11 ᠰᠠᠷ᠎ᠠ ᠶᠢᠨ 4 ᠤ ᠡᠳᠦᠷ᠂ ᠮᠠᠨ ᠤ ᠬᠤᠰᠢᠭᠤᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ | ᠬᠠᠮᠢᠶᠠᠷᠤᠯᠲᠠ ᠶᠢᠨ ᠵᠥᠪᠯᠡᠯ ᠤᠨ 2019 ᠣᠨ ᠤ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠵᠤ | ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠬᠤ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠤᠭᠰᠠᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠤᠳᠤᠷᠢᠳᠤᠯᠭ᠎ᠠ | ᠵᠸᠤ ᠱᠤᠸᠠᠢ᠂ ᠸᠠᠩ ᠭᠠᠩ ᠪᠤᠯᠤᠨ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠲᠥᠪ᠂ ᠠᠵᠤ ᠥᠢᠯᠡᠳᠪᠤᠷᠢ | ᠮᠡᠳᠡᠭᠡ ᠵᠠᠩᠭᠢᠴᠢᠯᠠᠯᠳᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠯ᠎ᠡ ᠰᠤᠮᠤ ᠪᠠᠯᠭᠠᠰᠤ | ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠠᠴᠠ᠂ ᠬᠤᠰᠢᠭᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠲᠥᠪ ᠤᠨ ᠰᠢᠨ᠎ᠡ ᠪᠠᠷ | ᠪᠠᠶᠢᠭᠤᠯᠬᠤ ᠲᠥᠷᠥᠯ ᠵᠥᠢᠯ ᠤᠨ ᠭᠠᠵᠠᠷ ᠰᠣᠩᠭᠤᠬᠤ᠂ ᠲᠥᠯᠥᠪᠵᠢᠭᠦᠯᠭᠡ ᠶᠢᠨ ᠭᠥᠢᠴᠡᠳᠭᠡᠯ ᠲᠤᠭ᠎ᠠ ᠶᠢ ᠬᠢᠨᠠᠨ | ᠲᠣᠭᠲᠠᠭᠠᠬᠤ᠂ ᠲᠥᠯᠥᠪᠵᠢᠭᠦᠯᠭᠡ ᠶᠢᠨ ᠦᠷ᠎ᠡ ᠪᠦᠲᠦᠭᠡᠯ ᠢ ᠬᠢᠨᠠᠨ ᠬᠠᠷᠭᠤᠭᠤᠯᠬᠤ ᠵᠡᠷᠭᠡ ᠶᠢᠨ ᠬᠠᠷᠢᠭᠤ | ᠮᠡᠳᠡᠭᠦᠯᠥᠯᠳᠠ ᠶᠢ ᠰᠤᠨᠤᠰᠪᠠ᠃ ᠬᠤᠷᠠᠯ ᠳᠤ ᠣᠷᠣᠯᠴᠠᠭᠰᠠᠳ ᠮᠠᠨ ᠤ ᠬᠤᠰᠢᠭᠤᠨ ᠤ ᠪᠣᠳᠠᠲᠤ ᠪᠠᠢᠳᠠᠯ ᠳᠤ | ᠰᠠᠭᠤᠷᠢᠯᠠᠨ ᠲᠥᠯᠥᠪᠵᠢᠭᠦᠯᠭᠡ ᠶᠢᠨ ᠭᠠᠵᠠᠷ ᠰᠣᠩᠭᠤᠬᠤ᠂ ᠲᠥᠷᠥᠯ ᠵᠥᠢᠯ ᠤᠨ ᠭᠠᠵᠠᠷ ᠬᠡᠷᠡᠭᠯᠡᠬᠦ᠂ ᠪᠡᠯᠡᠳᠭᠡᠯ | ᠲᠥᠬᠦᠭᠡᠷᠦᠮᠵᠢ ᠶᠢ ᠢᠵᠢ ᠪᠥᠷᠢᠳᠤᠭᠦᠯᠭᠦ᠂ ᠭᠠᠷ ᠭᠥᠢᠴᠡᠳᠭᠡᠯ ᠬᠢᠬᠦ ᠵᠡᠷᠭᠡ ᠲᠠᠯ᠎ᠠ ᠶᠢᠨ ᠲᠤᠭᠤᠷᠢᠨ ᠳᠤ ᠭᠥᠨᠵᠡᠭᠡᠢ | ᠰᠤᠳᠤᠯᠤᠯᠳᠠ ᠭᠢᠵᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠨ᠎ᠠ ᠪᠠᠶᠢᠭᠤᠯᠬᠤ ᠪᠠᠷ ᠪᠠᠶᠢᠭ᠎ᠠ ᠲᠥᠷᠥᠯ ᠵᠥᠢᠯ ᠤᠨ ᠭᠠᠵᠠᠷ | ᠰᠣᠩᠭᠤᠬᠤ ᠳᠠᠭᠠᠨ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠯᠲᠡ ᠶᠢᠨ ᠶᠡᠷᠦᠩᠬᠡᠶ | ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ ᠵᠢᠷᠤᠭ ᠲᠥᠯᠥᠪᠯᠡᠭᠡ ᠪᠠ ᠪᠣᠳᠠᠲᠤ ᠪᠠᠶᠢᠳᠠᠯ ᠢ ᠤᠶᠠᠯᠳᠤᠭᠤᠯᠬᠤ ᠶᠢ | ᠪᠠᠷᠢᠮᠳᠠᠯᠠᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠵᠢᠷᠤᠭ ᠲᠥᠯᠥᠪᠯᠡᠭᠡ ᠶᠢᠨ ᠨᠢᠭᠡᠴᠢ ᠨᠢᠭᠲᠠ ᠬᠠᠷᠢᠯᠴᠠᠵᠤ | ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠭᠥᠢᠴᠡᠳ ᠰᠤᠨᠤᠰᠤᠨ ᠲᠥᠯᠥᠪᠵᠢᠭᠦᠯᠭᠡ ᠶᠢᠨ ᠲᠥᠰᠦᠯ ᠢ | ᠰᠢᠯᠢᠳᠡᠭᠵᠢᠭᠦᠯᠦᠨ ᠲᠡᠭᠦᠯᠳᠡᠷᠵᠢᠭᠦᠯᠵᠦ ᠲᠥᠯᠥᠪᠵᠢᠭᠦᠯᠭᠡ ᠶᠢ ᠨᠠᠩ ᠰᠢᠨᠵᠢᠯᠡᠬᠦ ᠤᠬᠠᠭᠠᠨᠴᠢ᠂ ᠨᠠᠩ ᠵᠦᠶ ᠵᠣᠬᠢᠰᠲᠠᠶ᠂ | ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠨᠠᠩ ᠨᠡᠶᠢᠴᠡᠭᠦᠯᠬᠦ ᠶᠢ ᠪᠠᠲᠤᠯᠠᠬᠤ ᠬᠡᠷᠡᠭᠲᠡᠶ᠃ ᠣᠳᠣᠬᠠᠨ ᠤ ᠪᠠ | ᠠᠯᠤᠰ ᠬᠡᠲᠦ ᠶᠢ ᠤᠶᠠᠯᠳᠤᠭᠤᠯᠬᠤ ᠶᠢ ᠢᠮᠠᠭᠲᠠ ᠪᠠᠷᠢᠮᠳᠠᠯᠠᠨ ᠠᠯᠤᠰ ᠬᠡᠲᠦ ᠶᠢᠨ ᠬᠥᠭᠵᠢᠯᠲᠡ ᠳᠤ ᠰᠠᠭᠤᠷᠢᠯᠠᠨ | ᠤᠷᠢᠳᠴᠢᠯᠠᠨ ᠲᠥᠯᠥᠪᠵᠢᠭᠦᠯᠵᠦ ᠥᠨᠳᠥᠷ ᠪᠠᠷᠢᠮᠵᠢᠶ᠎ᠠ ᠪᠠᠷ ᠪᠠᠶᠢᠷᠢ ᠲᠣᠭᠲᠠᠭᠠᠵᠤ ᠰᠢᠨᠵᠢᠯᠡᠬᠦ ᠤᠬᠠᠭᠠᠨᠴᠢ ᠪᠠᠷ | ᠪᠠᠶᠢᠷᠢᠯᠠᠭᠤᠯᠬᠤ ᠬᠡᠷᠡᠭᠲᠡᠶ᠃ ᠬᠠᠤᠯᠢ ᠳᠤ ᠨᠡᠶᠢᠴᠡᠬᠦ ᠪᠠ ᠲᠣᠭᠲᠠᠭᠠᠯ ᠳᠤ ᠨᠡᠶᠢᠴᠡᠬᠦ ᠶᠢ ᠤᠶᠠᠯᠳᠤᠭᠤᠯᠬᠤ ᠶᠢ | ᠢᠮᠠᠭᠲᠠ ᠪᠠᠷᠢᠮᠲᠠᠯᠠᠵᠤ ᠭᠠᠵᠠᠷ ᠰᠢᠷᠣᠶ ᠬᠤᠳᠠᠯᠳᠤᠬᠤ᠂ ᠲᠥᠷᠥᠯ ᠵᠦᠢᠯ ᠢ ᠠᠬᠢᠭᠤᠯᠬᠤ᠂ ᠭᠠᠷ ᠭᠥᠢᠴᠡᠳᠭᠡᠯ | ᠤᠨ ᠶᠠᠪᠤᠴᠠ ᠳᠤ ᠡᠷᠬᠡᠪᠰᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ | ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠨ ᠡᠯ᠎ᠡ ᠲᠥᠷᠤᠯ ᠤᠨ ᠠᠵᠢᠯ ᠢ ᠡᠮᠬᠢ ᠵᠢᠷᠤᠮ ᠲᠠᠢ ᠠᠭᠢᠭᠤᠯᠵᠤ ᠪᠥᠬᠦ ᠬᠤᠰᠢᠭᠤᠨ ᠤ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠳᠤ ᠪᠠᠲᠤ ᠪᠠᠬᠢ ᠪᠠᠲᠤᠯᠠᠭ᠎ᠠ | ᠬᠠᠩᠭᠠᠬᠤ ᠭᠡᠷᠡᠭᠳᠠᠢ ᠭᠡᠵᠡᠢ᠃ |