ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠧᠶ ᠯᠦ ᠭᠡᠷ ᠪᠠᠶᠢᠰᠢᠩ ᠭᠠᠵᠠᠷ ᠬᠥᠷᠥᠩᠭᠡ ᠶᠢᠨ ᠴᠠᠷᠠᠭᠠᠨ ᠤ ᠲᠠᠤᠭᠡᠨ ᠥᠯᠡᠳᠡᠭᠳᠠᠯ ᠠᠰᠠᠭᠤᠳᠠᠯ ᠳᠤ ᠪᠠᠶᠢᠴᠠᠭᠠᠨ ᠰᠤᠳᠤᠯᠤᠯᠳᠠ ᠭᠢᠭᠦ ᠶᠢᠨ ᠬᠠᠮᠳᠤ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-11-07
     11 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠤᠤ ᠹᠧᠶ ᠯᠦ ᠭᠡᠷ ᠪᠠᠶᠢᠰᠢᠩ ᠭᠠᠵᠠᠷ ᠬᠥᠷᠥᠩᠭᠡ ᠶᠢᠨ ᠴᠠᠷᠠᠭᠠᠨ ᠤ ᠲᠠᠤᠭᠡᠨ ᠥᠯᠡᠳᠡᠭᠳᠠᠯ ᠠᠰᠠᠭᠤᠳᠠᠯ ᠳᠤ ᠪᠠᠶᠢᠴᠠᠭᠠᠨ ᠰᠤᠳᠤᠯᠤᠯᠳᠠ ᠭᠢᠭᠦ ᠶᠢᠨ ᠬᠠᠮᠳᠤ ᠰᠠᠭᠤᠳᠠᠯ ᠤᠨ ᠬᠤᠷᠠᠯ ᠬᠤᠷᠠᠯᠳᠤᠭᠤᠯᠵᠤ ᠬᠤᠰᠢᠭᠤ ᠳᠡᠳ᠋ ᠳᠠᠷᠤᠭ᠎ᠠ ᠵᠸᠤ ᠱᠤᠸᠠᠢ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷᠠᠳᠠᠨ ᠪᠠᠶᠢᠴᠠᠭᠠᠪᠠ᠃
     ᠪᠠᠶ᠋ᠬᠠᠦ᠋ᠨᠳᠦᠷ ᠰᠠᠭᠤᠭᠠᠯᠢ ᠲᠣᠭᠤᠷᠢᠭ᠂ ᠶᠦᠩ ᠲᠠᠢ B ᠰᠠᠭᠤᠭᠠᠯᠢ ᠲᠣᠭᠤᠷᠢᠭ᠂ ᠪᠥᠸᠧ ᠵᠢᠤᠸᠠᠢ ᠬᠦᠩ ᠭᠤᠸᠠᠨ ᠰᠠᠭᠤᠭᠠᠯᠢ ᠲᠤᠭᠤᠷᠢᠭ᠂ ᠠᠷᠤ ᠴᠠᠶᠢᠵᠠ ᠰᠠᠭᠤᠭᠠᠯᠢ ᠠᠷᠠᠳ ᠤᠨ ᠲᠣᠭᠤᠷᠢᠭ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠰᠠᠭᠤᠭᠠᠯᠢ ᠠᠷᠠᠳ ᠤᠨ ᠲᠣᠭᠤᠷᠢᠭ᠂ ᠮᠠᠰᠢᠨ ᠲᠤᠨᠤᠭᠯᠠᠯ ᠲᠦᠷᠢᠶᠡᠰᠦᠯᠡᠬᠦ ᠵᠠᠬ᠎ᠠ ᠳᠡᠯᠭᠡᠭᠦᠷ᠂ ᠬᠠᠶᠠᠭᠳᠠᠮᠠᠯ ᠪᠣᠳᠠᠰ ᠬᠤᠳᠠᠯᠳᠤᠨ ᠠᠪᠬᠤ ᠥᠷᠲᠡᠭᠡ ᠵᠡᠷᠭᠡ ᠭᠠᠵᠠᠷ ᠢᠶᠠᠷ ᠪᠠᠶᠢᠴᠠᠭᠠᠨ ᠰᠤᠳᠤᠯᠤᠯᠳᠠ ᠭᠢᠭᠦ ᠦᠶᠡᠰ ᠵᠤᠤ ᠹᠧᠶ ᠯᠦ ᠴᠢᠬᠤᠯᠠᠴᠢᠯᠠᠬᠤ ᠳᠤ ᠪᠠᠨ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ︾ ᠠᠷᠠᠳ ᠣᠯᠠᠨ ᠳᠤ ᠦᠨᠡᠨᠬᠦ ᠰᠠᠶᠢᠨ ᠶᠠᠪᠤᠳᠠᠯ ᠬᠢᠵᠦ ᠥᠭᠴᠦ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠤ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠪᠠᠷ ᠭᠤᠤᠯ ᠪᠣᠯᠭᠠᠬᠤ ᠶᠢ ᠪᠠᠷᠢᠮᠲᠠᠯᠠᠵᠤ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠬᠦ ᠬᠡᠷᠡᠭᠲᠡᠶ  ᠭᠡᠵᠡᠢ᠃ ᠨᠡᠭᠡᠭᠡᠨ ᠬᠥᠭᠵᠢᠭᠦᠯᠬᠦ ᠬᠤᠳᠠᠯᠳᠤᠭᠠᠴᠢᠨ᠂ ᠠᠳᠠᠯ ᠠᠬᠤᠶ᠂ ᠥᠮᠴᠢᠳᠠᠨ ᠬᠤᠭᠤᠷᠤᠨᠲᠤ ᠪᠠᠨ ᠬᠠᠷᠢᠯᠴᠠᠨ ᠣᠶᠢᠯᠠᠭᠠᠯᠴᠠᠵᠤ  ᠢᠯᠡᠭᠦᠬᠡᠨ ᠬᠠᠷᠢᠯᠴᠠᠵᠤ ᠬᠠᠮᠢᠶ᠎ᠠ ᠪᠦᠬᠦᠢ ᠠᠰᠠᠭᠤᠳᠠᠯ ᠢ ᠴᠠᠭ ᠲᠠᠷᠤᠢ ᠳᠤ ᠨᠢ ᠰᠶᠢᠳᠪᠤᠷᠢᠯᠠᠭᠦ ᠭᠡᠷᠡᠭᠳᠡᠠᠢ᠃ ᠡᠯ᠎ᠡ ᠰᠠᠯᠠᠭ᠎ᠠ ᠮᠥᠴᠢᠷ ᠠᠵᠢᠯ ᠤᠨ ᠱᠠᠭᠠᠷᠳᠠᠯᠭ᠎ᠠ ᠪᠠᠨ ᠲᠣᠳᠣᠷᠬᠠᠶᠢᠯᠠᠨ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢ ᠨᠡᠭᠡᠭᠡᠨ ᠠᠰᠢᠭᠯᠠᠭᠰᠠᠨ ᠲᠠᠤᠭᠡᠨ ᠥᠯᠡᠳᠡᠭᠳᠠᠯ ᠠᠰᠠᠭᠤᠳᠠᠯ ᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ᠂ ᠡᠮᠬᠢ ᠵᠢᠷᠤᠮ ᠲᠠᠢ ᠪᠥᠭᠡᠳ ᠪᠦᠲᠦᠮᠵᠢᠲᠡᠶ ᠰᠢᠢᠳᠪᠦᠷᠢᠯᠡᠬᠦ ᠬᠡᠷᠡᠭᠲᠡᠶ᠃ ᠡᠷᠬᠡᠪᠰᠢ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠵᠣᠭᠰᠣᠯᠲᠠ ᠳᠡᠭᠡᠷ᠎ᠡ ᠵᠣᠭᠰᠣᠵᠤ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠶ ᠳᠤᠨᠢ ᠬᠠᠷᠢᠭᠤᠯᠲᠠ ᠥᠭᠴᠦ ᠨᠡᠶᠢᠬᠡᠮ ᠤᠨ ᠵᠥᠷᠢᠴᠡᠯ ᠢ ᠨᠠᠮᠳᠠᠭᠤᠯᠤᠨ ᠬᠠᠤᠯᠢ ᠴᠠᠭᠠᠵᠠ ᠶᠢᠨ ᠵᠡᠪᠰᠡᠭ ᠢᠶᠠᠷ ᠲᠡᠤᠬᠡ ᠶᠢᠨ ᠠᠰᠠᠭᠤᠳᠠᠯ ᠢ ᠰᠢᠢᠳᠪᠦᠷᠢᠯᠡᠵᠤ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠡᠷᠡᠰ ᠬᠠᠮᠠᠭᠠᠯᠠᠵᠤ ᠠᠷᠠᠳ ᠣᠯᠠᠨ ᠤ ᠠᠰᠢᠭ ᠬᠦᠷᠳᠡᠭᠰᠡᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ ᠭᠡᠵᠡᠢ᠃
     ᠰᠠᠭᠤᠳᠠᠯ ᠤᠨ ᠬᠤᠷᠠᠯ ᠳᠡᠭᠡᠷ᠎ᠡ᠂ ᠲᠡᠭᠡᠲᠦ ᠱᠠᠲᠤᠨ ᠤ ᠬᠠᠮᠢᠶ᠎ᠠ ᠪᠦᠬᠦᠢ ᠬᠤᠷᠠᠯ ᠵᠢᠴᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠮᠠᠨ ᠤ ᠬᠤᠰᠢᠭᠤᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠴᠠᠷᠠᠭᠠᠨ ᠤ  ᠲᠠᠤᠭᠡᠨ ᠥᠯᠡᠳᠡᠭᠳᠠᠯ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠰ ᠲᠣᠰ ᠶᠠᠷᠢᠶ᠎ᠠ ᠲᠠᠯᠪᠢᠵᠤ ᠬᠤᠯᠪᠣᠭᠳᠠᠯ ᠪᠦᠬᠦᠢ ᠠᠷᠭ᠎ᠠ ᠪᠠᠷᠢᠯ ᠢ ᠲᠠᠨᠢᠯᠴᠠᠭᠤᠯᠪᠠ᠃
     ᠵᠣᠤ ᠹᠧᠢ ᠯᠦ ᠱᠠᠭᠠᠷᠳᠠᠭᠰᠠᠨ ᠨᠢ᠂  ᠥᠵᠠᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ  ᠤᠯᠤᠰ ᠲᠥᠷᠥ ᠶᠢ ᠡᠷᠬᠢᠮᠯᠡᠬᠦ ᠥᠨᠳᠤᠷᠴᠠ ᠠᠴᠠ ᠭᠡᠷ ᠪᠠᠶᠢᠰᠢᠩ ᠭᠠᠵᠠᠷ ᠬᠥᠷᠥᠩᠭᠡ ᠶᠢᠨ ᠴᠠᠷᠠᠭᠠᠨ ᠤ ᠲᠠᠤᠭᠡᠨ ᠥᠯᠡᠳᠡᠭᠳᠠᠯ ᠠᠰᠠᠭᠤᠳᠠᠯ ᠢ ᠰᠶᠢᠳᠪᠤᠷᠢᠯᠠᠭᠦ ᠠᠵᠢᠯ ᠢ ᠪᠦᠬᠦ ᠬᠦᠴᠦ ᠪᠠᠷ ᠢᠶᠠᠨ ᠠᠬᠢᠭᠤᠯᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠮᠠᠭᠠᠶ ᠰᠤᠷᠤᠯᠴᠠᠵᠤ  ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠬᠤ ᠬᠡᠷᠡᠭᠲᠡᠶ᠃ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠪᠠ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠴᠢᠯᠥᠭᠡᠯᠡᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠠᠵᠢᠯ ᠢᠶᠠᠨ ᠯᠠᠪᠳᠠᠭᠤᠨ ᠢᠶᠠᠷ ᠠᠬᠢᠭᠤᠯᠬᠤ ᠬᠡᠷᠡᠭᠲᠡᠶ᠃ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢ ᠨᠡᠭᠡᠭᠡᠨ ᠠᠰᠢᠭᠯᠠᠭᠰᠠᠨ ᠲᠡᠤᠭᠡᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠳᠤ  ᠪᠣᠳᠠᠲᠠᠶ ᠠᠴᠠ ᠡᠭᠦᠰᠴᠦ ᠪᠣᠳᠠᠲᠠᠶ ᠪᠠᠷ ᠵᠠᠳᠠᠯᠤᠨ ᠰᠤᠳᠤᠯᠵᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠬᠠᠤᠯᠢ ᠲᠣᠭᠲᠠᠭᠠᠯ ᠢ ᠵᠢᠷᠤᠮᠯᠠᠬᠤ ᠪᠠ ᠡᠶᠡᠳᠡᠭᠦᠯᠦᠨ ᠵᠥᠪᠳᠡᠯᠴᠡᠬᠦ ᠶᠢ ᠤᠶᠠᠯᠳᠤᠭᠤᠯᠬᠤ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠴᠠᠭ ᠬᠤᠭᠤᠴᠠᠭ᠎ᠠ ᠶᠢ ᠲᠣᠳᠣᠷᠬᠠᠶᠢᠯᠠᠵᠤ ᠬᠠᠮᠢᠶ᠎ᠠ ᠪᠦᠬᠦᠢ ᠠᠰᠠᠭᠤᠳᠠᠯ ᠢ ᠲᠣᠳᠣᠷᠬᠠᠶ ᠪᠣᠯᠭᠠᠨ ᠪᠣᠳᠠᠲᠠᠶ ᠬᠡᠷᠡᠭᠵᠢᠭᠦᠯᠵᠦ ᠪᠣᠯᠬᠤ ᠠᠷᠭ᠎ᠠ ᠭᠠᠷᠭᠠᠵᠤ ᠬᠤᠭᠤᠴᠠᠭ᠎ᠠ ᠬᠢᠵᠠᠭᠠᠷᠯᠠᠨ ᠰᠢᠢᠳᠪᠦᠷᠢᠯᠡᠵᠤ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠡᠷᠡᠰ ᠬᠠᠮᠠᠭᠠᠯᠠᠬᠤ ᠬᠡᠷᠡᠭᠲᠡᠶ ᠭᠡᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号