ᠦᠤᠰᠢᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ
ᠨᠡᠶᠢᠲᠡᠯᠡᠭᠰᠡᠨ ᠴᠠᠭ᠄
2019-12-11
   ᠨᠢᠭᠡ᠂ ᠤᠳᠤᠷᠢᠳᠬᠤ ᠪᠠᠭ    ᠰᠢᠶᠣᠤ ᠬᠠᠢ ᠹᠦ᠋᠄ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ    ᠳᠠᠪᠰᠢᠯᠲᠤ᠄ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠬᠡᠰᠢᠬᠦᠨ᠂ ᠲᠣᠪᠴᠢᠶᠠᠨ ᠳᠡᠳ᠋ ᠳᠠᠷᠤᠭ᠎ᠠ   ᠤᠳᠬᠠᠠᠭᠡᠷᠡᠯ᠄ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶᠠᠨ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ    ᠵᠤᠤ ᠸᠧᠨ ᠫᠢᠩ᠄ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠬᠡᠰᠢᠬᠦᠨ    ᠮᠦᠩᠭᠦᠨᠴᠢᠯᠠᠭᠤ᠄ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠬᠡᠰᠢᠬᠦᠨ    ᠪᠢ ᠵᠤᠤ ᠨᠠᠨ᠄ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠬᠡᠰᠢᠬᠦᠨ᠂ ᠲᠣᠪᠴᠢᠶᠠᠨ ᠳᠡᠳ᠋ ᠳᠠᠷᠤᠭ᠎ᠠ    ᠵᠠᠩ ᠰᠢᠶᠤᠤ ᠶᠦᠨ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠲᠠᠰᠤᠭ ᠤᠨ ᠳᠡᠳ᠋ ᠡᠷᠬᠢᠯᠡᠭᠴᠢ     ᠰᠡᠴᠡᠨᠪᠠᠭᠠᠳᠤᠷ᠄ ᠰᠤᠷᠭᠠᠨ ᠬᠦᠮᠦᠵᠢᠯ ᠪᠡᠶ᠎ᠡ ᠲᠠᠮᠢᠷ ᠤᠨ ᠰᠢᠰᠲ᠋ᠧᠮ ᠤᠨ ᠠᠵᠢᠯᠴᠢᠨ ᠤ ᠡᠪᠯᠡᠯ ᠤᠨ ᠲᠡᠷᠢᠭᠦᠯᠡᠭᠴᠢ    ᠡᠤ ᠢᠤᠢ ᠱᠠᠨ᠄ ᠵᠢᠩᠭᠢᠨᠢ ᠰᠠᠯᠠᠭᠠᠨ ᠲᠡᠰ ᠤᠨ ᠬᠠᠷᠠᠭᠠᠯᠵᠠᠯ ᠲᠠᠢ    ᠴᠢᠶᠣᠤ ᠱᠧᠩ᠄ ᠳᠡᠳ᠋ ᠰᠠᠯᠠᠭᠠᠨ ᠲᠡᠰ ᠤᠨ ᠬᠠᠷᠠᠭᠠᠯᠵᠠᠯ ᠲᠠᠢ   ᠬᠤᠶᠠᠷ᠂ ᠪᠠᠶᠢᠭᠤᠯᠤᠮᠵᠢ ᠶᠢᠨ ᠲᠤᠬᠢᠷᠠᠭᠤᠯᠤᠯᠲᠠ    ᠦᠤᠰᠢᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠤᠪᠴᠢᠶᠠᠨ ᠳᠤ ᠠᠯᠪᠠᠨ ᠭᠡᠷ᠂ ᠠᠵᠢᠯᠲᠠᠨ ᠤ ᠶᠠᠪᠤᠳᠠᠯ ᠤᠨ ᠲᠠᠰᠤᠭ᠂ ᠡᠳ᠋ ᠤᠨ ᠵᠠᠰᠠᠭ ᠤᠨ ᠲᠠᠰᠤᠭ᠂ ᠰᠠᠭᠤᠷᠢ ᠰᠤᠷᠭᠠᠨ ᠬᠥᠮᠦᠵᠢᠯ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠣᠰᠣ ᠰᠤᠷᠲᠠᠬᠤᠨ ᠤ ᠬᠥᠮᠦᠵᠢᠯ ᠤᠨ ᠲᠠᠰᠤᠭ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠠᠰᠤᠭ᠂ ᠪᠡᠶ᠎ᠡ ᠲᠠᠮᠢᠷ ᠡᠷᠡᠭᠦᠯ ᠬᠠᠮᠠᠭᠠᠯᠠᠯ ᠤᠷᠠᠯᠢᠭ ᠠᠮᠤᠷ ᠲᠦᠪᠰᠢᠨ ᠤ ᠲᠠᠰᠤᠭ᠂ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠯᠪᠠᠨ ᠭᠡᠷ᠂ ᠪᠠᠭᠰᠢ ᠶᠢᠨ ᠪᠣᠯᠪᠠᠰᠤᠷᠠᠯ ᠤᠨ ᠠᠯᠪᠠᠨ ᠭᠡᠷ ᠵᠡᠷᠭᠡ 8 ᠲᠠᠰᠤᠭ ᠲᠠᠢ᠃    ᠭᠤᠷᠪᠠ᠂ ᠠᠵᠢᠯ ᠤᠨ ᠡᠭᠦᠷᠭᠡ ᠬᠠᠷᠢᠭᠤᠴᠠᠯᠭ᠎ᠠ    ︵ᠨᠢᠭᠡ︶ ᠨᠠᠮ ᠪᠠ ᠤᠯᠤᠰ ᠤᠨ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ︔ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃    ︵ᠬᠤᠶᠠᠷ︶ ᠪᠥᠬᠦ ᠬᠤᠰᠢᠭᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠦᠨᠳᠦᠰᠦᠲᠡᠨ ᠤ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ᠂ ᠤᠨᠴᠠᠭᠠᠢ ᠰᠤᠷᠭᠠᠨ ᠬᠥᠮᠦᠵᠢᠯ ᠤᠨ ᠠᠵᠢᠯ ᠢ ᠵᠢᠯᠣᠭᠤᠳᠴᠤ ᠨᠡᠶᠢᠭᠡᠮ ᠤᠨ ᠬᠦᠴᠦᠨ ᠤ ᠡᠷᠬᠢᠯᠡᠭᠰᠡᠨ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠦᠢᠯᠡᠰ ᠢ ᠵᠢᠯᠣᠭᠤᠳᠤᠨ᠎ᠠ᠃     ︵ᠭᠤᠷᠪᠠ︶ ᠡᠯ᠎ᠡ ᠲᠥᠷᠥᠯ ᠤᠨ ᠰᠤᠷᠭᠠᠭᠤᠯᠢ ᠶᠢ ᠵᠢᠯᠣᠭᠤᠳᠤᠨ ᠤᠯᠤᠰ ᠤᠨ ᠰᠤᠷᠭᠠᠨ ᠬᠦᠮᠦᠵᠢᠯ ᠤᠨ ᠴᠢᠭᠯᠡᠯᠲᠡ ᠢ ᠲᠤᠭᠤᠰᠢᠯᠠᠭᠤᠯᠵᠤ ᠤᠯᠤᠰ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ︔ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠪᠠ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠠᠵᠢᠯ ᠢ ᠵᠢᠯᠣᠭᠤᠳᠴᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠤᠷᠭᠠᠭᠤᠯᠢ ᠶᠢᠨ ᠺᠠᠳ᠋ᠷ ᠤᠨ ᠠᠵᠢᠯ ᠢ ᠬᠠᠮᠢᠶᠠᠷᠤᠨ᠎ᠠ᠃    ︵ᠳᠥᠷᠪᠡ︶ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠢ ᠵᠢᠭᠠᠨ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠵᠤ᠂ ᠵᠠᠯᠠᠭᠤᠴᠤᠳ ᠤᠨ ᠪᠢᠴᠢᠭ ᠤᠨ ᠪᠠᠯᠠᠶ ᠶᠢ ᠠᠷᠢᠯᠭᠠᠬᠤ ᠠᠵᠢᠯ ᠢ ᠬᠢᠨᠠᠨ ᠵᠢᠯᠣᠭᠤᠳᠴᠤ ᠦᠨᠡᠯᠡᠨ ᠵᠢᠱᠢᠬᠦ ᠪᠠ ᠪᠠᠶᠢᠴᠠᠭᠠᠵᠤ ᠰᠢᠯᠭᠠᠨ ᠬᠤᠷᠢᠶᠠᠬᠤ ᠠᠵᠢᠯ ᠢ ᠬᠠᠷᠢᠭᠤᠴᠠᠨ᠎ᠠ︔ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠲᠦᠪᠰᠢᠨ ᠪᠠ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠮᠡᠳᠡᠭᠦᠯᠦᠯᠲᠡ ᠨᠡᠶᠢᠲᠡᠯᠡᠨ᠎ᠡ᠃    ︵ᠲᠠᠪᠤ︶ ᠪᠥᠬᠦ ᠬᠤᠰᠢᠭᠤᠨ ᠤ ᠪᠠᠭᠰᠢ ᠶᠢᠨ ᠠᠵᠢᠯ ᠢ ᠭᠤᠤᠯᠯᠠᠨ ᠬᠠᠮᠢᠶᠠᠷᠴᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢᠨ ᠪᠠᠷᠢᠮᠵᠢᠶ᠎ᠠ᠂ ᠪᠠᠭᠰᠢ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ᠂ ᠪᠠᠭᠰᠢ ᠶᠢᠨ ᠪᠣᠯᠪᠠᠰᠤᠷᠠᠯ᠂ ᠪᠠᠭᠰᠢ ᠶᠢᠨ ᠲᠤᠬᠠᠶᠢᠯᠠᠭᠰᠠᠨ ᠠᠵᠢᠯ ᠤᠨ ᠬᠢᠨᠠᠨ ᠰᠢᠯᠭᠠᠯᠲᠠ᠂ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠠᠵᠢᠯ ᠢ ᠵᠢᠯᠣᠭᠤᠳᠤᠨ ᠬᠡᠷᠡᠭᠵᠢᠭᠦᠯᠵᠦ ᠪᠥᠬᠦ ᠬᠤᠰᠢᠭᠤᠨ ᠤ ᠰᠤᠷᠭᠠᠭᠤᠯᠢ ᠶᠢᠨ ᠪᠠᠭᠰᠢ ᠪᠠ ᠬᠠᠮᠢᠶᠠᠷᠤᠯᠲᠠ ᠶᠢᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃    ︵ᠵᠢᠷᠭᠤᠭ᠎ᠠ︶ ᠰᠤᠷᠭᠠᠨ ᠬᠥᠮᠦᠵᠢᠯ ᠤᠨ ᠵᠠᠷᠤᠳᠠᠯ ᠤᠨ ᠲᠥᠰᠦᠪ ᠪᠠ ᠲᠥᠰᠦᠪ ᠤᠨ ᠬᠦᠢᠴᠡᠳᠬᠡᠯ ᠤᠨ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ ᠰᠤᠷᠭᠠᠨ ᠬᠥᠮᠦᠵᠢᠯ ᠤᠨ ᠵᠠᠷᠤᠳᠠᠯ ᠴᠤᠭᠯᠠᠭᠤᠯᠬᠤ᠂ ᠰᠤᠷᠭᠠᠨ ᠬᠥᠮᠦᠵᠢᠯ ᠳᠤ ᠵᠣᠭᠤᠰ ᠰᠠᠯᠭᠠᠨ ᠥᠭᠬᠦ᠂ ᠰᠤᠷᠭᠠᠨ ᠬᠥᠮᠦᠵᠢᠯ ᠤᠨ ᠰᠠᠭᠤᠷᠢ ᠪᠠᠯᠠ ᠣᠷᠣᠭᠤᠯᠤᠯᠲᠠ ᠶᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠨ᠎ᠠ︔ ᠰᠤᠷᠭᠠᠨ ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠶᠢᠨ ᠪᠠᠶᠢᠳᠠᠯ ᠢ ᠬᠢᠨᠠᠨ ᠬᠡᠮᠵᠢᠵᠦ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠪᠠᠶᠢᠳᠠᠯ ᠢ ᠪᠦᠷᠢᠳᠬᠡᠬᠦ ᠶᠢ ᠬᠠᠷᠢᠭᠤᠴᠠᠨ᠎ᠠ᠃    ︵ᠳᠣᠯᠤᠭ᠎ᠠ︶ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ ᠬᠢᠲᠠᠳ ᠦᠭᠡ ᠬᠡᠯᠡ ᠦᠰᠦᠭ ᠪᠢᠴᠢᠭ ᠤᠨ ᠲᠦᠷᠢᠮᠵᠢᠭᠰᠡᠨ ᠪᠠ ᠪᠠᠷᠢᠮᠵᠢᠶ᠎ᠠ ᠬᠡᠷᠡᠭᠯᠡᠯᠲᠡ ᠶᠢ ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠵᠤ᠂ ᠨᠡᠶᠢᠲᠡᠯᠢᠭ ᠬᠡᠯᠡ ᠪᠠ ᠨᠡᠶᠢᠲᠡᠯᠢᠭ ᠬᠡᠯᠡᠨ ᠤ ᠰᠢᠯᠭᠠᠯᠲᠠ ᠶᠢᠨ ᠠᠵᠢᠯ ᠢ ᠲᠦᠭᠡᠮᠡᠯᠵᠢᠭᠦᠯᠬᠦ ᠶᠢ ᠵᠢᠯᠣᠭᠤᠳᠤᠨ᠎ᠠ᠃     ︵ᠨᠠᠢᠮᠠ︶ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠠᠬᠢᠳᠠᠯ ᠰᠤᠷᠪᠤᠯᠵᠢᠯᠠᠯ ᠬᠢᠬᠦ᠂ ᠲᠣᠭᠲᠠᠭᠤᠨ ᠢ ᠬᠠᠮᠠᠭᠠᠯᠠᠬᠤ ᠠᠵᠢᠯ ᠵᠢᠴᠢ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠰᠤᠷᠭᠠᠨ ᠬᠥᠮᠦᠵᠢᠭᠦᠯᠬᠦ ᠠᠵᠢᠯ ᠢ ᠬᠠᠷᠢᠭᠤᠴᠠᠨ᠎ᠠ᠃    ︵ᠶᠢᠰᠦ︶ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠠᠮᠤᠷ ᠲᠦᠪᠰᠢᠨ ᠤ ᠬᠠᠮᠢᠶᠠᠷᠤᠯᠲᠠ ᠪᠠ ᠪᠡᠶ᠎ᠡ ᠲᠠᠮᠢᠷ ᠡᠷᠡᠭᠦᠯ ᠬᠠᠮᠠᠭᠠᠯᠠᠯ ᠤᠷᠠᠯᠢᠭ ᠤᠨ ᠠᠵᠢᠯ ᠢ ᠬᠠᠷᠢᠭᠤᠴᠠᠨ᠎ᠠ᠃    ︵ᠠᠷᠪᠠ︶ ᠪᠦᠬᠦ ᠬᠤᠰᠢᠭᠤᠨ ᠤ ᠡᠩ ᠤᠨ ᠶᠡᠭᠡ ᠲᠡᠭᠡᠲᠦ ᠰᠤᠷᠭᠠᠭᠤᠯᠢ ᠳᠤ ᠲᠡᠪᠰᠢᠬᠦ ᠰᠢᠯᠭᠠᠯᠲᠠ᠂ ᠳᠤᠮᠳᠠᠳᠤ ᠰᠤᠷᠭᠠᠭᠤᠯᠢ ᠳᠤ ᠲᠡᠪᠰᠢᠬᠦ ᠰᠢᠯᠭᠠᠯᠲᠠ᠂ ᠨᠠᠰᠤᠨ ᠳᠤ ᠬᠦᠷᠦᠭᠰᠡᠳ ᠤᠨ ᠲᠡᠭᠡᠲᠤ ᠰᠤᠷᠭᠠᠭᠤᠯᠢ ᠳᠤ ᠲᠡᠪᠰᠢᠬᠦ ᠰᠢᠯᠭᠠᠯᠲᠠ᠂ ᠦᠪᠡᠷᠳᠡᠭᠡᠨ ᠰᠤᠷᠴᠦ ᠰᠢᠯᠭᠠᠭᠤᠯᠬᠤ ᠠᠵᠢᠯ ᠪᠣᠯᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠵᠡᠷᠭᠡ ᠠᠵᠢᠯ ᠢ ᠬᠠᠷᠢᠭᠤᠴᠠᠨ᠎ᠠ᠃    ︵ᠠᠷᠪᠠᠨ ᠬᠤᠶᠠᠷ︶ ᠬᠤᠰᠢᠭᠤ ᠠᠷᠠᠳ ᠤᠨ ᠵᠠᠰᠠᠭ ᠤᠨ ᠣᠷᠳᠣᠨ ᠪᠠ ᠲᠡᠭᠡᠲᠦ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠡᠷᠡᠭ ᠶᠠᠪᠤᠳᠠᠯ ᠢ ᠲᠠᠭᠠᠭᠠᠴᠢᠯᠠᠨ ᠭᠦᠢᠴᠡᠳᠬᠡᠨ᠎ᠡ᠃   ᠳᠥᠷᠪᠡ᠂ ᠠᠯᠪᠠᠯᠠᠬᠤ ᠬᠠᠶ᠋ᠢᠭ    ᠦᠤᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠠᠷᠠᠳ ᠵᠠᠮ ᠤᠨ ᠠᠷᠤ ᠲᠠᠯ᠎ᠠ᠂ ᠲᠠᠯ᠎ᠠ ᠶᠢᠨ ᠤᠰᠤ ᠵᠡᠭᠡᠯᠢ ᠶᠢᠨ ᠪᠠᠷᠠᠭᠤᠨ ᠬᠡᠰᠡᠭ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ   ᠲᠠᠪᠤ᠂  ᠬᠠᠷᠢᠯᠴᠠᠬᠤ ᠠᠷᠭ᠎ᠠ    ᠤᠲᠠᠰᠤ᠄ 0477 —7586990    ᠢᠮᠧᠯ᠄ wsjyap@163.com    ᠰᠢᠤᠳᠠᠨ ᠳ᠋ᠤᠭᠠᠷ᠄ 017300    ᠵᠢᠷᠭᠤᠭ᠎ᠠ᠂ ᠠᠵᠢᠯᠯᠠᠬᠤ ᠴᠠᠭ    ᠦᠳᠡ ᠡᠮᠦᠨ᠎ᠡ 8᠄ 30 — 12᠄ 00    ᠦᠳᠡ ᠬᠤᠶᠢᠨ᠎ᠡ 14᠄ 30 — 17᠄ 30
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号