ᠨᠠᠮ ᠤᠨ ᠪᠠᠶᠢᠭᠤᠯᠤᠯᠳᠡ ᠪᠠᠷ ᠬᠦᠳᠡᠭᠡ ᠲᠤᠰᠬᠤᠨ ᠢ ᠭᠦᠭᠵᠢᠭᠦᠯᠦᠨᠡᠮ
ᠨᠡᠶᠢᠲᠡᠯᠡᠭᠰᠡᠨ ᠴᠠᠭ᠄
2019-11-28
     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠭᠥᠳᠡᠭᠡ ᠲᠤᠰᠬᠤᠨ ᠢ ᠭᠦᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠤᠷᠠᠳᠴᠦ᠂ ᠭᠦᠳᠡᠭᠡ ᠲᠤᠰᠬᠤᠨ ᠤ ᠭᠦᠭᠵᠢᠯᠳᠡ ᠳᠤ ᠰᠠᠶᠢᠨ ᠰᠠᠶᠢᠬᠠᠨ ᠢᠷᠡᠭᠡᠳᠦᠢ ᠶᠢ ᠵᠢᠷᠤᠬᠯᠠᠵᠤ᠂ ᠭᠦᠮᠦᠰ ᠤᠨ ᠰᠡᠳᠬᠢᠯ ᠢ ᠲᠤᠯᠠᠭᠠᠴᠠᠭᠤᠯᠤᠨ᠂ ᠠᠷᠠᠳ ᠢᠷᠭᠡᠳ ᠤᠨ ᠬᠠᠮᠤᠭ ᠤᠨ ᠶᠡᠭᠡ ᠭᠦᠰᠡᠯ ᠡᠷᠡᠮᠡᠯᠵᠡᠯ ᠪᠤᠯᠤᠬᠰᠠᠨ ᠪᠠᠶᠢᠨ᠎ᠠ᠃      ᠡᠨᠡ ᠵᠢᠯ ᠠᠴᠠ ᠨᠠᠭᠠᠰᠢ᠂ ᠤᠯᠠᠭᠠᠨᠳᠤᠯᠤᠭᠠᠢ ᠪᠠᠯᠭᠠᠰᠤ ᠨᠢ ᠨᠠᠮ ᠤᠨ ᠪᠠᠶᠢᠭᠤᠯᠤᠯᠳᠡ ᠪᠠᠷ ᠵᠠᠮᠴᠢᠯᠠᠭᠤᠯᠵᠤ᠂ ᠬᠥᠳᠡᠭᠡ ᠲᠤᠰᠬᠤᠨ ᠢ ᠭᠦᠭᠵᠢᠭᠦᠯᠬᠦ ᠲᠡᠭᠡᠷ᠎ᠡ ᠪᠤᠳᠠᠳᠤ ᠦᠷ᠎ᠡ ᠠᠰᠢᠭ ᠤᠯᠵᠤ᠂ ︽ᠠᠷᠠᠳ ᠢᠶᠠᠨ ᠭᠦᠴᠦᠷᠭᠡᠭᠵᠢᠭᠦᠯᠭᠦ᠂ ᠠᠷᠠᠳ ᠢᠶᠠᠨ ᠲᠤᠰᠠᠯᠠᠬᠤ᠂ ᠠᠷᠠᠳ ᠢᠶᠠᠨ ᠬᠠᠶᠢᠷᠠᠯᠠᠬᠤ᠂ ᠠᠷᠠᠳ ᠢᠶᠠᠨ ᠠᠮᠤᠷᠵᠢᠭᠤᠯᠬᠤ᠂ ᠠᠷᠠᠳ ᠲᠤ ᠲᠦᠭᠦᠮ ᠦᠵᠡᠭᠦᠯᠭᠦ᠂ ᠠᠷᠠᠳ ᠢᠶᠠᠨ ᠨᠢᠭᠡᠳᠭᠡᠭᠦ᠂ ᠠᠷᠠᠳ ᠢ ᠬᠠᠷᠠᠭᠠᠯᠵᠠᠬᠤ︾ ᠠᠵᠢᠯ ᠤᠨ ᠬᠠᠷᠠᠯᠲᠠ ᠶᠢ ᠪᠤᠢ ᠪᠤᠯᠭᠠᠨ ᠴᠢᠨᠠᠷ ᠰᠠᠶᠢᠳᠡᠢ ᠭᠦᠭᠵᠢᠯᠳᠡ ᠶᠢ ᠠᠬᠢᠭᠤᠯᠵᠤ᠂ ᠨᠤᠮᠢᠨ ᠨᠤᠭᠤᠭᠠᠨ ᠬᠦᠭᠵᠢᠯᠳᠡ ᠶᠢ ᠪᠡᠶᠡᠯᠡᠭᠦᠯᠭᠦ ᠳᠤ ᠬᠦᠴᠤᠨ ᠪᠦᠭᠦᠢ ᠦᠢᠯᠡᠳᠦᠯ ᠦᠵᠡᠭᠦᠯᠵᠦ ᠪᠠᠶᠢᠨ᠎ᠠ᠃      ︽ᠬᠤᠸᠠᠩ ᠰᠢᠶᠠᠩ ᠭᠠᠭ᠋ᠠᠢ ᠶᠢᠨ ᠮᠢᠬ᠎ᠠ︾᠂ ︽ᠬᠤᠶᠡᠷ ᠬᠡᠮᠵᠢᠯᠳᠤ ᠬᠤᠨᠢ︾᠂ ᠲᠠᠯ᠎ᠠ ᠨᠣᠳᠤᠭ ᠤᠨ ᠤᠯᠠᠭᠠᠨ ᠦᠬᠡᠷ ᠭᠤᠣᠯ ᠲᠤᠯᠭᠠᠭᠤᠷᠢ ᠪᠣᠯᠪᠠ᠃ ᠤᠯᠠᠭᠠᠨᠳᠤᠯᠤᠭᠠᠢ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ︽ᠬᠤᠸᠠᠩ ᠰᠢᠶᠠᠩ︾ ᠭᠠᠭ᠋ᠠᠢ ᠶᠢᠨ ᠮᠢᠬᠠᠨ ᠠᠵᠦ ᠤᠶᠢᠯᠡᠰ ᠤᠨ ᠴᠢᠨᠠᠷᠯᠢᠭ ᠭᠦᠭᠵᠢᠯᠳᠡ ᠶᠢ ᠠᠬᠢᠭᠤᠯᠤᠨ᠂ ᠠᠵᠤ ᠤᠶᠢᠯᠠᠰ ᠢ ᠭᠦᠭᠵᠢᠭᠦᠯᠭᠦ ᠲᠡᠷᠢᠭᠦᠨ ᠤ  ᠢᠨᠵᠧᠨᠧᠷᠢᠩ ᠪᠤᠯᠭᠠᠵᠤ᠂ ᠨᠠᠮ ᠤᠨ ᠪᠠᠶᠢᠭᠤᠯᠤᠯᠳᠡ ᠪᠠᠷ ᠵᠠᠮᠴᠢᠯᠠᠭᠤᠯᠤᠨ᠂ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠭᠤᠯᠵᠤ᠂ ᠲᠦᠷᠦᠯ ᠵᠦᠢᠯ ᠢᠶᠠᠷ ᠲᠠᠭᠠᠭᠤᠯᠵᠤ᠂ ᠨᠡᠶᠢᠳᠡᠯᠢᠭ ᠵᠢᠱᠢᠶ᠎ᠠ ᠪᠠᠷ ᠲᠠᠶᠢᠴᠢᠯᠠᠭᠤᠯᠵᠤ᠂ ᠠᠰᠢᠭ ᠲᠤᠰᠠ ᠶᠢ ᠪᠠᠶᠢᠭᠤᠯᠬᠤ ᠵᠡᠷᠭᠡ ᠰᠢᠷᠢᠰ ᠠᠷᠭ᠎ᠠ ᠠᠪᠴᠠᠯ ᠢ ᠬᠡᠷᠡᠭᠯᠡᠵᠥ᠂ ᠡᠯ᠎ᠡ ᠲᠠᠯ᠎ᠠ ᠶᠢᠨ ᠭᠤᠣᠯ ᠭᠦᠴᠦᠨ ᠢ ᠲᠤᠯᠤᠭᠠᠶᠢᠯᠠᠨ ᠬᠤᠯᠪᠤᠭᠠᠯᠠᠭᠤᠯᠵᠤ᠂ ᠨᠢᠭᠡᠨ ᠵᠤᠷᠪᠤᠰ ᠪᠠᠷᠢᠮᠵᠢᠶᠠᠵᠢᠬᠰᠠᠨ᠂ ᠭᠡᠪᠴᠢᠶᠡᠵᠢᠭᠰᠡᠨ᠂ ᠪᠤᠬᠢᠷᠳᠤᠯ ᠦᠬᠡᠢ ᠰᠢᠨᠵᠢᠯᠡᠭᠡᠴᠢᠯᠡᠭᠰᠡᠨ ᠨᠢᠬᠡ᠂ ᠬᠤᠶᠡᠷ᠂ ᠭᠤᠷᠪᠠᠳᠤᠭᠠᠷ ᠠᠵᠤ ᠤᠶᠢᠯᠡᠰ ᠢ ᠠᠭᠤᠰᠤᠯᠴᠠᠭᠤᠯᠤᠨ ᠭᠦᠭᠵᠢᠬᠦᠯᠭᠦ ᠰᠢᠨ᠎ᠡ ᠵᠠᠮ ᠢᠶᠠᠷ ᠵᠠᠮᠨᠠᠵᠤ᠂ ᠣᠳᠣ ᠪᠤᠯᠬᠤ ᠳᠤ ︽ᠬᠤᠸᠠᠩ ᠰᠢᠶᠠᠩ︾ ᠭᠠᠭ᠋ᠠᠢ ᠲᠡᠵᠢᠬᠡᠨ ᠦᠷᠡᠵᠢᠬᠦᠯᠬᠦ ᠨᠢ ᠤᠷᠤᠯᠭ᠎ᠠ ᠪᠠᠨ ᠨᠡᠮᠡᠭᠳᠡᠭᠦᠯᠦᠨ ᠪᠠᠶᠠᠵᠢᠬᠤ ᠰᠠᠶᠢᠨ ᠵᠠᠮ ᠪᠤᠯᠤᠬᠰᠠᠨ ᠪᠠᠶᠢᠨ᠎ᠠ᠃      ᠨᠠᠷᠢᠨ ᠨᠤᠤᠰᠤᠳᠤ ᠬᠤᠨᠢᠨ ᠳᠤ ᠬᠤᠶᠡᠷ ᠭᠡᠮᠵᠢᠯᠳᠤ ᠡᠭᠡᠮᠦᠭ ᠬᠠᠳᠠᠨ ᠠᠷᠠᠴᠢᠯᠠᠨ ᠮᠠᠯᠵᠢᠬᠤ ᠪᠠᠶᠢᠳᠠᠯ ᠢ ᠮᠦᠷᠳᠡᠨ ᠲᠡᠮᠳᠡᠭᠯᠡᠵᠦ᠂ ᠭᠡᠷᠡᠭᠯᠡᠭᠴᠢᠳ ᠭᠠᠷ ᠤᠳᠠᠰᠤᠨ ᠤ APP ᠲᠡᠭᠡᠷ᠎ᠡ ᠬᠤᠨᠢᠨ ᠤ ᠪᠠᠶᠢᠳᠠᠯ ᠢ ᠤᠶᠢᠯᠠᠭᠠᠨ ᠮᠡᠳᠡᠵᠤ᠂ ᠦᠪᠡᠷ ᠲᠡᠭᠡᠨ ᠲᠣᠷ᠎ᠠ ᠶᠢᠨ ᠨᠢᠭᠡᠨ ᠬᠤᠨᠢ ᠶᠢ ᠰᠤᠩᠭᠤᠨ ᠠᠪᠴᠦ ᠪᠤᠯᠤᠨ᠎ᠠ᠃ ᠤᠳᠣ ᠪᠤᠯᠳᠠᠯ᠎ᠠ ᠭᠠᠷ ᠤᠳᠠᠰᠤᠨ ᠤ APP ᠲᠡᠭᠡᠷ᠎ᠡ 3800 ᠭᠠᠷᠤᠢ ᠨᠠᠷᠢᠨ ᠨᠤᠤᠰᠤᠳᠤ ᠬᠤᠨᠢ ᠶᠢ ᠬᠤᠳᠠᠯᠳᠤᠵᠤ᠂ ᠬᠡᠷᠡᠭᠯᠡᠭᠴᠢᠳ ᠲᠤ ᠪᠤᠬᠢᠷᠳᠦᠯ ᠦᠬᠡᠢ ᠨᠠᠷᠢᠨ ᠨᠤᠤᠰᠤᠳᠤ ᠬᠤᠨᠢᠨ ᠤ ᠮᠢᠬ᠎ᠠ ᠶᠢ ᠬᠠᠩᠭᠠᠨ ᠮᠠᠯᠴᠢᠳ ᠤᠨ ᠤᠷᠤᠯᠭ᠎ᠠ ᠶᠢ ᠨᠡᠮᠡᠭᠳᠡᠭᠦᠯᠦᠭᠰᠡᠨ ᠬᠤᠣᠰ ᠠᠰᠢᠭ ᠢ ᠡᠭᠦᠳᠴᠦ ᠭᠥᠳᠡᠭᠡ ᠲᠣᠰᠬᠤᠨ ᠢ ᠭᠦᠭᠵᠢᠭᠦᠯᠬᠦ ᠳᠤ ᠬᠤᠪᠢ ᠨᠠᠮᠠᠷᠢ ᠦᠵᠡᠭᠦᠯᠵᠦ ᠪᠠᠶᠢᠨ᠎ᠠ᠃      ᠡᠨᠡ ᠵᠢᠯ ᠪᠠᠯᠭᠠᠰᠤᠨ ᠤ ᠨᠠᠮ ᠤᠨ ᠬᠤᠷᠢᠶ᠎ᠠ ᠨᠢ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠡᠷᠭᠡᠵᠢᠯ ᠤᠨ ᠭᠦᠷᠢᠶᠡᠯᠠᠩ ᠲᠠᠢ ᠭᠡᠷ᠎ᠡ ᠲᠤᠬᠳᠠᠵᠤ᠂ ᠠᠯᠠᠰᠢᠨ ᠬᠤᠨᠢᠨ ᠤ ᠮᠡᠷᠭᠡᠵᠢᠯ ᠤᠨ ᠵᠢᠱᠢᠶ᠎ᠠ ᠦᠵᠡᠭᠦᠯᠭᠦ ᠰᠠᠭᠤᠷᠢᠨ ᠭᠠᠵᠠᠷ ᠪᠠ ᠤᠯᠠᠭᠠᠨ ᠠᠩᠭᠢᠰ ᠦᠬᠡᠷ ᠤᠨ ᠡᠭᠦᠯᠳᠡᠷ ᠰᠠᠶᠢᠵᠢᠷᠠᠭᠤᠯᠬᠤ ᠵᠢᠱᠢᠶ᠎ᠠ ᠦᠵᠡᠭᠦᠯᠭᠦ ᠰᠠᠭᠤᠷᠢᠨ ᠭᠠᠵᠠᠷ ᠢ ᠪᠠᠶᠢᠭᠤᠯᠵᠤ ᠬᠠᠮᠳᠤ ᠶᠢᠨ ᠠᠵᠤ ᠠᠬᠤᠢ ᠶᠢ ᠭᠦᠭᠵᠢᠭᠦᠯᠭᠦ ᠰᠢᠨ᠎ᠡ ᠴᠢᠰᠦ ᠶᠢ ᠶᠡᠭᠦᠯᠡᠭᠰᠡᠨ ᠪᠠᠶᠢᠨ᠎ᠠ᠃ ᠤᠶᠢᠷ᠎ᠠ ᠳᠤ ᠦᠤᠰᠢᠨ ᠬᠤᠰᠢᠭᠤᠨ ᠤ ᠤᠯᠠᠭᠠᠨ ᠦᠬᠡᠷ ᠤᠨ ᠠᠵᠤ ᠦᠢᠯᠡᠰ ᠤᠨ ᠬᠤᠯᠪᠤᠭᠠᠯᠠᠭᠰᠠᠨ ᠴᠤᠬᠴᠠ ᠶᠢ ᠪᠠᠶᠢᠭᠤᠯᠵᠤ᠂ ᠲᠠᠯ᠎ᠠ ᠨᠣᠳᠤᠭ ᠤᠨ ᠤᠯᠠᠭᠠᠨ ᠦᠬᠡᠷ ᠤᠨ ᠦᠢᠯᠡᠰ ᠤᠨ ᠨᠡᠷᠡᠲᠦ ᠲᠡᠮᠳᠡᠭ ᠤᠨ ᠪᠤᠷᠤᠯᠠᠭᠤᠯᠤᠯᠳᠠ ᠶᠢ ᠨᠡᠮᠡᠭᠳᠡᠭᠦᠯᠦᠨ᠂ ᠲᠠᠯ᠎ᠠ ᠨᠣᠳᠤᠭ ᠤᠨ ᠤᠯᠠᠭᠠᠨ ᠦᠬᠡᠷ ᠪᠤᠯᠤᠨ ᠤᠯᠠᠭᠠᠨ ᠠᠩᠭᠢᠰ ᠤᠨ ᠡᠭᠦᠯᠳᠡᠷ ᠰᠠᠶᠢᠵᠢᠷᠠᠭᠤᠯᠬᠤ ᠠᠵᠢᠯ ᠢ ᠲᠦᠷᠭᠡᠳᠭᠡᠵᠤ᠂ ᠨᠢᠭᠡ ᠬᠤᠶᠡᠷ ᠭᠤᠷᠪᠠᠳᠤᠭᠠᠷ ᠠᠵᠤ ᠤᠶᠢᠯᠡᠰ ᠤᠨ ᠠᠭᠤᠰᠤᠯᠴᠠᠨ ᠭᠦᠭᠵᠢᠭᠦ ᠶᠢ ᠲᠦᠷᠭᠡᠳᠭᠡᠨ᠂ ᠪᠦᠭᠦ ᠬᠤᠰᠢᠭᠤ ᠵᠢᠴᠢ ᠪᠦᠭᠦ ᠬᠤᠳᠠ ᠳᠠᠭᠠᠨ ᠤᠯᠠᠭᠠᠨ ᠦᠬᠡᠷ ᠤᠨ ᠤᠶᠢᠯᠡᠰ ᠤᠨ ᠰᠢᠯᠢᠳᠡᠭ ᠦᠨᠳᠤᠷ ᠦᠷ᠎ᠡ ᠪᠦᠳᠦᠮᠵᠢ ᠲᠠᠢ ᠭᠦᠭᠵᠢᠯᠳᠡ ᠶᠢ ᠲᠠᠶᠢᠴᠢᠯᠠᠬᠰᠠᠨ ᠪᠠᠶᠢᠨ᠎ᠠ᠃     ᠰᠤᠶᠤᠯ ᠵᠢᠭᠤᠯᠴᠢᠯᠠᠯ ᠠᠭᠤᠰᠤᠯᠴᠠᠨ ᠦᠨᠳᠤᠷ ᠪᠦᠳᠦᠮᠵᠢ ᠲᠠᠢ ᠪᠠᠷ ᠬᠥᠭᠵᠢᠵᠦ᠂ ᠲᠠᠷᠢᠶᠠᠯᠠᠩ ᠦᠢᠯᠡᠰ ᠤᠨ ᠬᠦᠭᠵᠢᠯᠳᠡ ᠶᠢ ᠴᠤ ᠮᠦᠷ ᠵᠡᠷᠭᠡᠴᠡᠭᠦᠯᠤᠨ ᠲᠠᠪᠰᠢᠭᠦᠯᠪᠡ᠃ ᠰᠤᠶᠤᠯ ᠵᠢᠭᠤᠯᠴᠢᠯᠠᠯ ᠤᠨ ᠬᠤᠷᠰᠢᠶᠠᠵᠢᠯ ᠢ ᠪᠠᠶᠢᠭᠤᠯᠤᠨ ᠂ ᠤᠨᠴᠠᠯᠢᠬᠳᠤ ᠰᠤᠶᠤᠯᠵᠢᠬᠰᠠᠨ ᠡᠷᠦᠭᠡ ᠶᠢ ᠲᠡᠮᠵᠢᠬᠦ ᠭᠦᠴᠦᠯᠡᠴᠡ ᠪᠠᠨ ᠦᠷᠭᠦᠯᠵᠢᠯᠡᠨ ᠶᠡᠭᠡᠰᠭᠡᠵᠤ᠂ ᠰᠤᠶᠤᠯ ᠵᠢᠭᠤᠯᠴᠢᠯᠠᠯ ᠤᠨ ᠠᠭᠤᠰᠤᠯᠴᠠᠬᠰᠠᠨ ᠭᠦᠭᠵᠢᠯᠳᠡ ᠶᠢᠨ ᠰᠠᠭᠤᠷᠢ ᠲᠦᠭᠦᠬᠡᠷᠦᠮᠵᠢ ᠶᠢᠨ ᠪᠡᠯᠡ ᠤᠷᠤᠭᠤᠯᠤᠯᠳᠡ ᠪᠠᠨ ᠦᠷᠭᠡᠳᠭᠡᠵᠤ᠂ 2 ᠵᠤᠷᠪᠤᠰ ᠵᠢᠭᠤᠯᠴᠢᠯᠡᠯ ᠤᠨ ᠦᠵᠡᠮᠵᠢ ᠶᠢᠨ ᠵᠠᠮ ᠵᠠᠰᠠᠵᠤ᠂ ᠪᠠᠶᠠᠨᠭᠤᠣᠯ ᠭᠠᠴᠠᠭ᠎ᠠ ᠪᠠᠷ ᠲᠥᠪ ᠪᠤᠯᠭᠠᠬᠰᠠᠨ ᠭᠦᠳᠡᠭᠡ ᠲᠤᠰᠬᠤᠨ ᠤ ᠵᠢᠭᠤᠯᠴᠢᠯᠡᠯ ᠤᠨ ︽ᠲᠦᠪᠯᠡᠷᠡᠭᠦᠯᠦᠨ ᠲᠠᠷᠬᠠᠭᠠᠬᠤ ᠲᠥᠪ︾ ᠢ ᠪᠠᠶᠢᠭᠤᠯᠵᠤ᠂ ᠰᠤᠶᠤᠯ ᠵᠢᠭᠤᠯᠴᠢᠯᠠᠯ ᠤᠨ ᠲᠠᠶᠢᠴᠢᠯᠠᠬᠤ ᠭᠦᠴᠦᠨ ᠢ ᠨᠡᠮᠡᠭᠳᠡᠭᠦᠯᠪᠡ᠃ ᠤᠩᠭᠤᠨ ᠮᠠᠩᠬ᠎ᠠ ᠤᠯᠤᠰ ᠤᠨ ᠲᠡᠰ ᠤᠨ ᠡᠯᠡᠰᠦᠨ ᠴᠡᠴᠡᠷᠯᠢᠭ᠂ ᠢᠯᠡᠯᠳᠡ ᠲᠤᠰᠬᠤᠨ ᠤ ᠮᠠᠯᠵᠢᠯ ᠤᠨ ᠲᠠᠯᠠᠪᠠᠢ ᠶᠢ ᠪᠦᠭᠦ ᠭᠦᠴᠦᠨ ᠢᠶᠠᠷ ᠢᠶᠠᠨ ᠪᠦᠳᠦᠭᠡᠨ ᠪᠠᠶᠢᠭᠤᠯᠪᠠ᠃ ︽ᠦᠤᠰᠢᠨ ᠮᠤᠷᠢᠨ ᠰᠤᠶᠤᠯ︾ ᠢ ᠶᠡᠭᠡ ᠪᠠᠷ ᠤᠯᠠᠮᠵᠢᠯᠠᠵᠤ᠂ ᠵᠢᠷᠤᠭ᠎ᠠ ᠮᠤᠷᠢᠨ ᠤ ᠤᠷᠤᠯᠳᠤᠭᠠᠨ ᠵᠡᠷᠭᠡ ᠰᠤᠶᠤᠯ ᠵᠢᠭᠤᠯᠴᠢᠯᠠᠯ ᠤᠨ ᠪᠡᠶᠡᠴᠢᠯᠡᠨ ᠤᠶᠢᠯᠠᠭᠠᠬᠤ ᠲᠦᠷᠦᠯ ᠵᠦᠢᠯ ᠢ ᠭᠦᠭᠵᠢᠭᠦᠯᠪᠡ᠃ ︽ᠪᠢ ᠡᠬᠡ ᠤᠯᠤᠰ ᠲᠠᠢ ᠪᠠᠨ ᠬᠠᠮᠳᠤ︾ ᠦᠵᠡᠭᠦᠯᠭᠡ ᠶᠢᠨ ᠤᠷᠳᠤᠨ᠂ ᠠᠬᠠᠮᠠᠳ ᠲᠤᠰᠬᠤᠨ ᠤ ᠲᠠᠷᠤᠭ᠎ᠠ ᠶᠢᠨ ᠦᠯᠢᠭᠡᠷ᠂ ᠨᠣᠮ ᠤᠨ ᠣᠪᠣᠭ᠎ᠠ᠂ ᠨᠣᠳᠤᠭ ᠠᠮᠢᠳᠠᠨ ᠤᠷᠭᠤᠮᠠᠯ ᠤᠨ ᠮᠦᠽᠧᠢ ᠵᠡᠷᠭᠡ ᠬᠤᠪᠢᠰᠬᠠᠯᠳᠤ ᠰᠤᠶᠤᠯ᠂ ᠤᠨᠴᠠᠯᠢᠬᠳᠤ ᠰᠣᠶᠣᠯ ᠤᠨ ᠡᠬᠢ ᠪᠠᠶᠠᠯᠢᠭ ᠲᠠᠭᠠᠨ ᠲᠦᠰᠢᠭᠯᠡᠨ ᠤᠯᠠᠭᠠᠨᠳᠤᠯᠤᠭᠠᠢ ᠪᠠᠯᠭᠠᠰᠤ ᠪᠠᠨ ᠲᠡᠭᠡᠳᠦ ᠲᠤᠮᠲᠡ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠲᠤᠷᠰᠢᠨ ᠰᠤᠷᠤᠯᠴᠠᠬᠤ ᠰᠠᠭᠤᠷᠢᠨ ᠪᠤᠯᠭᠠᠬᠤ ᠪᠠᠷ ᠴᠢᠷᠮᠠᠶᠢᠵᠤ ᠪᠠᠶᠢᠨ᠎ᠠ᠃      ᠠᠮᠢ ᠠᠬᠤᠢ ᠪᠠᠨ ᠰᠢᠯᠢᠳᠡᠭᠵᠢᠭᠦᠯᠵᠦ᠂ ᠵᠤᠬᠢᠶᠠᠨ ᠪᠠᠶᠢᠭᠤᠯᠤᠯᠳᠡ ᠪᠠᠨ ᠴᠢᠩᠭᠠᠳᠬᠠᠨ᠂ ᠴᠢᠳᠠᠪᠤᠷᠢᠳᠡᠨ ᠢ ᠤᠷᠢᠨ ᠤᠷᠤᠭᠤᠯᠬᠤ ᠶᠢ ᠠᠬᠢᠭᠤᠯᠵᠤ ᠪᠠᠶᠢᠨ᠎ᠠ᠃ ᠡᠨᠡ ᠵᠢᠯ ᠠᠴᠠ ᠪᠠᠯᠭᠠᠰᠤᠨ ᠤ ᠨᠠᠮ ᠤᠨ ᠬᠤᠷᠢᠶ᠎ᠠ ᠨᠢ ᠴᠢᠳᠠᠪᠤᠷᠢᠳᠡᠨ ᠤ ᠡ᠊ᠩᠨᠡᠭᠡ ᠶᠢ ᠪᠤᠵᠠᠭᠠᠢᠢᠷᠠᠭᠤᠯᠵᠤ᠂ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠲᠧᠭᠨᠢᠭ ᠮᠡᠷᠭᠡᠵᠢᠯ ᠤᠨ ᠭᠦᠷᠢᠶᠠᠯᠠᠩ ᠲᠠᠢ ᠮᠡᠷᠭᠡᠵᠢᠯ ᠤᠨ ᠤᠶᠢᠯᠡᠴᠢᠯᠡᠭᠡᠨ ᠤ ᠲᠠᠯ᠎ᠠ ᠪᠠᠷ ᠤᠷᠳᠤ ᠬᠤᠭᠤᠴᠠᠭᠠᠨ ᠤ ᠲᠤᠬᠳᠠᠯᠴᠠᠭ᠎ᠠ ᠪᠠᠶᠢᠭᠤᠯᠵᠤ᠂ ᠤᠷᠳᠤᠰ ᠨᠠᠷᠢᠨ ᠨᠤᠤᠰᠤᠳᠤ ᠬᠤᠨᠢ᠂ ᠲᠠᠯ᠎ᠠ ᠨᠣᠳᠤᠭ ᠤᠨ ᠤᠯᠠᠭᠠᠨ ᠦᠬᠡᠷ᠂ ︽ᠬᠤᠸᠠᠩ ᠰᠢᠶᠠᠩ︾ ᠲᠡᠮᠳᠡᠭᠳᠦ ᠭᠠᠭ᠋ᠠᠢ ᠶᠢᠨ ᠠᠵᠤ ᠤᠶᠢᠯᠡᠰ ᠲᠤ ᠲᠤᠰᠬᠠᠢ ᠮᠡᠷᠭᠡᠵᠢᠯᠳᠡᠨ ᠤ ᠦᠢᠯᠡᠴᠢᠯᠡᠭᠡᠨ ᠤ ᠥᠷᠳᠡᠭᠡ ᠪᠠᠶᠢᠭᠤᠯᠪᠠ᠃ ᠮᠠᠯᠴᠢᠨ ᠲᠠᠷᠢᠶᠠᠴᠢᠨ ᠤ ᠠᠵᠢᠯ ᠮᠡᠷᠭᠡᠵᠢᠯ ᠤᠨ ᠪᠤᠯᠪᠠᠰᠤᠷᠠᠯ ᠢ 2 ᠤᠳᠠᠭ᠎ᠠ ᠡᠷᠭᠢᠯᠡᠵᠤ᠂ ᠪᠠᠶᠠᠨᠭᠤᠣᠯ ᠭᠠᠴᠠᠭᠠᠨ ᠳᠤ 4 ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠵᠢᠱᠢᠶ᠎ᠠ ᠦᠵᠡᠭᠦᠯᠭᠦ ᠡᠷᠦᠭᠡ ᠶᠢ ᠪᠠᠶᠢᠭᠤᠯᠵᠤ᠂ 4 ᠨᠣᠳᠤᠭ ᠲᠠᠭᠠᠨ ᠪᠤᠴᠠᠬᠰᠠᠨ ᠤᠶᠤᠳᠠᠨ ᠳᠤ ᠤᠶᠢᠯᠠᠰ ᠪᠤᠰᠬᠠᠬᠤ ᠲᠠᠪᠴᠠᠩ ᠪᠠᠶᠢᠭᠤᠯᠵᠤ ᠥᠭᠪᠡ᠃ ᠪᠦᠭᠦ ᠠᠷᠠᠳ ᠢᠶᠠᠷ ᠢᠶᠠᠨ ᠴᠢᠬᠢᠷᠠᠬᠵᠢᠬᠤ ᠠᠵᠢᠯᠯᠠᠭ᠎ᠠ ᠶᠢ ᠪᠦᠭᠦ ᠲᠠᠯ᠎ᠠ ᠪᠠᠷ ᠶᠠᠪᠤᠬᠳᠠᠭᠤᠯᠵᠤ᠂ ᠡᠷᠡᠭᠦᠯ ᠮᠡᠨᠳᠦ ᠶᠢᠨ ᠶᠡᠷᠦ ᠶᠢᠨ ᠮᠡᠳᠡᠯᠭᠡ ᠶᠢᠨ ᠲᠠᠶᠢᠯᠦᠮᠵᠢ ᠶᠢ 6 ᠤᠳᠠᠭ᠎ᠠ ᠦᠷᠨᠢᠭᠦᠯᠪᠡ᠃ ᠠᠶᠢᠯ ᠡᠷᠦᠭᠡ ᠶᠢᠨ ᠵᠤᠷᠯᠤᠩ ᠤᠨ ᠦᠬᠡᠷᠡᠴᠢᠯᠡᠯᠳᠡ ᠶᠢ ᠠᠬᠢᠭᠤᠯᠤᠨ᠂ 805 ᠡᠷᠦᠭᠡ ᠳᠤ ᠵᠤᠷᠯᠤᠩ ᠤᠨ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠡ ᠶᠢ ᠲᠠᠰᠤᠷᠠᠯᠳᠠ ᠦᠬᠡᠢ ᠦᠷᠭᠡᠳᠭᠡᠨ᠂ ᠨᠠᠮᠤᠷ ᠤᠨ ᠤᠯᠠᠷᠢᠯ ᠤᠨ ᠤᠶᠢᠵᠢᠭᠤᠯᠤᠯᠳᠠ ᠶᠢᠨ ᠠᠵᠢᠯᠯᠠᠭ᠎ᠠ ᠶᠢ ᠢᠳᠡᠪᠬᠢᠳᠡᠢ ᠦᠷᠨᠢᠭᠦᠯᠵᠦ᠂ ᠭᠦᠮᠦᠨ ᠤ ᠭᠦᠴᠦ ᠪᠠᠷ 2500 ᠮᠦ ᠤᠶᠢᠵᠢᠭᠤᠯᠪᠠ᠃ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠡ ᠶᠢᠨ ᠰᠠᠭᠤᠷᠢᠨ ᠢ ᠪᠠᠷᠢᠮᠵᠢᠶᠠᠳᠤ ᠭᠡᠪᠴᠢᠶᠠᠵᠢᠯ ᠢᠶᠠᠷ ᠪᠠᠶᠢᠭᠤᠯᠵᠤ᠂ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢ ᠪᠦᠭᠦ ᠭᠦᠴᠦᠨ ᠢᠶᠠᠷ ᠢᠶᠠᠨ ᠭᠦᠭᠵᠢᠭᠦᠯᠦᠨ ᠪᠣᠵᠠᠭᠠᠶᠢᠷᠠᠭᠤᠯᠵᠤ᠂ ᠤᠷᠢᠳ ᠬᠤᠵᠢᠳ ᠲᠤᠮᠳᠠᠳᠤ ᠤᠯᠤᠰ ᠤᠨ ᠭᠦᠳᠡᠭᠡ ᠲᠤᠰᠬᠤᠨ ᠢ ᠭᠦᠭᠵᠢᠭᠦᠯᠬᠦ ᠵᠢᠱᠢᠶ᠎ᠠ ᠦᠵᠡᠭᠦᠯᠭᠦ ᠪᠠᠯᠭᠠᠰᠤ᠂ ᠪᠦᠭᠦ ᠤᠯᠤᠰ ᠤᠨ ︽ᠨᠢᠭᠡ ᠲᠤᠰᠬᠤᠨ ᠨᠢᠭᠡ ᠨᠡᠷᠡᠲᠦ ᠲᠡᠮᠳᠡᠭᠳᠤ︾ ᠵᠢᠱᠢᠶ᠎ᠠ ᠦᠵᠡᠭᠦᠯᠭᠦ ᠲᠤᠰᠬᠤᠨ ᠪᠠᠯᠭᠠᠰᠤ᠂ ᠦᠪᠡᠷᠳᠡᠭᠡᠨ ᠵᠠᠰᠠᠬᠤ ᠤᠷᠤᠨ ᠤ ᠭᠦᠳᠡᠭᠡ ᠲᠤᠰᠬᠤᠨ ᠢ ᠭᠦᠭᠵᠢᠭᠦᠯᠬᠦ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠠᠵᠢᠯᠯᠠᠭ᠎ᠠ — ᠲᠧᠭᠨᠢᠭ ᠮᠡᠷᠭᠡᠵᠢᠯ ᠢᠶᠠᠷ ᠵᠢᠯᠤᠭᠤᠳᠬᠤ ᠵᠢᠱᠢᠶ᠎ᠠ ᠦᠵᠡᠭᠦᠯᠭᠦ ᠰᠠᠭᠤᠷᠢᠨ ᠭᠠᠵᠠᠷ᠂ ᠦᠪᠡᠷᠳᠡᠭᠡᠨ ᠵᠠᠰᠠᠬᠤ ᠤᠷᠤᠨ ᠤ ᠪᠤᠯᠪᠠᠰᠤᠨ ᠲᠤᠰᠬᠤᠨ ᠤ ᠪᠠᠯᠭᠠᠰᠣ ᠬᠡᠭᠦ ᠵᠡᠷᠭᠡ ᠢᠷᠠᠭᠤ ᠠᠯᠳᠠᠷ ᠢ ᠭᠥᠷᠳᠡᠪᠡ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号