ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠲᠣᠭᠤᠷᠢᠨ ᠪᠠᠶᠢᠴᠠᠭᠠᠯᠲᠠ ᠳᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-11-06
     11 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠲᠣᠭᠤᠷᠢᠨ ᠪᠠᠶᠢᠴᠠᠭᠠᠯᠲᠠ ᠳᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠥᠩ ᠯᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠲᠤᠶᠠᠭ᠎ᠠ ᠪᠤᠯᠤᠨ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠤᠬᠠᠭᠤᠯᠬᠤ ᠬᠡᠯᠲᠡᠰ᠂ ᠲᠤᠭᠤᠷᠢᠨ ᠪᠠᠶᠢᠴᠠᠭᠠᠬᠤ ᠠᠯᠪᠠᠨ ᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠬᠤᠷᠠᠯ ᠳᠤ ᠣᠷᠣᠯᠴᠠᠵᠠᠶ᠃
     ᠬᠤᠷᠠᠯ ᠠᠴᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠲᠤᠭᠤᠷᠢᠨ ᠪᠠᠶᠢᠴᠠᠭᠠᠯᠳᠠ ᠶᠢᠨ ᠲᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ  ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ ᠦᠪᠡᠷᠳᠡᠭᠡᠨ ᠵᠠᠰᠠᠬᠤ ᠤᠷᠤᠨ ᠤ ᠲᠤᠭᠤᠷᠢᠨ ᠪᠠᠶᠢᠴᠠᠭᠠᠯᠲᠠ ᠳᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠱᠠᠯᠠᠪᠳᠠᠭᠤᠯᠤᠨ ᠪᠠᠶᠢᠴᠠᠭᠠᠬᠤ ᠲᠤᠭᠤᠶᠢᠯᠠᠩ ᠢ ᠤᠬᠳᠤᠬᠤ ᠬᠠᠮᠢᠶ᠎ᠠ ᠪᠦᠬᠦᠢ ᠪᠡᠯᠡᠳᠬᠡᠯ ᠠᠵᠢᠯ ᠤᠨ ᠬᠠᠷᠢᠭᠤ ᠮᠡᠳᠡᠭᠦᠯᠥᠯᠳᠠ ᠶᠢ ᠰᠣᠨᠣᠰᠪᠠ᠃      ᠡᠷᠳᠡᠨᠢᠪᠢᠯᠢᠭ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠤᠭᠰᠤᠴᠠ ᠪᠠᠨ ᠳᠡᠭᠡᠭᠰᠢᠯᠡᠭᠦᠯᠵᠦ ᠦᠵᠡᠯ ᠰᠠᠨᠠᠭ᠎ᠠ ᠲᠠᠨᠢᠯᠲᠠ ᠪᠠᠨ ᠳᠠᠬᠢᠨ ᠪᠣᠳᠠᠲᠠᠶᠢᠵᠢᠭᠤᠯᠬᠤ ᠬᠡᠷᠡᠭᠲᠡᠶ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠦᠯ ᠤᠨ ᠱᠠᠭᠠᠷᠳᠠᠯᠭ᠎ᠠ ᠲᠠᠢ ᠨᠠᠷᠢᠨ ᠬᠢᠨᠠᠮᠠᠭᠠᠶ ᠬᠠᠷᠢᠴᠠᠭᠤᠯᠵᠤ ᠲᠤᠳᠠᠭᠤ ᠶᠢ ᠪᠠᠶᠢᠴᠠᠭᠠᠨ ᠨᠥᠬᠦᠪᠥᠷᠢᠯᠡᠵᠦ ᠡᠯ᠎ᠡ ᠵᠥᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠶᠢᠨ ᠬᠠᠮᠲᠤ ᠡᠯ᠎ᠡ ᠲᠥᠷᠥᠯ ᠤᠨ ᠭᠡᠷᠡᠴᠢ ᠮᠠᠲ᠋ᠧᠷᠢᠶᠠᠯ ᠴᠤᠭᠯᠠᠭᠤᠯᠤᠨ ᠡᠮᠬᠢᠳᠬᠡᠬᠦ ᠵᠢᠴᠢ ᠬᠠᠷᠢᠭᠤ ᠮᠡᠳᠡᠭᠦᠯᠬᠦ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ ᠤᠨᠴᠠᠭᠠᠶᠢᠯᠠᠨ ᠡᠯ᠎ᠡ ᠬᠠᠮᠢᠶ᠎ᠠ ᠪᠦᠬᠦᠢ ᠨᠢᠭᠡᠴᠢ ᠳᠤ ᠬᠦᠷᠴᠦ ᠱᠠᠯᠠᠪᠳᠠᠭᠤᠯᠤᠨ ᠪᠠᠶᠢᠴᠠᠭᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠠᠬᠢᠨ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ ᠃ ᠴᠡᠭᠴᠡᠯᠡᠨ ᠰᠠᠶᠢᠵᠢᠷᠠᠭᠤᠯᠬᠤ ᠵᠥᠢᠯ ᠳᠤ ᠴᠢᠭᠯᠡᠭᠦᠯᠦᠨ ᠡᠯ᠎ᠡ ᠲᠦᠷᠦᠭᠦᠯᠡᠬᠦ ᠪᠠᠶᠢᠭᠤᠯᠭ᠎ᠠ ᠨᠢᠭᠡᠴᠢ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠭᠤᠯᠤᠨ ᠲᠡᠭᠦᠯᠳᠡᠷᠵᠢᠭᠦᠯᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠠᠪᠤᠴᠠ  ᠳᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠦᠢᠯᠡᠳᠦᠯᠭᠡ᠂ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ ᠴᠠᠭ ᠲᠤᠬᠠᠶ ᠳᠤᠨᠢ ᠳᠦᠷᠢᠮ ᠤᠨ ᠲᠤᠭᠳᠠᠯᠴᠠᠭ᠎ᠠ ᠪᠤᠯᠭᠠᠬᠤ ᠭᠡᠷᠡᠭᠳᠠᠢ᠃ ᠦᠷ᠎ᠡ ᠪᠦᠲᠦᠮᠵᠢ ᠶᠢ ᠮᠥᠷᠳᠡᠨ ᠠᠰᠠᠭᠤᠵᠤ  ᠬᠠᠷᠢᠭᠤᠴᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠣᠯᠤᠨ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭᠠᠳᠬᠠᠬᠤ ᠡᠳᠦᠷ ᠲᠣᠲᠤᠮ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ ᠡᠯ᠎ᠡ ᠰᠠᠯᠠᠭ᠎ᠠ ᠮᠥᠴᠢᠷ ᠤᠨ ᠴᠡᠭᠴᠡᠯᠡᠨ ᠰᠠᠶᠢᠵᠢᠷᠠᠭᠤᠯᠬᠤ ᠠᠬᠢᠴᠠ᠂ ᠠᠵᠢᠯ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ ᠴᠡᠭᠴᠡᠯᠡᠨ ᠰᠠᠶᠢᠵᠢᠷᠠᠭᠤᠯᠬᠤ ᠬᠦᠴᠦᠨ ᠦᠭᠡᠢ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠠᠴᠠ ᠨᠢ ᠬᠠᠷᠢᠭᠤᠴᠠᠯᠭ᠎ᠠ ᠨᠡᠬᠡᠮᠵᠢᠯᠡᠵᠦ ᠲᠣᠭᠤᠷᠢᠨ ᠪᠠᠶᠢᠴᠠᠭᠠᠯᠲᠠ ᠳᠤ ᠲᠤᠰᠬᠠᠬᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠶᠢᠯᠪᠤᠷᠢᠲᠠᠢ ᠬᠢᠬᠦ ᠶᠢᠨ ᠬᠠᠮᠲᠤ ᠬᠤᠶᠠᠷ ᠱᠠᠯᠠᠪᠳᠠᠭᠤᠯᠤᠨ ᠪᠠᠶᠢᠴᠠᠭᠠᠬᠤ ᠲᠤᠭᠤᠶᠢᠯᠠᠩ   ᠱᠠᠯᠠᠪᠳᠠᠭᠤᠯᠤᠨ ᠪᠠᠶᠢᠴᠠᠭᠠᠵᠤ ᠰᠶᠢᠳᠪᠤᠷᠢᠯᠠᠭᠦ ᠦᠢᠯᠡᠳᠦᠯ ᠢᠶᠠᠨ ᠦᠨᠡᠨᠬᠦ ᠪᠠᠳᠠᠷᠠᠭᠤᠯᠵᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠤᠰᠢᠭᠤᠨ ᠤ ᠱᠠᠯᠠᠪᠳᠠᠭᠤᠯᠤᠨ ᠪᠠᠶᠢᠴᠠᠭᠠᠬᠤ ᠭᠤᠤᠯ ᠠᠭᠤᠯᠭ᠎ᠠ ᠪᠤᠯᠭᠠᠵᠤ ᠠᠵᠢᠯ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号