ᠪᠦᠬᠦ ᠬᠤᠰᠢᠭᠤᠨ ᠤ ᠬᠠᠤᠯᠢ ᠬᠡᠷᠡᠭᠵᠢᠬᠦᠯᠦᠭᠴᠢᠳ ᠤᠨ ᠮᠡᠳᠡᠯᠬᠡ ᠴᠢᠳᠠᠪᠦᠷᠢ ᠶᠢᠨ ᠬᠢᠷᠢ ᠳᠦᠪᠰᠢᠨ ᠢ | ᠳᠡᠭᠡᠭᠰᠢᠯᠡᠬᠦᠯᠵᠦ ᠲᠦᠷᠢᠮᠵᠢᠯ ᠲᠠᠢ᠂ ᠳᠦᠪ ᠭᠤᠤᠯᠴᠢ᠂ ᠪᠤᠯᠪᠠᠰᠤᠨ ᠢᠶᠠᠷ ᠬᠠᠤᠯᠢ ᠬᠡᠷᠡᠭᠵᠢᠬᠦᠯᠦᠨ ᠬᠠᠤᠯᠢ | ᠶᠤᠰᠤᠭᠠᠷ ᠵᠠᠰᠠᠭ ᠶᠠᠪᠤᠭᠤᠯᠬᠤ ᠢ ᠤᠯᠠᠮ ᠨᠢᠬᠡ ᠠᠯᠬᠤᠮ ᠲᠦᠯᠬᠢᠨ ᠠᠬᠢᠭᠤᠯᠬᠤ ᠶᠢᠨ ᠳᠤᠰᠠᠳᠠ ᠤᠶᠢᠷ᠎ᠠ ᠶᠢᠨ | ᠡᠳᠦᠷ᠂ ᠬᠤᠰᠢᠭᠤ ᠤᠷᠤᠨ ᠳᠤᠭᠠᠨ ᠤ ᠵᠦᠪᠯᠡᠯ ᠪᠤᠯᠤᠨ ᠬᠤᠰᠢᠭᠤ ᠬᠠᠤᠯᠢ ᠴᠠᠭᠠᠵᠠ ᠶᠢᠨ ᠲᠤᠪᠴᠢᠶ᠎ᠠ ᠬᠠᠮᠳᠤᠷᠠᠨ | ᠪᠦᠬᠦ ᠬᠤᠰᠢᠭᠤᠨ ᠤ ᠬᠠᠤᠯᠢ ᠬᠡᠷᠡᠭᠵᠢᠬᠦᠯᠦᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠬᠦᠯᠬᠦ | ᠪᠤᠯᠪᠠᠰᠤᠷᠠᠯ ᠤᠨ ᠠᠩᠬᠢ ᠶᠢ ᠡᠷᠬᠢᠯᠡᠪᠡ᠃ ᠡᠯ᠎ᠡ ᠰᠤᠮᠤ ᠪᠠᠯᠭᠠᠰᠤᠨ ᠤ ᠬᠠᠤᠯᠢ ᠭᠡᠷᠡᠭᠵᠢᠬᠦᠯᠬᠦ ᠳᠤᠪᠴᠢᠶ᠎ᠠ ᠪᠠ | ᠬᠤᠰᠢᠭᠤᠨ ᠤ ᠶᠢᠰᠦᠨ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠬᠠᠤᠯᠢ ᠬᠡᠷᠡᠭᠵᠢᠬᠦᠯᠬᠦ ᠡᠩᠨᠡᠭᠡᠨ ᠤ ᠭᠤᠷᠪᠠᠨ | ᠵᠠᠭᠤ ᠭᠠᠷᠦᠢ ᠬᠠᠤᠯᠢ ᠬᠡᠷᠡᠭᠵᠢᠬᠦᠯᠦᠭᠴᠢᠳ ᠪᠤᠯᠪᠠᠰᠤᠷᠠᠯ ᠳᠤ ᠤᠷᠤᠯᠴᠠᠪᠠ᠃ | ᠪᠤᠯᠪᠠᠰᠤᠷᠠᠯ ᠳᠤ᠂ ᠠᠢ ᠳ᠋ᠧ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠳᠤᠰᠬᠠᠢ ᠳᠤᠰᠢᠶᠠᠳᠤ ᠬᠠᠤᠯᠢᠴᠢ | ᠰᠢᠦᠸᠠᠢ ᠴᠤᠤ ᠴᠢᠶᠦ᠋ᠨ ᠢ ᠤᠷᠢᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠬᠠᠷᠢᠭᠤᠴᠠᠯᠭ᠎ᠠ᠂ | ᠲᠦᠷᠦᠯ ᠢᠯᠭᠠᠯ᠂ ᠵᠠᠰᠠᠭ ᠵᠠᠬᠢᠷᠭᠠᠨ ᠤ ᠰᠢᠳᠬᠡᠯ ᠦᠭᠬᠦ ᠵᠢᠷᠦᠮ᠂ ᠵᠠᠯᠬᠠᠭᠠᠨ ᠰᠢᠳᠬᠡᠬᠦ ᠪᠠᠷᠢᠮᠵᠢᠶ᠎ᠠ ᠵᠡᠷᠬᠡ ᠢ | ᠪᠤᠳᠠᠳᠤ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ ᠨᠠᠷᠢᠨ ᠳᠠᠶᠢᠯᠪᠤᠷᠢᠯᠠᠭᠤᠯᠪᠠ᠃ | ᠪᠤᠯᠪᠠᠰᠤᠷᠠᠯ ᠪᠠᠷ ᠳᠠᠮᠵᠢᠨ᠂ ᠬᠠᠤᠯᠢ ᠬᠡᠷᠡᠭᠵᠢᠬᠦᠯᠬᠦ ᠠᠵᠢᠯᠳᠠᠳ ᠤᠨ ᠮᠡᠳᠡᠯᠬᠡ ᠶᠢᠨ ᠬᠦᠷᠢᠶ᠎ᠡ ᠬᠡᠪᠴᠢᠶ᠎ᠡ ᠶᠢ | ᠦᠷᠬᠡᠳᠬᠡᠵᠦ ᠳᠤᠬᠠᠶᠢᠯᠠᠭᠰᠠᠨ ᠠᠵᠢᠯ ᠤᠨ ᠴᠢᠳᠠᠪᠦᠷᠢ ᠶᠢ ᠲᠡᠭᠡᠭᠰᠢᠯᠡᠬᠦᠯᠦᠭᠰᠡᠨ ᠢᠶᠠᠷ ᠪᠠᠷᠠᠬᠤ ᠦᠭᠡᠢ ᠬᠤᠶᠢᠰᠢᠳᠠ | ᠶᠢᠨ ᠠᠵᠢᠯ ᠳᠤ ᠨᠢ ᠵᠢᠯᠤᠭᠤᠳᠤᠮᠵᠢ ᠪᠤᠯᠵᠤ ᠬᠠᠤᠯᠢ ᠭᠡᠷᠡᠭᠵᠢᠬᠦᠯᠬᠦ ᠶᠠᠪᠤᠴᠠ ᠪᠠᠨ ᠲᠦᠷᠢᠮᠵᠢᠬᠦᠯᠬᠦ᠂ ᠲᠦᠪ | ᠭᠤᠤᠯᠴᠢ ᠪᠤᠯᠪᠠᠰᠤᠨ ᠢᠶᠠᠷ ᠬᠠᠤᠯᠢ ᠬᠡᠷᠡᠭᠵᠢᠬᠦᠯᠬᠦ ᠳᠤ ᠬᠦᠨᠳᠦ ᠴᠢᠬᠤᠯᠠ ᠠᠴᠢ ᠬᠤᠯᠪᠤᠭᠳᠠᠯ ᠲᠠᠢ ᠶᠤᠮ᠃ |