ᠤᠶᠢᠷ᠎ᠠ ᠶᠢᠨ ᠡᠳᠤᠷ᠂ ᠮᠠᠨ ᠤ ᠬᠤᠰᠢᠭᠤ 2019 ᠣᠨ ᠤ ᠪᠦᠬᠦ ᠬᠤᠰᠢᠭᠤᠨ ᠤ ᠨᠠᠮ ᠤᠨ ᠡᠬᠦᠷ ᠤᠨ | ᠱᠦᠵᠢ ᠨᠠᠷ ᠤᠨ ᠪᠣᠯᠪᠠᠰᠣᠷᠠᠯ ᠤᠨ ᠠᠩᠬᠢ ᠡᠷᠬᠢᠯᠡᠪᠡ᠃ ᠮᠠᠨ ᠤ ᠬᠤᠰᠢᠭᠤᠨ ᠤ ᠡᠯ᠎ᠡ ᠠᠵᠣ ᠠᠬᠤᠢ ᠶᠢᠨ | ᠨᠡᠬᠡᠬᠡᠯᠳᠡ ᠶᠢᠨ ᠲᠤᠭᠤᠷᠢᠭ ︵ᠬᠦᠷᠢᠶᠡᠯᠡᠩ ᠳᠣᠭᠤᠷᠢᠭ︶᠂ ᠬᠤᠰᠢᠭᠤ ᠰᠢᠭᠤᠳ ᠬᠠᠷᠢᠶ᠎ᠠ ᠠᠯᠪᠠᠨ ᠪᠠᠶᠢᠭᠤᠯᠭ᠎ᠠ᠂ | ᠡᠯ᠎ᠡ ᠠᠵᠣ ᠠᠬᠤᠶᠢᠯᠠᠯ ᠠᠵᠢᠯ ᠦᠢᠯᠡᠰ ᠤᠨ ᠪᠠᠶᠢᠭᠤᠯᠭ᠎ᠠ ᠨᠢᠬᠡᠴᠢ ᠶᠢᠨ ᠨᠠᠮ ᠤᠨ ᠶᠡᠷᠦᠩᠬᠡᠢ ᠱᠦᠵᠢ᠂ ᠨᠠᠮ ᠤᠨ | ᠡᠬᠦᠷ ᠤᠨ ᠱᠦᠵᠢ᠂ ᠡᠯ᠎ᠡ ᠰᠣᠮᠣ ᠪᠠᠯᠭᠠᠰᠤ᠂ ᠭᠠᠴᠠᠭ᠎ᠠ ᠳᠣᠰᠬᠤᠨ ᠨᠡᠶᠢᠬᠡᠮ ᠳᠣᠭᠤᠷᠢᠭ ᠤᠨ ᠨᠠᠮ ᠤᠨ ᠶᠡᠷᠦᠩᠬᠡᠢ | ᠱᠦᠵᠢ ᠪᠣᠯᠪᠠᠰᠣᠷᠠᠯ ᠳᠤ ᠣᠷᠣᠯᠴᠠᠪᠠ᠃ | ᠪᠣᠯᠪᠠᠰᠣᠷᠠᠯ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠣᠭᠳᠠᠵᠦ ᠮᠣᠩᠭᠤᠯ ᠢᠶᠠᠷ ᠬᠢᠴᠢᠶᠡᠯᠯᠡᠬᠦ ᠠᠩᠬᠢ | ᠪᠠ ᠬᠢᠳᠠᠳ ᠢᠶᠠᠷ ᠬᠢᠴᠢᠶᠡᠯᠯᠡᠬᠦ ᠠᠩᠬᠢ ᠬᠤᠪᠢᠶᠠᠵᠦ ᠬᠤᠰᠢᠭᠤ ᠨᠠᠮ ᠤᠨ ᠰᠣᠷᠭᠠᠭᠤᠯᠢ ᠪᠠ ᠬᠤᠳᠠ ᠶᠢᠨ ᠨᠠᠮ ᠤᠨ | ᠰᠣᠷᠭᠠᠭᠤᠯᠢ ᠶᠢᠨ ᠪᠠᠭᠰᠢ ᠠᠴᠠ ︽ᠳᠣᠮᠳᠠᠳᠣ ᠣᠯᠣᠰ ᠤᠨ ᠡᠪ ᠬᠠᠮᠲᠣ ᠨᠠᠮ ᠤᠨ ᠨᠠᠮ ᠤᠨ ᠡᠬᠦᠷ ᠤᠨ ᠠᠵᠢᠯ ᠤᠨ | ᠳᠦᠷᠢᠮ ᠢ ᠰᠣᠷᠣᠯᠴᠠᠵᠦ ᠨᠠᠮ ᠤᠨ ᠡᠬᠦᠷ ᠤᠨ ᠳᠠᠶᠢᠴᠢᠨ ᠪᠠᠬᠢᠯᠯᠠᠳᠠ ᠶᠢᠨ ᠦᠢᠯᠡᠳᠦᠯ ᠢᠶᠠᠨ ᠪᠠᠳᠠᠷᠠᠭᠤᠯᠣᠶ᠎ᠠ︾᠂ ︽ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ | ᠰᠠᠨᠠᠭ᠎ᠠ ᠶᠢ ᠰᠣᠷᠣᠯᠴᠠᠵᠦ ︿ᠣᠭ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠣ ᠴᠡᠬᠡᠵᠢᠯᠡᠬᠦ﹀ | ᠬᠦᠮᠦᠵᠢᠯ ᠢ ᠯᠠᠪᠳᠠᠭᠤᠨ ᠪᠠᠳᠣᠳᠠᠢ ᠦᠷᠨᠢᠬᠦᠯᠦᠶᠡ︾᠂ ︽ᠰᠢᠨ᠎ᠡ ᠴᠠᠭ ᠦᠶ᠎ᠡ ᠶᠢᠨ ᠦᠨᠳᠦᠰᠦᠨ ᠱᠠᠳᠣᠨ ᠤ ᠨᠠᠮ | ᠤᠨ ᠪᠠᠶᠢᠭᠤᠯᠣᠯᠲᠠ ᠶᠢᠨ ᠠᠵᠢᠯ ᠤᠨ ᠰᠢᠨ᠎ᠡ ᠶᠢ ᠡᠬᠦᠳᠦᠶ᠎ᠡ ︵ᠳᠦᠷᠢᠮᠵᠢᠭᠰᠡᠨ ᠪᠠᠷᠢᠮᠵᠢᠶᠠᠵᠢᠭᠰᠠᠨ ᠨᠠᠷᠢᠯᠢᠭᠵᠢᠭᠰᠡᠨ | ᠣᠶᠣᠨᠴᠢ ᠪᠠᠶᠢᠭᠤᠯᠣᠯᠲᠠ ︶︾᠂ ︽ᠳᠣᠮᠳᠠᠳᠣ ᠣᠯᠣᠰ ᠤᠨ ᠡᠪ ᠬᠠᠮᠲᠣ ᠨᠠᠮ ᠤᠨ ᠨᠠᠮ ᠤᠨ ᠳᠡᠣᠬᠡ︾ ᠵᠡᠷᠭᠡ | ᠳᠣᠰᠬᠠᠢ ᠰᠡᠳᠣᠪᠲᠣ ᠬᠢᠴᠢᠶᠡᠯᠯᠡᠭᠡ ᠬᠢᠭᠰᠡᠨ ᠪᠠᠶᠢᠨ᠎ᠠ᠃ | ᠳᠣᠰ ᠣᠳᠠᠭᠠᠨ ᠤ ᠪᠣᠯᠪᠠᠰᠣᠷᠠᠯ ᠨᠢ ︽ᠳᠣᠮᠳᠠᠳᠣ ᠣᠯᠣᠰ ᠤᠨ ᠡᠪ ᠬᠠᠮᠲᠣ ᠨᠠᠮ ᠤᠨ ᠨᠠᠮ ᠤᠨ ᠡᠬᠦᠷ ᠤᠨ | ᠠᠵᠢᠯ ᠤᠨ ᠳᠦᠷᠢᠮ ︵ᠳᠣᠷᠰᠢᠨ ᠬᠡᠷᠡᠭᠯᠡᠬᠦ︶︾ ᠢ ᠰᠣᠷᠣᠯᠴᠠᠨ ᠲᠤᠭᠤᠰᠢᠯᠠᠭᠤᠯᠵᠤ ᠨᠠᠮ ᠤᠨ ᠡᠬᠦᠷ ᠤᠨ ᠱᠦᠵᠢ | ᠶᠢᠨ ᠡᠬᠦᠷᠭᠡ ᠳᠣᠰᠢᠶᠠᠯ ᠢᠶᠠᠨ ᠬᠦᠢᠴᠡᠳᠬᠡᠬᠦ ᠴᠢᠳᠠᠪᠣᠷᠢ ᠪᠠ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠬᠦᠯᠦᠨ | ᠦᠨᠳᠦᠰᠦᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠶᠢᠨ ᠣᠳᠣᠷᠢᠳᠬᠤ ᠴᠢᠳᠠᠪᠣᠷᠢ᠂ ᠵᠣᠬᠢᠶᠠᠨ ᠪᠠᠶᠢᠭᠤᠯᠬᠤ | ᠴᠢᠳᠠᠪᠣᠷᠢ ᠪᠠ ᠦᠨᠳᠦᠰᠦᠨ ᠱᠠᠳᠣᠨ ᠤ ᠨᠠᠮ ᠤᠨ ᠪᠠᠶᠢᠭᠤᠯᠣᠯᠲᠠ ᠶᠢᠨ ᠳᠦᠷᠢᠮᠵᠢᠭᠰᠡᠨ᠂ ᠪᠠᠷᠢᠮᠵᠢᠶᠠᠵᠢᠭᠰᠠᠨ᠂ | ᠨᠠᠷᠢᠯᠢᠭᠵᠢᠭᠰᠡᠨ ᠣᠶᠣᠨᠴᠢ ᠪᠠᠶᠢᠭᠤᠯᠣᠯᠲᠠ ᠶᠢᠨ ᠬᠢᠷᠢ ᠳᠦᠪᠰᠢᠨ ᠢ ᠳᠡᠭᠡᠭᠰᠢᠯᠡᠬᠦᠯᠬᠦ ᠪᠠᠷ ᠵᠣᠷᠢᠯᠭ᠎ᠠ ᠪᠠᠨ | ᠪᠤᠯᠭᠠᠭᠰᠠᠨ ᠪᠠᠶᠢᠨ᠎ᠠ᠃ | |