11 ᠰᠠᠷ᠎ᠠ ᠶᠢᠨ 4 ᠤ ᠡᠳᠦᠷ᠂ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠵᠢᠴᠢ ᠠᠯᠪᠠᠨ ᠪᠠᠶᠢᠭᠤᠯᠭ᠎ᠠ ︽ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ | ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠭᠤᠣᠯ ᠰᠡᠳᠣᠪᠲᠣ ᠬᠦᠮᠦᠵᠢᠯ ᠤᠨ ᠰᠠᠨᠠᠯ ᠬᠤᠷᠢᠶᠠᠬᠤ ᠰᠠᠭᠤᠳᠠᠯ ᠤᠨ | ᠬᠤᠷᠠᠯ ᠢ ᠬᠤᠷᠠᠯᠳᠤᠭᠤᠯᠪᠠ᠃ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠯᠢ ᠰᠢᠦ ᠹᠧᠩ ᠬᠤᠷᠠᠯ ᠡᠷᠬᠢᠯᠡᠵᠦ᠂ ᠬᠤᠰᠢᠭᠤ ᠳᠡᠰ ᠤᠨ ᠠᠷᠠᠳ ᠤᠨ | ᠳᠦᠯᠦᠭᠡᠯᠡᠭᠴᠢ᠂ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠯ᠎ᠡ ᠵᠦᠪᠯᠡᠯ᠂ ᠠᠯᠪᠠᠨ ᠬᠡᠷ ᠤᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃ | ᠬᠤᠷᠠᠯ ᠳᠤ ᠣᠷᠣᠯᠴᠠᠭᠰᠠᠳ ᠣᠯᠠᠨ ᠲᠦᠮᠡᠨ ᠤ ᠠᠩᠬᠠᠷᠴᠦ ᠪᠠᠶᠢᠭ᠎ᠠ ᠠᠰᠠᠭᠤᠳᠠᠯ᠂ ᠣᠯᠠᠨ ᠲᠦᠮᠡᠨ ᠤ | ᠵᠣᠭᠰᠣᠯᠳᠠ ᠶᠢᠨ ᠳᠠᠯ᠎ᠠ ᠠᠴᠠ ︽ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠣ | ᠴᠡᠭᠡᠵᠢᠯᠡᠬᠦ︾ ᠭᠤᠣᠯ ᠰᠡᠳᠣᠪᠲᠣ ᠬᠦᠮᠦᠵᠢᠯ ᠤᠨ ᠳᠣᠭᠤᠷᠢᠨ ᠳᠤ ᠦᠵᠡᠯ ᠰᠠᠨᠠᠭ᠎ᠠ ᠣᠬᠠᠮᠰᠠᠷ᠂ ᠴᠢᠳᠠᠪᠣᠷᠢ ᠬᠡᠪ | ᠰᠣᠷᠳᠠᠯ᠂ ᠡᠬᠦᠷᠭᠡ ᠬᠠᠷᠢᠭᠤᠴᠠᠯᠭ᠎ᠠ ᠪᠠ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠵᠢᠯ ᠤᠨ ᠳᠣᠬᠠᠢ ᠰᠠᠨᠠᠯ ᠰᠠᠨᠠᠭᠤᠯᠭ᠎ᠠ ᠳᠣᠷᠠᠳᠪᠠ᠃ | ᠬᠤᠷᠠᠯ ᠠᠴᠠ ᠱᠠᠭᠠᠷᠳᠠᠬᠤ ᠳᠠᠭᠠᠨ᠂ ᠬᠤᠷᠠᠯ ᠳᠡᠭᠡᠷ᠎ᠡ ᠳᠣᠷᠠᠳᠣᠭᠰᠠᠨ ᠰᠠᠨᠠᠯ ᠰᠠᠨᠠᠭᠤᠯᠭ᠎ᠠ ᠶᠢ ᠡᠮᠬᠢᠳᠭᠡᠨ | ᠲᠢᠭᠯᠡᠵᠦ ᠬᠦᠨᠵᠡᠬᠡᠢ ᠰᠣᠳᠣᠯᠵᠦ᠂ ᠠᠰᠠᠭᠤᠳᠠᠯ ᠢ ᠵᠠᠳᠠᠯᠣᠨ᠂ ᠰᠢᠢᠳᠪᠦᠷᠢᠯᠡᠵᠤ ᠳᠡᠶᠢᠯᠬᠦ ᠶᠢ ᠨᠢ ᠴᠠᠭ ᠳᠣᠬᠠᠢ ᠳᠤᠨᠢ | ᠰᠢᠢᠳᠪᠦᠷᠢᠯᠡᠵᠤ ᠨᠢᠬᠡ ᠯᠡ ᠳᠣᠣᠷ᠎ᠠ ᠳᠡᠶᠢᠯᠬᠦ ᠦᠬᠡᠢ ᠶᠢ ᠨᠢ ᠰᠠᠶᠢᠳᠣᠷ ᠰᠣᠳᠣᠯᠵᠦ ᠨᠦᠬᠦᠴᠡᠯ ᠪᠦᠷᠢᠯᠳᠦᠬᠦᠯᠦᠨ | ᠡᠷᠳᠡᠭᠡᠨ ᠰᠢᠢᠳᠪᠦᠷᠢᠯᠡᠬᠦ ᠬᠡᠷᠡᠭᠲᠡᠢ᠃ ᠡᠳᠡᠭᠡᠷ ᠠᠰᠠᠭᠤᠳᠠᠯ ᠢ ︽ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ | ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠭᠤᠣᠯ ᠰᠡᠳᠣᠪᠲᠣ ᠬᠦᠮᠦᠵᠢᠯ ᠪᠠ ᠬᠤᠰᠢᠭᠤ ᠠᠷᠠᠳ ᠤᠨ | ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠲᠠᠢ ᠣᠶᠠᠯᠳᠣᠭᠤᠯᠣᠨ ᠠᠳᠬᠤᠵᠦ | ᠠᠵᠢᠯ ᠤᠨ ᠳᠣᠮᠳᠠ ᠪᠠᠨ ᠲᠤᠭᠤᠰᠢᠯᠠᠭᠤᠯᠵᠤ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠵᠢᠯ ᠤᠨ ᠰᠢᠨ᠎ᠡ ᠪᠦᠲᠦᠮᠵᠢ ᠶᠢ ᠡᠬᠦᠳᠴᠦ ᠰᠢᠨ᠎ᠡ ᠳᠡᠭᠳᠡᠷ ᠲᠤ ᠭᠠᠷᠬᠤ ᠶᠢ | ᠠᠬᠢᠭᠤᠯᠬᠤ ᠬᠡᠷᠡᠭᠲᠡᠢ ᠬᠡᠪᠡ᠃ | |