ᠦᠤᠰᠢᠨ ᠬᠤᠰᠢᠭᠤᠨ ᠤ ᠲᠤᠭ ᠪᠠᠯᠭᠠᠰᠤ ᠶᠢᠨ ᠤᠯᠠᠨ ᠲᠦᠮᠠᠨ ᠬᠤᠵᠢᠷᠳᠤ ᠭᠤᠤᠯᠳᠠᠯᠭᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠬᠴᠢᠳ ᠤᠰᠤ | ᠤᠮᠳᠠ ᠶᠢᠨ ᠬᠦᠴᠢᠷᠳᠡᠯ ᠳᠤ ᠳᠤᠯᠭᠠᠷᠠᠵᠤ᠂ ᠤᠯᠠᠨ ᠠᠩᠭᠢ ᠶᠢᠨ ᠰᠤᠷᠤᠬᠴᠢ ᠶᠢᠨ ᠭᠡᠷ ᠤᠨ ᠠᠬᠠᠮᠠᠳ ᠭᠠᠳᠠᠨ᠎ᠠ ᠠᠴᠠ ᠤᠰᠤ ᠬᠤᠳᠠᠯᠳᠤᠨ ᠠᠪᠴᠦ | ᠰᠤᠷᠤᠬᠴᠢᠳ ᠲᠤ ᠤᠤᠭᠤᠬᠤ ᠤᠰᠤ ᠬᠠᠨᠭ᠍ᠭᠠᠵᠤ ᠪᠠᠶᠢᠨ᠎ᠠ ᠭᠡᠵᠤ ᠲᠤᠰᠬᠠᠪᠠ᠃ | ᠬᠤᠵᠢᠷᠳᠤ ᠭᠤᠤᠯᠳᠠᠯᠭᠠᠳᠤ ᠪᠠᠭ᠎ᠠ ᠰᠤᠷᠭᠠᠭᠤᠯᠢ ᠤᠯᠠᠨ ᠲᠠᠯ᠎ᠠ ᠪᠠᠷ ᠵᠤᠭᠢᠴᠠᠭᠤᠯᠭ᠎ᠠ ᠭᠢᠭᠦ ᠪᠠᠷ ᠲᠠᠮᠵᠢᠭᠤᠯᠤᠨ ᠤᠷᠳᠤᠰ ᠬᠤᠳᠠ ᠶᠢᠨ ᠠᠰᠠᠷᠠᠮᠵᠢ ᠶᠢᠨ | ᠰᠤᠭᠤᠯᠤᠭ᠎ᠠ ᠲᠠᠷᠬᠠᠭᠠᠬᠤ ᠬᠠᠮᠢᠶᠠᠷᠤᠯᠳᠠ ᠶᠢᠨ ᠲᠦᠪ ᠲᠠᠢ ᠬᠠᠷᠢᠯᠴᠠᠬᠤ ᠶᠢᠨ ᠬᠠᠮᠳᠤ ᠬᠤᠳᠠ ᠶᠢᠨ ᠠᠰᠠᠷᠠᠮᠵᠢ ᠶᠢᠨ ᠰᠤᠭᠤᠯᠤᠭ᠎ᠠ ᠲᠠᠷᠬᠠᠭᠠᠬᠤ | ᠬᠠᠮᠢᠶᠠᠷᠤᠯᠳᠠ ᠶᠢᠨ ᠲᠦᠪ ᠤᠨ ᠲᠡᠮᠵᠢᠯᠭᠡ ᠶᠢ ᠤᠯᠪᠠ᠃ ᠬᠤᠳᠠ ᠶᠢᠨ ᠠᠰᠠᠷᠠᠮᠵᠢ ᠶᠢᠨ ᠰᠤᠭᠤᠯᠤᠭ᠎ᠠ ᠲᠠᠷᠬᠠᠭᠠᠬᠤ ᠬᠠᠮᠢᠶᠠᠷᠤᠯᠳᠠ ᠶᠢᠨ ᠲᠦᠪ ᠨᠢ ᠲᠤᠰ | ᠰᠤᠷᠭᠠᠭᠤᠯᠢ ᠳᠤ 5 ᠲᠦᠮᠠᠨ ᠲᠦᠭᠦᠷᠢᠭ ᠤᠨ ᠪᠠᠯᠠ ᠤᠷᠤᠭᠤᠯᠵᠤ᠂ ᠰᠤᠷᠭᠠᠭᠤᠯᠢ ᠶᠢᠨ ᠠᠩᠭᠢ ᠶᠢᠨ ᠭᠡᠷ᠂ ᠠᠯᠪᠠᠨ ᠭᠡᠷ᠂ ᠪᠠᠶᠢᠷᠢ ᠶᠢᠨ ᠭᠡᠷ ᠲᠤ ᠤᠤᠭᠤᠬᠤ | ᠤᠰᠤᠨ ᠤ ᠲᠦᠭᠦᠭᠡᠷᠤᠮᠵᠢ ᠬᠤᠳᠠᠯᠳᠤᠨ ᠠᠪᠬᠤ᠂ ᠤᠬᠰᠠᠷᠠᠭᠤᠯᠬᠤ ᠵᠡᠷᠭᠡ ᠬᠤᠯᠪᠤᠬᠳᠠᠯ ᠪᠦᠭᠦᠢ ᠤᠴᠢᠷ ᠶᠠᠪᠤᠳᠠᠯ ᠢ ᠰᠢᠢᠳᠪᠤᠷᠢᠯᠠᠵᠤ᠂ ᠪᠦᠭᠦ | ᠰᠤᠷᠭᠠᠭᠤᠯᠢ ᠶᠢᠨ ᠪᠠᠭᠰᠢ ᠰᠤᠷᠤᠬᠴᠢᠳ ᠤᠨ ᠤᠤᠭᠤᠬᠤ ᠤᠰᠤᠨ ᠤ ᠭᠦᠴᠢᠷᠳᠠᠯ ᠢ ᠤᠬᠤᠷ ᠬᠤᠭᠤᠴᠠᠭᠠᠨ ᠳᠤ ᠰᠢᠢᠳᠪᠤᠷᠢᠯᠡᠵᠤ᠂ ᠪᠠᠭᠰᠢ ᠰᠤᠷᠤᠬᠴᠢᠳ ᠪᠠ | ᠭᠡᠷ ᠤᠨ ᠠᠬᠠᠮᠠᠳ ᠤᠨ ᠰᠠᠶᠢᠰᠢᠶᠠᠯ ᠢ ᠤᠯᠪᠠ᠃ | ︵ᠦᠤᠰᠢᠨ ᠬᠤᠰᠢᠭᠤᠨ ᠤ ᠨᠠᠮ ᠤᠨ ᠬᠤᠷᠢᠶᠠᠨ ᠤ ᠭᠤᠤᠯ ᠰᠡᠳᠦᠪᠳᠤ | ᠭᠦᠮᠦᠵᠢᠯ ᠤᠨ ᠤᠳᠤᠷᠢᠳᠬᠤ ᠲᠤᠭᠤᠢᠢᠯᠠᠩ ᠤᠨ ᠠᠯᠪᠠᠨ ᠭᠡᠷ︶ | |