠᠷᠠᠵᠠᠢ᠃ ᠮᠦᠩᠬᠡᠨᠠᠰᠤᠨ ᠤᠤᠯ ᠨᠢ ᠵᠤᠬᠢᠶᠠᠯ ᠪᠦᠳᠦᠬᠡᠯ᠂ ᠡᠳ᠋ᠯᠡᠯ ᠬᠡᠷᠡᠭᠰᠡᠯ ᠢᠶᠠᠨ ᠡᠬᠡ ᠰᠤᠷᠭᠠᠭᠤᠯᠢ ᠳᠠᠭᠠᠨ ᠦᠯᠡᠳᠡᠬᠡᠨ ᠦᠭᠴᠦ ᠬᠠᠨᠳᠢᠪᠯᠠᠨ᠎ᠠ ᠬᠡᠵᠦ ᠬᠡᠷᠢᠶᠡᠰᠦ ᠦᠯᠡᠳᠡᠭᠡᠭᠰᠡᠨ ᠪᠤᠯᠬᠤᠷ᠂ 2008 ᠤᠨ ᠳᠤ ᠮᠦᠩᠬᠡᠨᠠᠰᠤᠨ ᠤ ᠲᠤᠷᠠᠰᠬᠠᠯ ᠤᠨ ᠤᠷᠳᠤᠨ ᠢ ᠪᠠᠶᠢᠭᠤᠯᠪᠠ᠃ ᠲᠤᠰ ᠲᠤᠷᠠᠰᠬᠠᠯ ᠤᠨ ᠤᠷᠳᠤᠨ ᠨᠢ ᠤᠷᠢᠳ ᠬᠤᠵᠢᠳ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢ ᠲᠦᠬᠡᠮᠡᠯᠵᠢᠬᠦᠯᠬᠦ ᠬᠦᠮᠦᠵᠢᠯ ᠤᠨ ᠰᠠᠭᠤᠷᠢᠨ᠂ ᠦᠦᠰᠢᠨ ᠬᠤᠰᠢᠭᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠪᠤᠯᠪᠠᠰᠤᠨ ᠮᠤᠷᠠᠯ ᠤᠨ ᠬᠦᠮᠦᠵᠢᠯ ᠤᠨ ᠰᠠᠭᠤᠷᠢᠨ᠂ ᠨᠡᠬᠦᠳᠡᠯ ᠮᠠᠯᠵᠢᠯ ᠤᠨ ᠰᠤᠶᠤᠯ ᠤᠨ ᠬᠦᠮᠦᠵᠢᠯ ᠦᠢᠯᠡᠳᠦᠯᠬᠡ ᠶᠢᠨ ᠰᠠᠭᠤᠷᠢᠨ᠂ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠪᠤᠯᠪᠠᠰᠤᠨ ᠶᠤᠰᠤᠯᠠᠯ ᠤᠨ ᠬᠦᠮᠦᠵᠢᠯ ᠤᠨ ᠵᠢᠱᠢᠶ᠎ᠠ ᠦᠵᠡᠬᠦᠯᠬᠦ ᠰᠠᠭᠤᠷᠢᠨ ᠪᠤᠯᠤᠬᠰᠠᠨ ᠪᠠᠶᠢᠨ᠎ᠠ᠃      — ᠮᠠᠨ ᠤ ᠰᠤᠷᠭᠠᠭᠤᠯᠢ ᠨᠢ ᠡᠨᠡ ᠲᠤᠷᠠᠰᠬᠠᠯ ᠤᠨ ᠤᠷᠳᠤᠨ ᠢ ᠵᠦᠪᠬᠡᠨ ᠭᠠᠳᠠᠨ᠎ᠠ ᠠᠴᠠ ᠢᠷᠡᠭᠰᠡᠨ ᠬᠡᠶᠢᠴᠢᠨ ᠵᠤᠴᠢᠳ ᠲᠤ ᠦᠵᠡᠬᠦᠯᠳᠡᠭ ᠦᠵᠡᠮᠦᠷᠢ ᠶᠢᠨ ᠶᠠᠭᠤᠮ᠎ᠠ ᠪᠤᠯᠭᠠᠬᠰᠠᠨ ᠦᠬᠡᠢ᠃ ᠬᠦᠯᠦᠨ ᠪᠤᠶᠢᠷ᠂ ᠤᠯᠠᠭᠠᠠᠬᠠᠳᠠ᠂ ᠰᠢᠯᠢ ᠶᠢᠨ ᠭᠤᠤᠯ᠂ ᠠᠯᠠᠱᠠ ᠵᠡᠷᠬᠡ ᠠᠶᠢᠮᠠᠬ ᠬᠤᠳᠠ ᠠᠴᠠ ᠪᠠᠷᠤᠬ ᠵᠢᠯ ᠪᠤᠯᠭᠠᠨ 400 ᠭᠠᠷᠤᠢ ᠬᠦᠮᠦᠨ ᠤᠳᠠᠭ᠎ᠠ ᠶᠢᠨ ᠪᠠᠭᠰᠢ ᠰᠤᠷᠤᠬᠴᠢᠳ ᠢᠷᠡᠵᠦ ᠲᠤᠭᠤᠷᠢᠨ ᠦᠵᠡᠵᠦ ᠰᠤᠷᠤᠯᠴᠠᠳᠠᠬ᠃ ᠦᠦᠰᠢᠨ ᠬᠤᠰᠢᠭᠤᠨ ᠤ ᠮᠤᠩᠭᠤᠯ ᠪᠠᠭ᠎ᠠ ᠰᠤᠷᠭᠠᠭᠤᠯᠢ ᠮᠡᠳᠦ ᠶᠢᠨ ᠤᠷᠳᠤᠰ ᠬᠤᠳᠠ ᠶᠢᠨ ᠡᠯ᠎ᠡ ᠬᠤᠰᠢᠭᠤᠨ ᠤ ᠰᠤᠷᠭᠠᠭᠤᠯᠢ ᠶᠢᠨ ᠰᠤᠷᠤᠬᠴᠢᠳ ᠢᠷᠡᠵᠦ ᠲᠤᠭᠤᠷᠢᠨ ᠦᠵᠡᠵᠦ ᠰᠤᠷᠤᠯᠴᠠᠳᠠᠬ᠃ ᠡᠬᠦᠨ ᠢᠶᠠᠷ ᠪᠠᠷᠠᠬᠤ ᠦᠬᠡᠢ᠂ ᠰᠤᠷᠤᠯᠭ᠎ᠠ ᠶᠢᠨ ᠬᠤᠭᠤᠴᠠᠭ᠎ᠠ ᠪᠤᠯᠭᠠᠨ 1 — 3 ᠤᠳᠠᠭ᠎ᠠ ᠶᠢᠨ ᠬᠡᠷ ᠤᠨ ᠠᠬᠠᠮᠠᠳ ᠤᠨ ᠬᠤᠷᠠᠯ ᠬᠢᠵᠦ᠂ ᠲᠡᠳᠡ ᠨᠡᠷ ᠢ ᠮᠦᠩᠬᠡᠨᠠᠰᠤᠨ ᠤ ᠲᠤᠷᠠᠰᠬᠠᠯ ᠤᠨ ᠤᠷᠳᠤᠨ ᠢᠶᠠᠷ ᠲᠤᠭᠤᠷᠢᠨ ᠦᠵᠡᠬᠦᠯᠳᠡᠭ᠃ 1 — 6 ᠳ᠋ᠤᠭᠠᠷ ᠤᠨ ᠤ ᠶᠤᠰᠤ ᠮᠤᠷᠠᠯ ᠤᠨ ᠬᠢᠴᠢᠶᠡᠯ ᠲᠡᠭᠡᠷ᠎ᠡ᠂ ᠮᠦᠩᠬᠡᠨᠠᠰᠤᠨ ᠤ ᠲᠤᠷᠠᠰᠬᠠᠯ ᠤᠨ ᠤᠷᠳᠤᠨ ᠳᠤ ᠬᠦᠷᠴᠦ ᠲᠤᠬᠠᠢ ᠶᠢᠨ ᠲᠠᠯᠠᠪᠠᠢ ᠳᠤ ᠬᠢᠴᠢᠶᠡᠯᠯᠡᠭᠡ ᠬᠢᠳᠡᠭ ᠬᠡᠵᠦ ᠦᠦᠰᠢᠨ ᠬᠤᠰᠢᠭᠤᠨ ᠤ ᠱᠠᠷᠯᠢᠬ ᠭᠤᠤᠯᠳᠠᠯᠭᠠᠳᠤ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠪᠠᠭᠰᠢ ᠵᠢ᠊ · ᠤᠶᠤᠨᠳᠠᠯᠠᠢ ᠠᠴᠠ ᠮᠦᠩᠬᠡᠨᠠᠰᠤᠨ ᠤ ᠲᠤᠷᠠᠰᠬᠠᠯ ᠤᠨ ᠤᠷᠳᠤᠨ ᠢ ᠬᠢᠴᠢᠶᠡᠯᠯᠡᠭᠡ ᠳᠡᠭᠡᠨ ᠬᠡᠷᠬᠢᠨ ᠡᠪᠳᠡᠢ ᠠᠰᠢᠬᠯᠠᠵᠤ ᠪᠠᠶᠢᠬᠤ ᠲᠠᠯ᠎ᠠ ᠪᠠᠷ ᠲᠠᠨᠢᠯᠴᠠᠭᠤᠯᠭ᠎ᠠ ᠬᠢᠨ᠎ᠠ᠃      ᠵᠢ᠊ · ᠤᠶᠤᠨᠳᠠᠯᠠᠢ ᠪᠠᠰᠠ ᠵᠠᠯᠭᠠᠭᠠᠳ᠄ ︽ᠮᠦᠩᠬᠡᠨᠠᠰᠤᠨ ᠡᠴᠦᠰ ᠤᠨ ᠠᠮᠢᠰᠬᠤᠭ᠎ᠠ ᠪᠠᠨ ᠬᠤᠷᠢᠶᠠᠬᠤ ᠪᠤᠯᠳᠠᠯ᠎ᠠ ᠨᠠᠮ ᠤᠨ ᠰᠤᠨᠢᠨ ᠮᠡᠳᠡᠬᠡᠨ ᠤ ᠦᠢᠯᠡᠰ ᠲᠤ ᠵᠢᠳᠬᠦᠵᠦ᠂ ᠨᠠᠮ ᠳᠠᠭᠠᠨ ᠦᠨᠡᠨᠴᠢ ᠰᠢᠳᠤᠷᠭᠤ᠂ ᠡᠬᠡ ᠨᠤᠳᠤᠬ ᠠᠷᠠᠳ ᠲᠦᠮᠡᠨ ᠳᠡᠭᠡᠨ ᠬᠠᠶᠢᠷᠠᠳᠠᠢ ᠪᠠᠶᠢᠵᠤ᠂ ᠬᠤᠶᠢᠴᠢ ᠦᠶ᠎ᠡ ᠳᠡᠭᠡᠨ ᠦᠪᠯᠡᠵᠦ ᠡᠳ᠋ᠯᠡᠬᠡᠳ ᠪᠠᠷᠠᠰᠢ ᠦᠬᠡᠢ ᠰᠤᠶᠤᠯ ᠤᠨ ᠦᠪ ᠬᠦᠨᠡᠰᠦ ᠶᠢ ᠦᠯᠡᠳᠡᠬᠡᠨ ᠦᠭᠴᠦ᠂ ᠬᠤᠶᠢᠴᠢ ᠨᠢᠬᠡ ᠦᠶ᠎ᠡ ᠶᠢᠨ ᠬᠢᠨ ᠤ ᠲᠠᠭᠤᠷᠢᠶᠠᠨ ᠰᠤᠷᠤᠯᠴᠠᠬᠤ ᠦᠯᠢᠬᠡᠷ ᠲᠠᠭᠤᠷᠢᠶᠠᠯ᠂ ᠠᠮᠢᠳᠤ ᠵᠢᠱᠢᠶ᠎ᠠ ᠪᠤᠯᠪᠠ᠃ ᠲᠡᠬᠦᠨ ᠤ ᠠᠯᠢᠪᠠ ᠵᠦᠢᠯ ᠢ ᠨᠠᠷᠢᠨ ᠨᠢᠬᠳᠠ ᠰᠤᠳᠤᠯᠬᠤ ᠨᠠᠷᠢᠨ ᠬᠢᠨᠠᠮᠠᠭᠠᠢ ᠤᠪᠤᠷ ᠰᠤᠷᠳᠠᠯ᠂ ᠬᠢᠵᠠᠭᠠᠷ ᠲᠠᠢ ᠠᠮᠢ ᠨᠠᠰᠤ ᠪᠠᠨ ᠬᠢᠵᠠᠭᠠᠷ ᠦᠬᠡᠢ ᠦᠢᠯᠡᠰ ᠲᠤ ᠵᠤᠷᠢᠭᠤᠯᠬᠤ ᠵᠤᠷᠢᠬ ᠰᠠᠨᠠᠭ᠎ᠠ ᠨᠢ ᠦᠶ᠎ᠠ ᠦᠶ᠎ᠠ ᠶᠢᠨ ᠬᠡᠦᠬᠡᠳ ᠪᠠᠭᠠᠴᠤᠳ ᠲᠤ ᠬᠦᠮᠦᠵᠢᠯ ᠬᠦᠷᠳᠡᠬᠡᠵᠦ᠂ ᠬᠤᠵᠢᠮ ᠡᠨᠡ ᠨᠤᠳᠤᠬ ᠠᠴᠠ ᠨᠡᠩ ᠤᠯᠠᠨ ᠮᠦᠩᠬᠡᠨᠠᠰᠤᠨ ᠴᠤᠯᠭᠤᠷᠠᠨ ᠭᠠᠷᠴᠤ᠂ ᠡᠬᠡ ᠤᠯᠤᠰ ᠲᠠᠭᠠᠨ ᠬᠦᠴᠦᠨ ᠢᠶᠠᠨ ᠡᠷᠬᠦᠬᠦ ᠪᠤᠯᠤᠨ᠎ᠠ︾ ᠬᠡᠵᠦ ᠭᠡᠯᠡᠨ᠎ᠠ᠃  
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号