ᠤᠶᠢᠷ᠎ᠠ ᠶᠢᠨ ᠡᠳᠦᠷ᠂ ᠬᠤᠰᠢᠭᠤ ᠬᠠᠤᠯᠢ ᠴᠠᠭᠠᠵᠠ ᠶᠢᠨ ᠳᠤᠪᠴᠢᠶ᠎ᠠ ︽ᠤᠭ ᠰᠠᠨᠠᠭ᠎ᠠ ᠪᠠᠨ ᠥᠯᠦ ᠮᠠᠷᠳᠠᠨ | ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠤᠪᠳᠤ ᠬᠦᠮᠦᠵᠢᠯ ᠢ ᠲᠦᠯᠬᠢᠨ ᠠᠬᠢᠭᠤᠯᠬᠤ | ᠬᠤᠷᠠᠯ ᠬᠢᠵᠦ ᠳᠠᠷᠠᠭᠠᠴᠢ ᠶᠢᠨ ᠠᠯᠬᠤᠮ ᠤᠨ ᠠᠵᠢᠯ ᠳᠤ ᠪᠠᠨ ᠪᠠᠶᠢᠷᠢᠯᠠᠭᠤᠯᠤᠯᠲᠠ ᠲᠤᠬᠢᠷᠠᠭᠤᠯᠤᠯᠲᠠ ᠬᠢᠪᠡ᠃ | ᠬᠤᠰᠢᠭᠤ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠥᠯᠦ ᠮᠠᠷᠳᠠᠵᠤ ᠡᠬᠦᠷᠬᠡ ᠬᠠᠷᠢᠭᠤᠴᠠᠯᠭ᠎ᠠ ᠪᠠᠨ ᠪᠠᠳᠤ | ᠴᠡᠬᠡᠵᠢᠯᠡᠬᠦ︾ ᠭᠤᠤᠯ ᠰᠡᠳᠤᠪᠳᠤ ᠬᠦᠮᠦᠵᠢᠯ ᠤᠨ ᠶᠢᠰᠦᠳᠦᠬᠡᠷ ᠪᠠᠶᠢᠴᠠᠭᠠᠨ ᠵᠢᠯᠤᠭᠤᠳᠬᠤ ᠳᠤᠭᠤᠶᠢᠯᠠᠩ | ᠬᠠᠷᠢᠭᠤᠴᠠᠯᠭᠠᠲᠠᠨ ᠬᠤᠷᠠᠯ ᠳᠤ ᠰᠠᠭᠠᠳᠠᠨ ᠵᠢᠯᠤᠭᠤᠳᠤᠯᠭ᠎ᠠ ᠬᠢᠵᠦ ᠬᠤᠰᠢᠭᠤ ᠬᠠᠤᠯᠢ ᠴᠠᠭᠠᠵᠠ ᠶᠢᠨ ᠲᠤᠪᠴᠢᠶᠠᠨ ᠤ | ᠪᠦᠬᠦ ᠨᠠᠮ ᠤᠨ ᠬᠡᠰᠢᠬᠦᠨ ᠬᠤᠷᠠᠯ ᠳᠤ ᠤᠷᠤᠯᠴᠠᠪᠠ᠃ | ᠬᠤᠷᠠᠯ ᠲᠡᠭᠡᠷ᠎ᠡ᠂ ᠬᠤᠰᠢᠭᠤ ᠬᠠᠤᠯᠢ ᠴᠠᠭᠠᠵᠠ ᠶᠢᠨ ᠲᠤᠪᠴᠢᠶᠠᠨ ᠤ ᠬᠠᠷᠢᠭᠤᠴᠠᠯᠭᠠᠲᠠᠨ ᠠᠴᠠ ︽ᠤᠭ | ᠰᠠᠨᠠᠭ᠎ᠠ ᠪᠠᠨ ᠥᠯᠦ ᠮᠠᠷᠳᠠᠵᠤ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠤᠪᠳᠤ ᠬᠦᠮᠦᠵᠢᠯ | ᠤᠨ ᠠᠵᠢᠯ ᠳᠤ ᠪᠠᠶᠢᠷᠢᠯᠠᠭᠤᠯᠤᠯᠲᠠ ᠲᠤᠬᠢᠷᠠᠭᠤᠯᠤᠯᠲᠠ ᠬᠢᠵᠤ᠂ ᠪᠠᠶᠢᠴᠠᠭᠠᠨ ᠵᠢᠯᠤᠭᠤᠳᠬᠤ ᠳᠤᠭᠤᠶᠢᠯᠠᠩ ᠤᠨ | ᠬᠠᠷᠢᠭᠤᠴᠠᠯᠭᠠᠲᠠᠨ ᠠᠴᠠ ᠤᠶᠢᠷ᠎ᠠ ᠶᠢᠨ ᠬᠤᠭᠤᠴᠠᠭᠠᠨ ᠤ ᠭᠤᠤᠯ ᠰᠡᠳᠤᠪᠳᠦ ᠬᠦᠮᠦᠵᠢᠯ ᠤᠨ ᠭᠤᠤᠯᠳᠠᠯᠭᠠᠳᠤ ᠠᠵᠢᠯ | ᠳᠤ ᠪᠤᠳᠠᠳᠠᠢ ᠱᠠᠭᠠᠷᠳᠠᠯᠭ᠎ᠠ ᠳᠤᠷᠠᠳᠪᠠ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠭᠤᠤᠯ ᠰᠡᠳᠤᠪᠳᠤ ᠬᠦᠮᠦᠵᠢᠯ ᠤᠨ ᠶᠡᠷᠦᠩᠬᠡᠢ ᠱᠠᠭᠠᠷᠳᠠᠯᠭ᠎ᠠ ᠶᠢ | ᠤᠨᠤᠪᠴᠢᠳᠠᠢ ᠡᠵᠡᠮᠰᠢᠬᠦ ᠬᠡᠷᠡᠭᠳᠡᠢ᠃ ᠶᠡᠷᠦᠩᠬᠡᠢ ᠱᠦᠵᠢ ᠰᠢ ᠶᠢᠨ ᠫᠢᠩ ᠶᠢᠨ ᠲᠤᠷᠠᠳᠤᠭᠰᠡᠨ ᠰᠢᠨ᠎ᠡ ᠴᠠᠭ ᠦᠶ᠎ᠡ | ᠶᠢᠨ ᠳᠤᠮᠳᠠᠳᠤ ᠣᠯᠣᠰ ᠤᠨ ᠤᠨᠴᠠᠯᠢᠭ ᠪᠦᠬᠦᠢ ᠨᠡᠶᠢᠬᠡᠮ ᠵᠢᠷᠦᠮ ᠤᠨ ᠦᠵᠡᠯ ᠰᠠᠨᠠᠭᠠᠨ ᠤ ᠳᠤᠭᠤᠷᠢᠨ ᠳᠤ | ᠶᠡᠷᠦᠩᠬᠡᠢ ᠱᠦᠵᠢ ᠰᠢ ᠶᠢᠨ ᠫᠢᠩ ᠶᠢᠨ ︽ᠤᠭ ᠰᠠᠨᠠᠭ᠎ᠠ ᠪᠠᠨ ᠥᠯᠦ ᠮᠠᠷᠳᠠᠵᠤ ᠡᠬᠦᠷᠬᠡ ᠬᠠᠷᠢᠭᠤᠴᠠᠯᠭ᠎ᠠ ᠪᠠᠨ | ᠪᠠᠳᠤ ᠴᠡᠬᠡᠵᠢᠯᠡᠬᠦ︾ ᠭᠤᠤᠯ ᠰᠡᠲᠦᠪᠲᠤ ᠬᠦᠮᠦᠵᠢᠯ ᠤᠨ ᠳᠤᠬᠠᠢ ᠴᠢᠬᠤᠯᠠ ᠦᠬᠦᠯᠡᠯᠳᠡ ᠶᠢ ᠪᠦᠬᠦ ᠳᠠᠯ᠎ᠠ ᠪᠠᠷ | ᠨᠠᠷᠢᠨ ᠨᠢᠮᠪᠡᠢ ᠰᠤᠷᠤᠯᠴᠠᠵᠤ ︽ᠤᠭ ᠰᠠᠨᠠᠭ᠎ᠠ ᠪᠠᠨ ᠪᠠᠷᠢᠮᠳᠠᠯᠠᠨ ᠡᠬᠦᠷᠬᠡ ᠬᠠᠷᠢᠭᠤᠴᠠᠯᠭ᠎ᠠ ᠡᠬᠦᠷᠬᠡᠯᠡᠵᠤ ᠵᠦᠷᠢᠶ᠎ᠡ | ᠪᠠᠨ ᠡᠷᠢᠨ ᠨᠠᠶᠢᠳᠠᠪᠤᠷᠢᠵᠢᠭᠤᠯᠤᠯᠳᠠ ᠶᠢ ᠠᠳᠬᠤᠬᠤ︾ ᠶᠡᠷᠦᠩᠬᠡᠢ ᠱᠠᠭᠠᠷᠳᠠᠯᠭ᠎ᠠ ᠶᠢ ᠴᠢᠩᠭ᠎ᠠ ᠪᠠᠷᠢᠮᠳᠠᠯᠠᠵᠤ ︽ | ᠤᠨᠤᠯ ᠰᠤᠷᠤᠯᠴᠠᠯᠭ᠎ᠠ ᠠᠴᠠ ᠤᠯᠤᠯᠲᠠ ᠲᠠᠢ᠂ ᠦᠵᠡᠯ ᠰᠠᠨᠠᠭ᠎ᠠ ᠤᠯᠤᠰ ᠲᠦᠷᠦ ᠶᠢᠨ ᠲᠦᠪᠰᠢᠨ ᠳᠡᠭᠡᠭᠰᠢᠯᠡᠯᠳᠡ | ᠲᠠᠢ᠂ ᠠᠵᠢᠯ ᠦᠢᠯᠡᠰ ᠪᠤᠰᠬᠠᠬᠤ ᠳᠤ ᠪᠠᠨ ᠵᠤᠷᠢᠭᠳᠠᠢ ᠬᠠᠷᠢᠭᠤᠴᠠᠵᠤ᠂ ᠠᠷᠠᠳ ᠲᠦᠮᠡᠨ ᠳᠤ ᠦᠢᠯᠡᠴᠢᠯᠡᠨ ᠬᠦᠴᠢᠷ | ᠠᠰᠠᠭᠤᠳᠠᠯ ᠢ ᠨᠢ ᠰᠶᠢᠳᠪᠦᠷᠢᠯᠡᠵᠦ᠂ ᠠᠷᠢᠭᠤᠨ ᠴᠢᠬᠡᠴᠢ ᠪᠠᠷ ᠪᠠᠷᠢᠬᠤ ᠦᠯᠢᠬᠡᠷ ᠳᠠᠭᠤᠷᠢᠶᠠᠯ ᠪᠤᠯᠬᠤ︾ ᠬᠠᠷᠠᠯᠳᠠ | ᠪᠠᠨ ᠴᠢᠷᠮᠠᠶᠢᠨ ᠪᠡᠶᠠᠯᠡᠭᠦᠯᠭᠦ ᠬᠡᠷᠡᠭᠲᠠᠢ᠃ ︽ᠤᠭ ᠰᠠᠨᠠᠭ᠎ᠠ ᠪᠠᠨ ᠥᠯᠦ ᠮᠠᠷᠳᠠᠵᠤ ᠡᠬᠦᠷᠬᠡ ᠬᠠᠷᠢᠭᠤᠴᠠᠯᠭ᠎ᠠ ᠪᠠᠨ | ᠪᠠᠳᠤ ᠴᠡᠬᠡᠵᠢᠯᠡᠬᠦ︾ ᠭᠤᠤᠯ ᠰᠡᠳᠤᠪᠳᠤ ᠬᠦᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠪᠢᠴᠢᠭ ᠤᠨ | ᠱᠠᠭᠠᠷᠳᠠᠯᠭ᠎ᠠ ᠶᠤᠰᠤᠭᠠᠷ ᠬᠠᠤᠯᠢ ᠴᠠᠭᠠᠵᠠ ᠶᠢᠨ ᠲᠤᠪᠴᠢᠶᠠᠨ ᠤ ᠪᠤᠳᠠᠳᠠᠢ ᠲᠠᠢ ᠤᠶᠠᠯᠳᠤᠭᠤᠯᠤᠨ ᠤᠳᠤᠷᠢᠳᠬᠤ ᠪᠠᠭ | ᠤᠨ ᠰᠤᠷᠤᠯᠴᠠᠯᠭ᠎ᠠ ᠬᠦᠮᠦᠵᠢᠯ ᠤᠨ ᠠᠵᠢᠯ᠂ ᠪᠠᠶᠢᠴᠠᠭᠠᠨ ᠰᠤᠳᠤᠯᠤᠯᠳᠠ ᠶᠢᠨ ᠠᠵᠢᠯ᠂ ᠠᠰᠠᠭᠤᠳᠠᠯ ᠢ ᠪᠠᠶᠢᠴᠠᠭᠠᠨ | ᠦᠵᠡᠬᠦ ᠠᠵᠢᠯ᠂ ᠦᠬᠡᠷᠡᠴᠢᠯᠡᠨ ᠰᠠᠶᠢᠵᠢᠷᠠᠭᠤᠯᠵᠤ ᠲᠦᠰᠦᠪ ᠵᠢᠴᠢ ᠨᠠᠮ ᠤᠨ ᠡᠬᠦᠷ ᠤᠨ ᠭᠤᠤᠯ ᠰᠡᠳᠤᠪᠳᠦ | ᠬᠦᠮᠦᠵᠢᠯ ᠤᠨ ᠠᠵᠢᠯ ᠢ ᠳᠤᠭᠳᠠᠭᠠᠵᠤ᠂ ᠭᠤᠤᠯ ᠰᠡᠳᠤᠪᠳᠦ ᠬᠦᠮᠦᠵᠢᠯ ᠢ ᠴᠢᠨᠠᠷ ᠰᠠᠶᠢᠲᠠᠢ ᠪᠡᠶᠠᠯᠡᠭᠦᠯᠭᠦ ᠬᠡᠷᠡᠭᠲᠠᠢ᠃ | ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ ᠬᠠᠤᠯᠢ ᠴᠠᠭᠠᠵᠠ ᠶᠢᠨ ᠳᠤᠪᠴᠢᠶᠠᠨ ᠤ ︽ᠤᠭ | ᠰᠠᠨᠠᠭ᠎ᠠ ᠪᠠᠨ ᠥᠯᠦ ᠮᠠᠷᠳᠠᠵᠤ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠤᠪᠳᠤ ᠬᠦᠮᠦᠵᠢᠯ | ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ ᠤᠬᠠᠭᠤᠯᠤᠨ ᠳᠠᠭᠠᠭᠤᠯᠬᠤ ᠬᠦᠴᠦᠯᠡᠴᠡ ᠪᠠᠨ ᠴᠢᠩᠭᠠᠳᠬᠠᠵᠤ ︽ | ᠦᠦᠰᠢᠨ ᠬᠤᠰᠢᠭᠤᠨ ᠤ ᠬᠠᠤᠯᠢ ᠴᠠᠭᠠᠵᠠ︾ ᠸᠢᠴᠠᠲ ᠤᠨ ᠤᠯᠠᠨ ᠨᠡᠶᠢᠳᠡ ᠶᠢᠨ ᠳᠠᠪᠴᠠᠩ᠂ ᠪᠦᠷᠬᠡ᠂ | ᠦᠨᠦᠳᠦᠷ ᠤᠨ ᠳᠡᠷᠢᠬᠦᠨ ᠮᠡᠳᠡᠭᠡ ᠵᠡᠷᠬᠡ ᠰᠢᠨ᠎ᠡ ᠵᠠᠭᠤᠴᠢᠯᠠᠭᠤᠷ ᠢ ᠰᠠᠶᠢᠳᠦᠷ ᠠᠰᠢᠭᠯᠠᠨ ᠨᠠᠮ ᠤᠨ ᠦᠨᠳᠦᠰᠦᠨ | ᠱᠤᠭᠤᠮ᠂ ᠴᠢᠭᠯᠡᠯᠳᠡ᠂ ᠲᠦᠷᠦ ᠶᠢᠨ ᠪᠤᠳᠤᠯᠭ᠎ᠠ ᠪᠤᠯᠤᠨ ᠭᠤᠤᠯ ᠰᠡᠳᠤᠪᠳᠤ ᠬᠦᠮᠦᠵᠢᠯ ᠤᠨ ᠠᠬᠢᠴᠠ᠂ ᠦᠷ᠎ᠡ | ᠪᠦᠳᠦᠮᠵᠢ ᠶᠢ ᠬᠦᠨᠵᠡᠬᠡᠢ ᠤᠬᠠᠭᠤᠯᠵᠤ ᠭᠤᠤᠯ ᠰᠡᠳᠤᠪᠳᠤ ᠬᠦᠮᠦᠵᠢᠯ ᠤᠨ ᠠᠵᠢᠯ ᠳᠤ ᠤᠬᠢ ᠰᠠᠶᠢᠨ ᠤᠷᠴᠢᠨ ᠢ | ᠪᠦᠷᠢᠯᠳᠤᠭᠦᠯᠵᠤ ᠦᠷ᠎ᠡ ᠠᠰᠢᠭ ᠭᠠᠷᠭᠠᠬᠤ ᠭᠡᠷᠡᠭᠲᠠᠢ ᠬᠡᠪᠡ᠃ |