ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ ᠠᠯᠪᠠᠨ ᠪᠠᠶᠢᠭᠤᠯᠭ᠎ᠠ ︽ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠭᠤᠣᠯ ᠰᠡᠳᠣᠪᠲᠣ ᠬᠦᠮᠦᠵᠢᠯ ᠤᠨ ᠰᠠᠨᠠᠯ ᠬᠤᠷᠢᠶᠠᠬᠤ ᠰᠠᠭᠤᠳᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/11/7
     11 ᠰᠠᠷ᠎ᠠ ᠶᠢᠨ 4 ᠤ ᠡᠳᠦᠷ᠂ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ ᠠᠯᠪᠠᠨ ᠪᠠᠶᠢᠭᠤᠯᠭ᠎ᠠ ︽ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠭᠤᠣᠯ ᠰᠡᠳᠣᠪᠲᠣ ᠬᠦᠮᠦᠵᠢᠯ ᠤᠨ ᠰᠠᠨᠠᠯ ᠬᠤᠷᠢᠶᠠᠬᠤ ᠰᠠᠭᠤᠳᠠᠯ ᠤᠨ ᠬᠤᠷᠠᠯ ᠢ ᠬᠤᠷᠠᠯᠳᠤᠭᠤᠯᠪᠠ᠃ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠰᠢᠦ ᠹᠧᠩ ᠬᠤᠷᠠᠯ ᠡᠷᠬᠢᠯᠡᠵᠦ᠂ ᠬᠤᠰᠢᠭᠤ ᠳᠡᠰ ᠤᠨ ᠠᠷᠠᠳ ᠤᠨ ᠳᠦᠯᠦᠭᠡᠯᠡᠭᠴᠢ᠂ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ ᠵᠦᠪᠯᠡᠯ᠂ ᠠᠯᠪᠠᠨ ᠬᠡᠷ ᠤᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃      ᠬᠤᠷᠠᠯ ᠳᠤ ᠣᠷᠣᠯᠴᠠᠭᠰᠠᠳ ᠣᠯᠠᠨ ᠲᠦᠮᠡᠨ ᠤ ᠠᠩᠬᠠᠷᠴᠦ ᠪᠠᠶᠢᠭ᠎ᠠ ᠠᠰᠠᠭᠤᠳᠠᠯ᠂ ᠣᠯᠠᠨ ᠲᠦᠮᠡᠨ ᠤ ᠵᠣᠭᠰᠣᠯᠳᠠ ᠶᠢᠨ ᠳᠠᠯ᠎ᠠ ᠠᠴᠠ ︽ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠭᠤᠣᠯ ᠰᠡᠳᠣᠪᠲᠣ ᠬᠦᠮᠦᠵᠢᠯ ᠤᠨ ᠳᠣᠭᠤᠷᠢᠨ ᠳᠤ ᠦᠵᠡᠯ ᠰᠠᠨᠠᠭ᠎ᠠ ᠣᠬᠠᠮᠰᠠᠷ᠂ ᠴᠢᠳᠠᠪᠣᠷᠢ ᠬᠡᠪ ᠰᠣᠷᠳᠠᠯ᠂ ᠡᠬᠦᠷᠭᠡ ᠬᠠᠷᠢᠭᠤᠴᠠᠯᠭ᠎ᠠ ᠪᠠ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠳᠣᠬᠠᠢ ᠰᠠᠨᠠᠯ ᠰᠠᠨᠠᠭᠤᠯᠭ᠎ᠠ ᠳᠣᠷᠠᠳᠪᠠ᠃      ᠬᠤᠷᠠᠯ ᠠᠴᠠ ᠱᠠᠭᠠᠷᠳᠠᠬᠤ ᠳᠠᠭᠠᠨ᠂ ᠬᠤᠷᠠᠯ ᠳᠡᠭᠡᠷ᠎ᠡ ᠳᠣᠷᠠᠳᠣᠭᠰᠠᠨ ᠰᠠᠨᠠᠯ ᠰᠠᠨᠠᠭᠤᠯᠭ᠎ᠠ ᠶᠢ ᠡᠮᠬᠢᠳᠭᠡᠨ ᠲᠢᠭᠯᠡᠵᠦ ᠬᠦᠨᠵᠡᠬᠡᠢ ᠰᠣᠳᠣᠯᠵᠦ᠂ ᠠᠰᠠᠭᠤᠳᠠᠯ ᠢ ᠵᠠᠳᠠᠯᠣᠨ᠂ ᠰᠢᠢᠳᠪᠦᠷᠢᠯᠡᠵᠤ ᠳᠡᠶᠢᠯᠬᠦ ᠶᠢ ᠨᠢ ᠴᠠᠭ ᠳᠣᠬᠠᠢ ᠳᠤᠨᠢ ᠰᠢᠢᠳᠪᠦᠷᠢᠯᠡᠵᠤ ᠨᠢᠬᠡ ᠯᠡ ᠳᠣᠣᠷ᠎ᠠ ᠳᠡᠶᠢᠯᠬᠦ ᠦᠬᠡᠢ ᠶᠢ ᠨᠢ ᠰᠠᠶᠢᠳᠣᠷ ᠰᠣᠳᠣᠯᠵᠦ ᠨᠦᠬᠦᠴᠡᠯ ᠪᠦᠷᠢᠯᠳᠦᠬᠦᠯᠦᠨ ᠡᠷᠳᠡᠭᠡᠨ ᠰᠢᠢᠳᠪᠦᠷᠢᠯᠡᠬᠦ ᠬᠡᠷᠡᠭᠲᠡᠢ᠃ ᠡᠳᠡᠭᠡᠷ ᠠᠰᠠᠭᠤᠳᠠᠯ ᠢ ︽ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠭᠤᠣᠯ ᠰᠡᠳᠣᠪᠲᠣ ᠬᠦᠮᠦᠵᠢᠯ ᠪᠠ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠠᠵᠢᠯ ᠲᠠᠢ ᠣᠶᠠᠯᠳᠣᠭᠤᠯᠣᠨ ᠠᠳᠬᠤᠵᠦ ᠠᠵᠢᠯ ᠤᠨ ᠳᠣᠮᠳᠠ ᠪᠠᠨ ᠲᠤᠭᠤᠰᠢᠯᠠᠭᠤᠯᠵᠤ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠰᠢᠨ᠎ᠡ ᠪᠦᠲᠦᠮᠵᠢ ᠶᠢ ᠡᠬᠦᠳᠴᠦ ᠰᠢᠨ᠎ᠡ ᠳᠡᠭᠳᠡᠷ ᠲᠤ ᠭᠠᠷᠬᠤ ᠶᠢ ᠠᠬᠢᠭᠤᠯᠬᠤ ᠬᠡᠷᠡᠭᠲᠡᠢ ᠬᠡᠪᠡ᠃
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ