11 ᠰᠠᠷ᠎ᠠ ᠶᠢᠨ 2 ᠤᠨ ᠡᠳᠦᠷ ᠠᠴᠠ 3 ᠤ ᠡᠳᠦᠷ ᠂ ᠥᠪᠡᠷᠲᠡᠭᠡᠨ ᠵᠠᠰᠠᠬᠤ ᠣᠷᠣᠨ ᠤ ︽ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ᠵᠢᠯᠣᠭᠤᠳᠬᠤ ᠲᠤᠭᠤᠶᠢᠯᠠᠩ ᠤᠨ ᠳᠠᠷᠤᠭ᠎ᠠ ᠵᠠᠩ ᠮᠢᠩ ᠵᠦᠩ ᠨᠠᠷ ᠮᠠᠨ ᠤ ᠬᠤᠰᠢᠭᠤᠨ ᠳᠤ ᠢᠷᠡᠵᠦ | ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠵᠢᠭᠠᠨ ᠵᠢᠯᠤᠭᠤᠳᠤᠯᠭ᠎ᠠ | ᠭᠢᠪᠠ᠃ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠵᠠᠩ ᠫᠧᠩ | ᠴᠧᠩ᠂ ᠬᠤᠲᠠ ᠶᠢᠨ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠲᠤᠭᠤᠷᠢᠨ ᠵᠢᠯᠣᠭᠤᠳᠬᠤ ᠳᠤᠭᠤᠶᠢᠯᠠᠩ ᠤᠨ | ᠳᠠᠷᠤᠭ᠎ᠠ ᠰᠢᠶᠦ᠋ᠨ ᠵᠢᠶᠠᠨ ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ | ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ | ᠹᠡ ᠪᠠᠷᠠᠳᠠᠨ ᠪᠠᠶᠢᠴᠠᠭᠠᠪᠠ᠃ | | | | | | | ᠲᠤᠭᠤᠷᠢᠨ ᠵᠢᠯᠣᠭᠤᠳᠬᠤ ᠲᠤᠭᠤᠶᠢᠯᠠᠩ ᠤᠨ ᠬᠢᠨ᠂ ᠤᠷᠢᠳ ᠬᠤᠵᠢᠳ ᠰᠢᠷᠬᠤᠰᠤ ᠬᠠᠭᠤᠴᠢ ᠪᠠᠭᠤᠷᠢ᠂ | ᠰᠢᠷᠬᠤᠰᠤᠨ ᠪᠠᠯᠭᠠᠰᠤᠨ ᠤ ᠸᠠᠩ ᠶᠣᠣ ᠸᠠᠨ ᠲᠣᠰᠬᠤᠨ᠂ ︽ᠨᠢᠭᠡ ᠭᠤᠤᠯ ᠭᠤᠷᠪᠠᠨ ᠴᠡᠴᠡᠷᠯᠢᠭ︾ ᠤᠨ | ᠦᠵᠡᠭᠦᠯᠦᠯᠭᠡ ᠶᠢᠨ ᠲᠢᠩᠬᠢᠮ᠂ ᠰᠥᠯᠳᠠ ᠰᠤᠮᠤᠨ ᠤ ᠲᠣᠭᠤᠷᠢᠮ ᠭᠠᠴᠠᠭ᠎ᠠ᠂ ᠬᠤᠰᠢᠭᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ︽ᠠᠬᠠᠮᠳ ᠲᠣᠰᠬᠤᠨ ᠳᠠᠷᠤᠭ᠎ᠠ ᠶᠢᠨ ᠦᠯᠢᠭᠡᠷ ︾ ᠤᠨ ᠭᠠᠵᠠᠷ᠂ ᠤᠯᠠᠭᠠᠠᠳᠤᠯᠤᠭᠠᠢ | ᠪᠠᠯᠭᠠᠰᠤᠨ ᠤ ᠪᠠᠶᠠᠨᠭᠤᠣᠯ ᠭᠠᠴᠠᠭ᠎ᠠ᠂ ᠮᠠᠯᠵᠢᠬᠤ ᠳ᠋ᠠᠵᠠᠶ ᠶᠢᠨ ᠮᠦᠽᠧᠶ᠂ ᠥᠥᠰᠢᠨᠵᠤᠤ ᠪᠠᠯᠭᠠᠰᠤᠨ ᠤ ᠥᠥᠰᠢᠨᠵᠤᠤ | ᠭᠠᠴᠠᠭ᠎ᠠ᠂ ᠵᠥᠩ ᠮᠸᠢ ᠪᠦᠯᠦᠭᠯᠡᠯ ᠤᠨ ᠤᠷᠳᠤᠰ ᠡᠨᠧᠷᠬᠢ ᠭᠢᠮᠢ ᠶᠢᠨ 100 ᠲᠦᠮᠡᠨ ᠲᠣᠨ ᠤ ᠨᠠᠶᠢᠯᠡᠯᠭᠡ | ᠰᠢᠪᠳᠤᠷ 175 ᠲᠦᠮᠡᠨ ᠲᠣᠨ ᠤ ᠰᠢᠭᠡᠰᠦᠯᠢᠭ ᠡᠳ᠋ ᠤᠨ ᠲᠥᠷᠥᠯ ᠵᠥᠢᠯ ᠵᠡᠷᠭᠡ ᠭᠠᠵᠠᠷ ᠢᠶᠠᠷ ᠭᠥᠷᠴᠤ ᠪᠦᠬᠦ | ᠬᠤᠰᠢᠭᠤ᠂ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠪᠠ ᠠᠵᠤ ᠠᠬᠤᠶᠢᠯᠠᠯ ᠤᠨ ︽ᠤᠭ ᠰᠠᠨᠠᠭ᠎ᠠ ᠪᠠᠨ ᠦᠯᠦ | ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠦᠷᠨᠢᠬᠦᠯᠵᠤ | ᠪᠠᠶᠢᠭ᠎ᠠ ᠪᠠᠶᠢᠳᠠᠯ᠂ ᠰᠢᠨ᠎ᠡ ᠶᠢ ᠡᠭᠦᠳᠬᠦ ᠠᠷᠭ᠎ᠠ ᠪᠠᠷᠢᠯ ᠵᠢᠴᠢ ︽ᠠᠷᠠᠳ ᠲᠤ ᠦᠢᠯᠡᠴᠢᠯᠡᠬᠦ ᠬᠦᠴᠢᠷ ᠠᠰᠠᠭᠤᠳᠠᠯ ᠢ | ᠰᠢᠢᠳᠪᠦᠷᠢᠯᠡᠬᠦ︾ ᠵᠡᠷᠭᠡ ᠲᠠᠯ᠎ᠠ ᠶᠢᠨ ᠪᠣᠳᠠᠲᠠᠢ ᠠᠵᠢᠯ ᠢ ᠨᠠᠷᠢᠨ ᠤᠶᠢᠯᠠᠭᠠᠬᠤ ᠶᠢᠨ ᠬᠠᠮᠲᠤ ᠮᠠᠨ ᠤ ᠬᠤᠰᠢᠭᠤᠨ ᠤ | ᠰᠢᠷᠬᠤᠰᠤ ᠰᠤᠶᠤᠯ ᠵᠢᠭᠤᠯᠴᠢᠯᠠᠯ ᠤᠨ ᠨᠠᠷᠠᠲᠤ ᠲᠡᠮᠳᠡᠭ ᠢ ᠱᠤᠭᠤᠨ ᠰᠢᠷᠬᠤᠰᠤ ᠰᠤᠶᠤᠯ ᠤᠨ ᠶᠠᠷᠤᠩᠭᠡᠢ ᠴᠤᠭᠴᠠ ᠢ | ᠲᠥᠯᠥᠪᠵᠢᠭᠦᠯᠭᠦ ᠰᠠᠳᠭᠢᠴᠠ ᠠᠷᠭ᠎ᠠ ᠪᠠᠷᠢᠯ᠂ ︽ᠮᠠᠯᠵᠢᠬᠤ ᠳ᠋ᠠᠵᠠᠶ ᠥᠥᠰᠢᠨᠵᠤᠤ ᠶᠢᠨ ᠵᠣᠷᠢᠭ ᠰᠠᠨᠠᠭ᠎ᠠ ᠶᠢ ᠰᠢᠨ᠎ᠡ | ᠴᠠᠭ ᠣᠶᠶ᠎ᠠ ᠳᠤ ᠠᠭᠤᠳᠠᠯᠠᠨ ᠤᠯᠠᠮᠵᠢᠯᠠᠬᠤ ᠠᠵᠢᠯ᠂ ᠡᠯ᠎ᠡ ᠰᠤᠮᠤ ᠪᠠᠯᠭᠠᠰᠤ ᠭᠠᠴᠠᠭ᠎ᠠ ᠲᠣᠰᠬᠤᠨ ᠤ ᠬᠦᠳᠡᠭᠡ | ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠥᠯᠥᠪᠵᠢᠭᠦᠯᠭᠡ ᠶᠢᠨ | ᠰᠡᠳᠬᠢᠴᠡ ᠶᠢ ᠭᠦᠨᠵᠡᠭᠡᠶ ᠣᠶᠢᠯᠠᠭᠠᠪᠠ᠃ | | | | | | | | | | | | ᠲᠤᠭᠤᠷᠢᠨ ᠵᠢᠯᠣᠭᠤᠳᠬᠤ ᠲᠤᠭᠤᠶᠢᠯᠠᠩ ᠤᠨ ᠬᠢᠨ ᠮᠠᠨ ᠤ ᠬᠤᠰᠢᠭᠤᠨ ᠤ ︽ᠤᠭ ᠰᠠᠨᠠᠭ᠎ᠠ ᠪᠠᠨ ᠦᠯᠦ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠡᠯ᠎ᠡ | ᠲᠥᠷᠤᠯ ᠤᠨ ᠠᠵᠢᠯ ᠢ ᠭᠥᠢᠴᠡᠳ ᠨᠤᠲᠠᠯᠠᠪᠠ᠃ ᠵᠠᠩ ᠮᠢᠩ ᠵᠦᠩ ᠴᠢᠬᠤᠯᠠᠴᠢᠯᠠᠭᠰᠠᠨ ᠨᠢ᠂ ᠥᠥᠰᠢᠨ | ᠬᠤᠰᠢᠭᠤᠨ ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ᠂ ᠶᠡᠷᠦᠩᠬᠡᠶ ᠱᠦᠵᠢ ᠰᠢ ᠶᠢᠨ ᠫᠢᠩ ᠤᠨ ︽ | ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ ᠵᠢᠭᠠᠪᠤᠷᠢ ᠶᠢᠨ ᠵᠣᠷᠢᠭ ᠰᠠᠨᠠᠭ᠎ᠠ᠂ ᠤᠨᠴᠠᠭᠠᠶᠢᠯᠠᠨ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠳᠤ ᠬᠢᠭᠰᠡᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠲᠠᠪᠤᠷᠢᠵᠢᠭᠤᠯᠵᠤ ᠤᠯᠤᠰ | ᠲᠥᠷᠦ ᠶᠢᠨ ᠵᠤᠭᠰᠤᠴᠠ ᠪᠠᠨ ᠦᠨᠡᠨᠬᠦ ᠲᠡᠭᠡᠭᠰᠢᠯᠠᠭᠦᠯᠤᠨ ︽ᠳᠥᠷᠪᠡ ᠶᠢ ᠪᠣᠳᠠᠲᠠᠶᠢᠵᠢᠭᠤᠯᠬᠤ︾ ᠶᠢ ᠪᠡᠶᠡᠯᠡᠭᠦᠯᠵᠦ | ᠭᠤᠤᠯ ᠰᠡᠳᠦᠪᠲᠦ ᠬᠥᠮᠦᠵᠢᠯ ᠤᠨ ᠠᠵᠢᠯ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ᠃ | ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ ᠪᠠ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠡᠪᠲᠡᠷᠡᠯᠴᠡᠭᠦᠯᠵᠦ ᠪᠦᠬᠦᠯᠢ ᠴᠣᠭᠴᠠ ᠪᠠᠷ ᠲᠦᠯᠬᠢᠨ ᠠᠬᠢᠭᠤᠯᠬᠤ ᠶᠢ | ᠪᠠᠷᠢᠮᠳᠠᠯᠠᠨ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ ᠬᠢᠬᠦ ᠠᠵᠢᠯ ᠢ ︽ᠠᠷᠠᠳ ᠲᠦᠮᠡᠨ ᠳᠤ | ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ︾ ᠠᠵᠢᠯ ᠳᠡᠭᠡᠷ᠎ᠡ ᠰᠢᠯᠵᠢᠭᠦᠯᠦᠨ ᠠᠪᠴᠢᠷᠠᠵᠤ ᠭᠤᠣᠯ | ᠰᠡᠳᠦᠪᠲᠦ ᠬᠥᠮᠦᠵᠢᠯ ᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ᠂ ︽ᠭᠤᠷᠪᠠᠨ ᠶᠡᠭᠡ | ᠪᠣᠭᠤᠮᠲᠠ ᠰᠢᠪᠲᠤᠯᠬᠤ ᠳᠠᠶᠢᠯᠠᠯᠳᠤᠭᠠᠨ︾᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠲᠠᠢ ᠤᠶᠠᠯᠳᠤᠭᠤᠯᠵᠤ ᠭᠤᠣᠯ ᠰᠡᠳᠦᠪᠲᠦ ᠬᠥᠮᠦᠵᠢᠯ ᠤᠨ ᠰᠢᠨ᠎ᠡ ᠦᠷ᠎ᠡ | ᠪᠦᠲᠦᠮᠵᠢ ᠪᠠᠷ ᠥᠥᠰᠢᠨ ᠬᠤᠰᠢᠭᠤᠨ ᠤ ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠬᠤ | ᠭᠡᠷᠡᠭᠳᠠᠢ ᠭᠡᠵᠡᠢ ᠃ | | | | | | | ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠡᠷᠳᠡᠨᠢᠪᠢᠯᠢᠭ ᠢᠠᠯᠷᠭᠡᠶᠢᠯᠠᠭᠦ ᠳᠤ ᠪᠠᠨ᠂ ᠥᠥᠰᠢᠨ | ᠬᠤᠰᠢᠭᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠪᠠ ︽ᠳᠥᠷᠪᠡ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠢ ᠪᠠᠲᠤ ᠡᠵᠡᠮᠳᠡᠵᠦ ᠪᠦᠬᠦ | ᠬᠤᠰᠢᠭᠤᠨ ᠤ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠵᠤ ᠭᠤᠤᠯ ᠰᠡᠳᠦᠪᠲᠦ ᠬᠥᠮᠦᠵᠢᠯ ᠤᠨ ᠠᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ ᠭᠡᠵᠡᠢ᠃ |