ᠮᠠᠨ ᠤ ᠬᠤᠰᠢᠭᠤᠨ ᠤ ᠰᠡᠳᠬᠢᠴᠡ ᠶᠢᠨ ᠵᠦᠪᠯᠡᠭᠴᠢᠳ ᠤᠨ ᠨᠡᠶᠢᠬᠡᠮᠯᠢᠭ ᠨᠢ ᠭᠡᠷ ᠪᠦᠯᠢ ᠶᠢᠨ ᠰᠣᠷᠭᠠᠨ ᠬᠦᠮᠣᠵᠢᠯ  ᠤᠨ ᠵᠢᠯᠤᠭᠤᠳᠤᠮᠵᠢ ᠶᠢ ᠡᠷᠴᠢᠮᠳᠠᠢ ᠦᠷᠨᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2019-11-28
     ᠣᠶᠢᠷ᠎ᠠ ᠶᠢᠨ ᠡᠳᠦᠷ᠂ ᠬᠤᠰᠢᠭᠤ ᠰᠡᠳᠬᠢᠴᠡ ᠶᠢᠨ ᠵᠦᠪᠯᠡᠭᠴᠢᠳ ᠤᠨ ᠨᠡᠶᠢᠬᠡᠮᠯᠢᠭ ᠨᠢ ᠰᠦᠯᠳᠡ ᠰᠣᠮᠣᠨ ᠤ ᠱᠠᠷᠯᠢᠭ ᠭᠤᠣᠯᠳᠠᠯᠭᠠᠲᠤ ᠪᠠᠭ᠎ᠠ ᠰᠤᠷᠭᠠᠭᠤᠯᠢ ᠳᠤ ᠬᠦᠷᠴᠤ ᠭᠡᠷ ᠤᠨ ᠠᠬᠠᠮᠠᠳ ᠨᠠᠷ ᠲᠤ ᠭᠡᠷ ᠪᠦᠯᠢ ᠶᠢᠨ ᠰᠤᠷᠭᠠᠨ ᠬᠦᠮᠦᠵᠢᠯ ᠤᠨ ᠵᠢᠯᠣᠭᠤᠳᠣᠮᠵᠢ ᠲᠠᠶᠢᠯᠤᠮᠵᠢ ᠬᠢᠵᠣ ᠭᠡᠷ ᠤᠨ ᠠᠬᠠᠮᠠᠳ ᠤᠨ ᠦᠷ᠎ᠡ ᠭᠡᠣᠭᠡᠳ ᠢᠶᠠᠨ ᠵᠦᠪ ᠵᠠᠮ ᠢᠶᠠᠷ ᠰᠣᠷᠭᠠᠨ ᠬᠦᠮᠣᠵᠢᠬᠦᠯᠬᠦ ᠳᠤ ᠰᠠᠭᠤᠷᠢ ᠲᠠᠯᠪᠢᠭᠰᠠᠨ ᠪᠠᠶᠢᠨ᠎ᠠ᠃      ᠲᠤᠰ ᠤᠳᠠᠭᠠᠨ ᠤ ᠠᠵᠢᠯᠯᠠᠭᠠᠨ ᠨᠢ ᠬᠤᠰᠢᠭᠤ ᠰᠡᠳᠬᠢᠴᠡ ᠶᠢᠨ ᠵᠦᠪᠯᠡᠭᠴᠢᠳ ᠤᠨ ᠨᠡᠶᠢᠬᠡᠮᠯᠢᠭ ᠤᠨ ᠪᠠᠭᠰᠢ ᠠᠴᠠ ᠭᠡᠷ ᠤᠨ ᠠᠬᠠᠮᠠᠳ ᠨᠡᠷ ᠲᠤ ᠦᠷ᠎ᠡ ᠬᠡᠦᠬᠡᠳ ᠢᠶᠠᠨ ᠵᠦᠪ ᠰᠠᠶᠢᠬᠠᠨ ᠠᠮᠢᠳᠤᠷᠠᠯ ᠤᠨ ᠳᠠᠳᠬᠠᠯ ᠲᠠᠢ ᠪᠤᠯᠭᠠᠬᠤ ᠶᠢᠨ ᠴᠢᠬᠤᠯᠠ ᠴᠢᠨᠠᠷ ᠪᠣᠯᠤᠨ ᠠᠷᠭ᠎ᠠ ᠵᠠᠮ ᠤᠨ ᠳᠣᠬᠠᠢ ᠲᠠᠶᠢᠯᠤᠮᠵᠢ ᠬᠢᠵᠣ ᠭᠡᠷ ᠤᠨ ᠠᠬᠠᠮᠠᠳ ᠨᠡᠷ ᠤᠨ ᠬᠠᠯᠠᠭᠤᠨ ᠬᠦᠷᠢᠶᠠᠯᠡᠯ  ᠢ ᠤᠯᠵᠠᠢ᠃      ᠮᠠᠨ ᠤ ᠬᠤᠰᠢᠭᠤᠨ ᠤ ᠰᠡᠳᠬᠢᠴᠡ ᠶᠢᠨ ᠵᠦᠪᠯᠡᠭᠴᠢᠳ ᠤᠨ ᠨᠡᠶᠢᠬᠡᠮᠯᠢᠭ ᠨᠢ 2015 ᠤᠨ ᠤ 5 ᠰᠠᠷ᠎ᠠ ᠳᠤ ᠪᠠᠶᠢᠭᠤᠯᠤᠭᠳᠠᠨ ᠤᠳᠤ 164 ᠭᠡᠰᠢᠭᠦᠨ ᠲᠠᠢ ᠪᠠᠶᠢᠵᠤ 89 ᠭᠡᠰᠢᠭᠦᠨ ᠨᠢ ᠤᠯᠤᠰ ᠤᠨ ᠬᠤᠶᠠᠳᠤᠭᠠᠷ᠂ ᠭᠤᠷᠪᠡᠳᠣᠭᠠᠷ ᠲᠡᠰ ᠤᠨ ᠰᠡᠳᠬᠢᠴᠡ ᠶᠢᠨ ᠵᠢᠯᠤᠭᠤᠳᠤᠭᠴᠢ ᠶᠢᠨ ᠲᠤᠰᠠᠬᠠᠢ ᠮᠡᠷᠭᠡᠵᠢᠯ ᠤᠨ ᠦᠨᠡᠮᠯᠡᠯ ᠲᠠᠢ ᠪᠠᠶᠢᠳᠠᠭ᠃ ᠳᠣᠰ ᠨᠠᠶᠢᠬᠡᠮᠯᠢᠭ  ᠨᠢ 2019 ᠣᠨ ᠳᠤ ᠮᠡᠨ ᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠬᠡᠷᠡᠭᠵᠢᠬᠦᠯᠵᠤ ᠪᠠᠶᠢᠭ᠎ᠠ ᠨᠡᠶᠢᠬᠡᠮ ᠤᠨ ᠵᠣᠬᠢᠶᠠᠨ ᠪᠠᠶᠢᠭᠤᠯᠣᠯᠳᠠ ᠶᠢᠨ ᠬᠦᠴᠦᠨ ᠳᠤ ᠳᠦᠰᠢᠭᠯᠡᠬᠦ ᠨᠠᠶᠢᠳᠡ ᠶᠢᠨ ᠠᠰᠠᠷᠡᠮᠵᠢ ᠶᠢᠨ ᠪᠡᠯᠡ ᠣᠷᠣᠭᠤᠯᠣᠯᠳᠠ ᠶᠢᠨ ᠣᠶᠢᠯᠡᠴᠢᠯᠡᠬᠡᠨ ᠤ ᠳᠦᠷᠣᠯ ᠵᠣᠶᠢᠯ ᠳᠤ ᠣᠷᠣᠵᠣ ᠪᠦᠬᠦ ᠬᠤᠰᠢᠭᠤᠨ ᠤ ᠡᠯ᠎ᠡ ᠨᠡᠶᠢᠬᠡᠮ ᠲᠣᠭᠤᠷᠢᠭ᠂ ᠪᠠᠭ᠎ᠠ ᠰᠤᠷᠭᠠᠭᠤᠯᠢ᠂ ᠴᠡᠴᠡᠷᠯᠢᠭ ᠲᠤ ᠬᠦᠷᠴᠦ ᠭᠡᠷ ᠪᠦᠯᠢ ᠶᠢᠨ ᠰᠤᠷᠭᠠᠨ ᠬᠦᠮᠦᠵᠢᠯ ᠤᠨ ᠲᠤᠬᠠᠢ ᠶᠠᠷᠢᠶ᠎ᠠ ᠲᠠᠶᠢᠯᠤᠮᠵᠢ ᠬᠢᠵᠣ 1000 ᠭᠠᠷᠣᠢ ᠬᠦᠮᠣᠨ ᠳᠤ ᠦᠢᠯᠡᠴᠢᠯᠡᠭᠡ ᠬᠠᠩᠭᠠᠭᠰᠠᠨ ᠪᠠᠶᠢᠨ᠎ᠠ᠃        
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号