ᠬᠤᠰᠢᠭᠤ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠵᠢᠴᠢ ᠰᠢᠶᠠᠨ ᠤ ᠲᠠᠰ ᠤᠨ ᠤᠳᠤᠷᠢᠳᠤᠯᠭ᠎ᠠ ᠨᠠᠷ ᠤᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/11/28
     ᠤᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠵᠢᠴᠢ ᠰᠢᠶᠠᠨ ᠤ ᠲᠠᠰ ᠤᠨ ᠤᠳᠤᠷᠢᠳᠤᠯᠭ᠎ᠠ ᠨᠠᠷ  ᠤᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠰᠢᠭᠤ ᠵᠠᠰᠠᠭ ᠵᠠᠬᠢᠷᠭᠠᠨ ᠤ ᠥᠢᠯᠡᠴᠢᠯᠡᠭᠡᠨ ᠤ ᠲᠥᠪ ᠲᠤ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ  ᠤᠯᠤᠰ ᠲᠥᠷᠥ ᠶᠢᠨ ᠵᠥᠪᠯᠡᠯᠭᠡᠨ ᠤ ᠲᠠᠷᠢᠭᠦᠯᠡᠭᠴᠢ ᠬᠤᠤ ᠸᠧᠶ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠲᠤᠶᠠᠭ᠎ᠠ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠬᠤᠸᠠᠩ ᠳ᠋ᠠᠨ ᠵᠢᠴᠢ ᠭᠡᠷ ᠲᠡᠭᠡᠨ ᠪᠠᠶᠢᠭ᠎ᠠ ᠰᠢᠶᠠᠨ ᠤ ᠲᠠᠰ ᠤᠨ ᠪᠥᠭᠦ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃      ᠬᠤᠷᠠᠯ ᠠᠴᠠ᠂ ︽ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠬᠢᠨᠠᠨ ᠰᠢᠯᠭᠠᠬᠤ ᠠᠵᠢᠯ ᠢ ᠰᠢᠯᠢᠳᠡᠭᠵᠢᠭᠦᠯᠦᠨ ᠰᠠᠶᠢᠵᠢᠷᠠᠭᠤᠯᠬᠤ ᠲᠤᠬᠠᠶ ᠲᠥᠪ ᠤᠨ ︿ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ ︽ᠥᠥᠰᠢᠨ ᠬᠤᠰᠢᠭᠤᠨ ᠤ ᠨᠠᠮ ᠤᠨ ᠬᠤᠷᠢᠶ᠎ᠠ ᠶᠢᠨ ︿ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠤᠯ ᠰᠡᠳᠦᠪᠲᠦ ᠬᠥᠮᠦᠵᠢᠯ ᠤᠨ ᠲᠤᠰᠬᠠᠶ ᠲᠥᠷᠥᠯ ᠤᠨ ᠴᠡᠭᠴᠡᠯᠡᠨ ᠰᠠᠶᠢᠵᠢᠷᠠᠭᠤᠯᠬᠤ ᠲᠥᠰᠦᠯ︾  ᠢ ᠬᠢᠨᠠᠨ ᠵᠥᠪᠯᠡᠪᠡ᠃ ᠠᠷᠠᠳᠴᠢᠯᠠᠯ ᠤᠨ ᠲᠠᠨᠢᠯᠴᠠᠭᠤᠯᠭ᠎ᠠ ᠶᠢᠨ ᠬᠦᠰᠦᠨᠦᠭᠲᠦ ᠲᠠᠭᠯᠠᠬᠤ ᠬᠡᠯᠪᠡᠷᠢ ᠪᠠᠷ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠭᠤᠷᠪᠠᠳᠤᠭᠠᠷ ᠲᠡᠰ ᠤᠨ ᠪᠠᠶᠢᠴᠠᠭᠠᠨ ᠰᠤᠳᠤᠯᠤᠭᠴᠢ ᠶᠢ ᠳᠡᠪᠰᠢᠭᠦᠯᠬᠦ ᠠᠩᠬ᠎ᠠ ᠠᠯᠬᠤᠮ ᠤᠨ ᠰᠠᠨᠠᠭᠤᠯᠭ᠎ᠠ ᠶᠢᠨ 10 ᠬᠥᠮᠦᠨ ᠢ ᠲᠠᠨᠢᠯᠴᠠᠭᠤᠯᠵᠠᠶ᠃      ᠬᠤᠷᠠᠯ ᠳᠡᠭᠡᠷ᠎ᠡ᠂ ᠡᠷᠳᠡᠨᠢᠪᠢᠯᠢᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂  ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠣ ᠴᠦᠨ  ᠤ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠪᠠ᠃ ᠡᠭᠦᠨ ᠤ ᠬᠠᠮᠲᠤ ᠨᠠᠮ ᠤᠨ ᠪᠠᠶᠢᠭᠤᠯᠤᠯᠲᠠ᠂ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ᠂ ᠭᠤᠤᠯ ᠰᠡᠳᠦᠪᠲᠦ ᠬᠥᠮᠦᠵᠢᠯ᠂ ᠪᠣᠳᠠᠲᠤ ᠥᠷ᠎ᠠ ᠪᠥᠳᠥᠮᠵᠢ ᠶᠢ ᠬᠢᠨᠠᠨ ᠰᠢᠯᠭᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ