ᠥᠪᠡᠷᠲᠡᠭᠡᠨ ᠵᠠᠰᠠᠬᠤ ᠣᠷᠣᠨ ᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾  ᠭᠤᠤᠯ ᠰᠡᠳᠦᠪᠲᠦ ᠬᠥᠮᠦᠵᠢᠯ ᠤᠨ ᠲᠤᠭᠤᠷᠢᠨ ᠵᠢᠯᠣᠭᠤᠳᠬᠤ ᠲᠤᠭᠤᠶᠢᠯᠠᠩ ᠤᠨ ᠬᠢᠨ ᠮᠠᠨ ᠤ ᠬᠤᠰᠢᠭᠤᠨ ᠳᠤ ᠢᠷᠡᠵᠦ ᠭᠤᠤᠯ ᠰᠡᠲᠦᠪᠲᠤ ᠬᠦᠮᠦᠵᠢᠯ ᠢ ᠦᠷᠨᠢᠬᠦᠯᠵᠣ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠵᠢᠭᠠᠨ ᠵᠢᠯᠤᠭᠤᠳᠤᠯᠭ᠎ᠠ ᠭᠢᠪᠡ
ᠨᠡᠶᠢᠲᠡᠯᠡᠭᠰᠡᠨ ᠴᠠᠭ᠄
2019/11/7
     11 ᠰᠠᠷ᠎ᠠ ᠶᠢᠨ 2 ᠤᠨ ᠡᠳᠦᠷ ᠠᠴᠠ 3 ᠤ ᠡᠳᠦᠷ  ᠂ ᠥᠪᠡᠷᠲᠡᠭᠡᠨ ᠵᠠᠰᠠᠬᠤ ᠣᠷᠣᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠵᠢᠯᠣᠭᠤᠳᠬᠤ ᠲᠤᠭᠤᠶᠢᠯᠠᠩ ᠤᠨ ᠳᠠᠷᠤᠭ᠎ᠠ ᠵᠠᠩ ᠮᠢᠩ ᠵᠦᠩ ᠨᠠᠷ ᠮᠠᠨ ᠤ ᠬᠤᠰᠢᠭᠤᠨ ᠳᠤ ᠢᠷᠡᠵᠦ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠵᠢᠭᠠᠨ ᠵᠢᠯᠤᠭᠤᠳᠤᠯᠭ᠎ᠠ ᠭᠢᠪᠠ᠃ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠵᠠᠩ ᠫᠧᠩ ᠴᠧᠩ᠂ ᠬᠤᠲᠠ ᠶᠢᠨ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠲᠤᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠰᠢᠶᠦ᠋ᠨ ᠵᠢᠶᠠᠨ ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠡ ᠪᠠᠷᠠᠳᠠᠨ ᠪᠠᠶᠢᠴᠠᠭᠠᠪᠠ᠃
     ᠲᠤᠭᠤᠷᠢᠨ ᠵᠢᠯᠣᠭᠤᠳᠬᠤ ᠲᠤᠭᠤᠶᠢᠯᠠᠩ ᠤᠨ ᠬᠢᠨ᠂ ᠤᠷᠢᠳ ᠬᠤᠵᠢᠳ ᠰᠢᠷᠬᠤᠰᠤ ᠬᠠᠭᠤᠴᠢ ᠪᠠᠭᠤᠷᠢ᠂ ᠰᠢᠷᠬᠤᠰᠤᠨ ᠪᠠᠯᠭᠠᠰᠤᠨ ᠤ ᠸᠠᠩ ᠶᠣᠣ ᠸᠠᠨ ᠲᠣᠰᠬᠤᠨ᠂ ︽ᠨᠢᠭᠡ ᠭᠤᠤᠯ ᠭᠤᠷᠪᠠᠨ ᠴᠡᠴᠡᠷᠯᠢᠭ︾ ᠤᠨ ᠦᠵᠡᠭᠦᠯᠦᠯᠭᠡ ᠶᠢᠨ ᠲᠢᠩᠬᠢᠮ᠂ ᠰᠥᠯᠳᠠ ᠰᠤᠮᠤᠨ ᠤ ᠲᠣᠭᠤᠷᠢᠮ ᠭᠠᠴᠠᠭ᠎ᠠ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ︽ᠠᠬᠠᠮᠠᠳ ᠲᠣᠰᠬᠤᠨ ᠳᠠᠷᠤᠭ᠎ᠠ ᠶᠢᠨ ᠦᠯᠢᠭᠡᠷ ︾ ᠤᠨ ᠭᠠᠵᠠᠷ᠂ ᠤᠯᠠᠭᠠᠠᠳᠤᠯᠤᠭᠠᠢ ᠪᠠᠯᠭᠠᠰᠤᠨ ᠤ ᠪᠠᠶᠠᠨᠭᠤᠣᠯ ᠭᠠᠴᠠᠭ᠎ᠠ᠂ ᠮᠠᠯᠵᠢᠬᠤ ᠳ᠋ᠠᠵᠠᠶ ᠶᠢᠨ ᠮᠦᠽᠧᠶ᠂ ᠥᠥᠰᠢᠨᠵᠤᠤ ᠪᠠᠯᠭᠠᠰᠤᠨ ᠤ ᠥᠥᠰᠢᠨᠵᠤᠤ ᠭᠠᠴᠠᠭ᠎ᠠ᠂ ᠵᠥᠩ ᠮᠸᠢ ᠪᠦᠯᠦᠭᠯᠡᠯ ᠤᠨ ᠤᠷᠳᠤᠰ ᠡᠨᠧᠷᠬᠢ ᠭᠢᠮᠢ  ᠶᠢᠨ 100 ᠲᠦᠮᠡᠨ ᠲᠣᠨ ᠤ ᠨᠡᠶᠢᠯᠡᠮᠠᠯ ᠰᠢᠪᠳᠤᠷ 175 ᠲᠦᠮᠡᠨ ᠲᠣᠨ ᠤ ᠰᠢᠭᠡᠰᠦᠯᠢᠭ ᠡᠳ᠋ ᠤᠨ ᠲᠥᠷᠥᠯ ᠵᠥᠢᠯ ᠵᠡᠷᠭᠡ ᠭᠠᠵᠠᠷ ᠢᠶᠠᠷ ᠭᠥᠷᠴᠤ ᠪᠦᠬᠦ ᠬᠤᠰᠢᠭᠤ᠂ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠪᠠ ᠠᠵᠤ ᠠᠬᠤᠶᠢᠯᠠᠯ ᠤᠨ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠦᠷᠨᠢᠬᠦᠯᠵᠤ ᠪᠠᠶᠢᠭ᠎ᠠ ᠪᠠᠶᠢᠳᠠᠯ᠂ ᠰᠢᠨ᠎ᠡ ᠶᠢ ᠡᠭᠦᠳᠬᠦ ᠠᠷᠭ᠎ᠠ ᠪᠠᠷᠢᠯ ᠵᠢᠴᠢ ︽ᠠᠷᠠᠳ ᠲᠤ ᠦᠢᠯᠡᠴᠢᠯᠡᠬᠦ ᠬᠦᠴᠢᠷ ᠠᠰᠠᠭᠤᠳᠠᠯ ᠢ ᠰᠢᠢᠳᠪᠦᠷᠢᠯᠡᠬᠦ︾ ᠵᠡᠷᠭᠡ ᠲᠠᠯ᠎ᠠ ᠶᠢᠨ ᠪᠣᠳᠠᠲᠠᠢ ᠠᠵᠢᠯ ᠢ ᠨᠠᠷᠢᠨ ᠤᠶᠢᠯᠠᠭᠠᠬᠤ ᠶᠢᠨ ᠬᠠᠮᠲᠤ ᠮᠠᠨ ᠤ ᠬᠤᠰᠢᠭᠤᠨ ᠤ ᠰᠢᠷᠬᠤᠰᠤ ᠰᠤᠶᠤᠯ ᠵᠢᠭᠤᠯᠴᠢᠯᠠᠯ ᠤᠨ ᠨᠠᠷᠠᠲᠤ ᠲᠡᠮᠳᠡᠭ ᠢ ᠱᠤᠭᠤᠨ ᠰᠢᠷᠬᠤᠰᠤ ᠰᠤᠶᠤᠯ ᠤᠨ ᠶᠠᠷᠤᠩᠭᠡᠢ ᠴᠤᠭᠴᠠ ᠢ ᠲᠥᠯᠥᠪᠵᠢᠭᠦᠯᠭᠦ ᠰᠠᠳᠭᠢᠴᠠ ᠠᠷᠭ᠎ᠠ ᠪᠠᠷᠢᠯ᠂ ︽ᠮᠠᠯᠵᠢᠬᠤ ᠳ᠋ᠠᠵᠠᠶ ᠥᠥᠰᠢᠨᠵᠤᠤ ᠶᠢᠨ ᠵᠣᠷᠢᠭ ᠰᠠᠨᠠᠭ᠎ᠠ ᠶᠢ ᠰᠢᠨ᠎ᠡ ᠴᠠᠭ ᠣᠶᠶ᠎ᠠ ᠳᠤ ᠠᠭᠤᠳᠠᠯᠠᠨ ᠤᠯᠠᠮᠵᠢᠯᠠᠬᠤ ᠠᠵᠢᠯ᠂ ᠡᠯ᠎ᠡ ᠰᠤᠮᠤ ᠪᠠᠯᠭᠠᠰᠤ ᠭᠠᠴᠠᠭ᠎ᠠ ᠲᠣᠰᠬᠤᠨ ᠤ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠥᠯᠥᠪᠵᠢᠭᠦᠯᠭᠡ ᠶᠢᠨ ᠰᠡᠳᠬᠢᠴᠡ ᠶᠢ ᠭᠦᠨᠵᠡᠭᠡᠶ ᠣᠶᠢᠯᠠᠭᠠᠪᠠ᠃
     ᠲᠤᠭᠤᠷᠢᠨ ᠵᠢᠯᠣᠭᠤᠳᠬᠤ ᠲᠤᠭᠤᠶᠢᠯᠠᠩ ᠤᠨ ᠬᠢᠨ ᠮᠠᠨ ᠤ ᠬᠤᠰᠢᠭᠤᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠡᠯ᠎ᠡ ᠲᠥᠷᠤᠯ ᠤᠨ ᠠᠵᠢᠯ ᠢ ᠭᠥᠢᠴᠡᠳ ᠨᠤᠲᠠᠯᠠᠪᠠ᠃ ᠵᠠᠩ ᠮᠢᠩ ᠵᠦᠩ ᠴᠢᠬᠤᠯᠠᠴᠢᠯᠠᠭᠰᠠᠨ ᠨᠢ᠂  ᠥᠥᠰᠢᠨ ᠬᠤᠰᠢᠭᠤᠨ ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ᠂ ᠶᠡᠷᠦᠩᠬᠡᠶ ᠱᠦᠵᠢ ᠰᠢ ᠶᠢᠨ ᠫᠢᠩ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾  ᠭᠤᠤᠯ ᠰᠡᠳᠦᠪᠲᠦ ᠬᠥᠮᠦᠵᠢᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ ᠵᠢᠭᠠᠪᠤᠷᠢ ᠶᠢᠨ ᠵᠣᠷᠢᠭ ᠰᠠᠨᠠᠭ᠎ᠠ᠂ ᠤᠨᠴᠠᠭᠠᠶᠢᠯᠠᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠳᠤ ᠬᠢᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠲᠠᠪᠤᠷᠢᠵᠢᠭᠤᠯᠵᠤ ᠤᠯᠤᠰ ᠲᠥᠷᠦ ᠶᠢᠨ ᠵᠤᠭᠰᠤᠴᠠ ᠪᠠᠨ ᠦᠨᠡᠨᠬᠦ  ᠲᠡᠭᠡᠭᠰᠢᠯᠠᠭᠦᠯᠤᠨ ︽ᠳᠥᠷᠪᠡ ᠶᠢ ᠪᠣᠳᠠᠲᠠᠶᠢᠵᠢᠭᠤᠯᠬᠤ︾ ᠶᠢ ᠪᠡᠶᠡᠯᠡᠭᠦᠯᠵᠦ ᠭᠤᠤᠯ ᠰᠡᠳᠦᠪᠲᠦ ᠬᠥᠮᠦᠵᠢᠯ ᠤᠨ ᠠᠵᠢᠯ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ᠃ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ ᠪᠠ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠡᠪᠲᠡᠷᠡᠯᠴᠡᠭᠦᠯᠵᠦ ᠪᠦᠬᠦᠯᠢ ᠴᠣᠭᠴᠠ ᠪᠠᠷ ᠲᠦᠯᠬᠢᠨ ᠠᠬᠢᠭᠤᠯᠬᠤ ᠶᠢ ᠪᠠᠷᠢᠮᠳᠠᠯᠠᠨ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ ᠬᠢᠬᠦ ᠠᠵᠢᠯ ᠢ ︽ᠠᠷᠠᠳ ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ︾ ᠠᠵᠢᠯ ᠳᠡᠭᠡᠷ᠎ᠡ ᠰᠢᠯᠵᠢᠭᠦᠯᠦᠨ ᠠᠪᠴᠢᠷᠠᠵᠤ ᠭᠤᠣᠯ ᠰᠡᠳᠦᠪᠲᠦ ᠬᠥᠮᠦᠵᠢᠯ ᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠢ ᠤᠶᠠᠯᠳᠤᠭᠤᠯᠵᠤ ᠭᠤᠣᠯ ᠰᠡᠳᠦᠪᠲᠦ ᠬᠥᠮᠦᠵᠢᠯ ᠤᠨ ᠰᠢᠨ᠎ᠡ ᠦᠷ᠎ᠡ ᠪᠦᠲᠦᠮᠵᠢ ᠪᠠᠷ ᠥᠥᠰᠢᠨ ᠬᠤᠰᠢᠭᠤᠨ ᠤ ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠬᠤ ᠭᠡᠷᠡᠭᠳᠠᠢ ᠭᠡᠵᠡᠢ  ᠃
     ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠡᠷᠳᠡᠨᠢᠪᠢᠯᠢᠭ ᠢᠠᠯᠷᠭᠡᠶᠢᠯᠠᠭᠦ ᠳᠤ ᠪᠠᠨ᠂ ᠥᠥᠰᠢᠨ ᠬᠤᠰᠢᠭᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠ ︽ᠳᠥᠷᠪᠡ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠢ ᠪᠠᠲᠤ ᠡᠵᠡᠮᠳᠡᠵᠦ ᠪᠦᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠵᠤ ᠭᠤᠤᠯ ᠰᠡᠳᠦᠪᠲᠦ ᠬᠥᠮᠦᠵᠢᠯ ᠤᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ ᠭᠡᠵᠡᠢ᠃
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ