ᠮᠠᠨ ᠤ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠰᠦᠯᠳᠠ ᠰᠤᠮᠤᠨ ᠤ ᠲᠤᠮᠢᠯᠠᠭᠰᠠᠨ | ᠰᠠᠯᠪᠤᠷᠢ ᠴᠠᠭᠳᠠᠭ᠎ᠠ ᠠᠷᠠᠳ ᠤᠨ ᠬᠤᠭᠤᠷᠤᠨᠳᠤᠬᠢ ᠵᠠᠢ ᠶᠢ ᠤᠯᠠᠮ ᠤᠶᠢᠷᠠᠳᠤᠭᠤᠯᠵᠤ ᠮᠠᠯᠴᠢᠳ ᠤᠨ ᠪᠤᠳᠠᠳᠤ | ᠪᠠᠶᠢᠳᠠᠯ ᠢ ᠤᠶᠢᠯᠠᠭᠠᠵᠤ ᠲᠡᠳᠡᠨ ᠳᠤ ᠲᠤᠯᠭᠠᠷᠠᠵᠤ ᠪᠠᠶᠢᠭ᠎ᠠ ᠬᠦᠴᠢᠷᠳᠡᠯ ᠢ ᠴᠠᠭ ᠲᠤᠬᠠᠢ ᠳᠤᠨᠢ ᠰᠢᠢᠳᠪᠤᠷᠢᠯᠡᠬᠦ ᠪᠠᠷ | ᠰᠠᠯᠪᠤᠷᠢ ᠶᠢᠨ ᠢᠶᠠᠨ ᠬᠢᠳᠠᠳ ᠦᠨᠳᠦᠰᠦᠳᠡᠨ ᠤ ᠴᠠᠭᠳᠠᠭ᠎ᠠ ᠨᠠᠷ ᠲᠤ ᠮᠤᠩᠭᠤᠯ ᠦᠬᠡ ᠵᠢᠭᠠᠵᠤ ᠦᠢᠯᠡᠴᠢᠯᠡᠭᠡ ᠪᠠᠨ | ᠤᠯᠠᠮ ᠦᠷᠬᠡᠵᠢᠬᠦᠯᠵᠤ ᠴᠢᠳᠠᠯ᠎ᠠ᠃ | ᠮᠠᠨ ᠤ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠰᠦᠯᠳᠠ ᠰᠤᠮᠤᠨ ᠤ ᠲᠤᠮᠢᠯᠠᠭᠰᠠᠨ | ᠰᠠᠯᠪᠤᠷᠢ ᠶᠢᠨ ᠬᠢᠳᠠᠳ ᠦᠨᠳᠦᠰᠦᠳᠡᠨ ᠤ ᠴᠠᠭᠳᠠᠭ᠎ᠠ ᠨᠡᠷ ᠡᠳᠦᠷ ᠪᠦᠷᠢ ᠠᠵᠢᠯ ᠤᠨ ᠶᠠᠭᠠᠷᠠᠤ ᠪᠠᠨ ᠵᠠᠶᠢᠴᠢᠯᠠᠵᠤ | ᠰᠠᠯᠪᠤᠷᠢ ᠶᠢᠨ ᠲᠠᠷᠤᠭ᠎ᠠ ᠪᠠᠷ ᠢᠶᠠᠨ ᠮᠤᠩᠭᠤᠯ ᠦᠬᠡ ᠵᠢᠭᠠᠯᠭᠠᠳᠠᠭ᠃ ᠰᠦᠯᠳᠡ ᠰᠤᠮᠤᠨ ᠤ ᠲᠤᠮᠢᠯᠠᠭᠰᠠᠨ ᠰᠠᠯᠪᠤᠷᠢ | ᠳᠤ ᠲᠦᠷᠪᠡᠨ ᠮᠤᠩᠭᠤᠯ ᠴᠠᠭᠳᠠᠭ᠎ᠠ᠂ ᠠᠷᠪᠠᠨ ᠬᠢᠳᠠᠳ ᠦᠨᠳᠦᠰᠦᠳᠡᠨ ᠤ ᠴᠠᠭᠳᠠᠭ᠎ᠠ ᠲᠠᠢ ᠪᠠᠶᠢᠳᠠᠭ᠃ ᠰᠦᠯᠳᠡ | ᠰᠤᠮᠤ ᠪᠤᠯ ᠮᠠᠨ ᠤ ᠬᠤᠰᠢᠭᠤᠨ ᠤ ᠴᠤᠷ ᠤᠨ ᠭᠠᠭᠴᠠ ᠮᠠᠯᠵᠢᠬᠤ ᠰᠤᠮᠤ ᠪᠠᠶᠢᠵᠤ ᠮᠤᠩᠭᠤᠯ ᠦᠨᠳᠦᠰᠦᠳᠡᠨ 70% | ᠶᠢ ᠡᠵᠡᠯᠡᠵᠤ ᠪᠠᠶᠢᠳᠠᠭ᠃ ᠡᠬᠦᠨ ᠳᠤ ᠤᠯᠠᠩᠬᠢ ᠮᠠᠯᠴᠢᠳ ᠬᠢᠳᠠᠳ ᠦᠬᠡ ᠤᠶᠢᠯᠠᠭᠠᠬᠤ ᠦᠬᠡᠢ ᠪᠤᠶᠤ ᠬᠢᠳᠠᠳ ᠢᠶᠠᠷ | ᠶᠠᠷᠢᠵᠤ ᠲᠡᠶᠢᠯᠬᠦ ᠦᠬᠡᠢ ᠵᠡᠷᠬᠡ ᠪᠤᠳᠠᠳᠤ ᠠᠰᠠᠭᠤᠳᠠᠯ ᠤᠷᠤᠰᠢᠵᠤ ᠪᠠᠶᠢᠳᠠᠭ ᠠᠴᠠ ᠲᠤᠮᠢᠯᠠᠭᠰᠠᠨ ᠰᠠᠯᠪᠤᠷᠢ ᠶᠢᠨ ᠬᠢᠨ | ᠠᠵᠢᠯ ᠦᠷᠨᠢᠬᠦᠯᠬᠦ ᠳᠤ ᠨᠡᠯᠢᠶᠠᠳ ᠬᠦᠴᠢᠷᠳᠡᠳᠡᠭ ᠪᠠᠶᠢᠯ᠎ᠠ᠃ | ᠦᠥᠰᠢᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠰᠦᠯᠳᠠ ᠰᠤᠮᠤᠨ ᠤ ᠲᠤᠮᠢᠯᠠᠭᠰᠠᠨ | ᠰᠠᠯᠪᠤᠷᠢ ᠶᠢᠨ ᠲᠠᠷᠤᠭ᠎ᠠ ᠪᠤᠶᠠᠨᠳᠠᠯᠠᠢ᠄ ︽ᠬᠢᠳᠠᠳ ᠦᠨᠳᠦᠰᠦᠳᠡᠨ ᠤ ᠴᠠᠭᠳᠠᠭ᠎ᠠ ᠨᠡᠷ ᠭᠠᠴᠠᠭ᠎ᠠ ᠲᠤᠰᠬᠤᠨ ᠨᠡᠶᠢᠬᠡᠮ | ᠲᠤᠭᠤᠷᠢᠭ ᠲᠤ ᠬᠦᠷᠴᠦ ᠮᠠᠯᠴᠢᠳ ᠤᠨ ᠲᠤᠮᠳᠠ ᠠᠵᠢᠯ ᠬᠢᠨ᠎ᠡ᠂ ᠲᠡᠬᠡᠬᠦᠯᠡᠷ ᠬᠢᠳᠠᠳ ᠦᠨᠳᠦᠰᠦᠳᠡᠨ ᠤ ᠴᠠᠭᠳᠠᠭ᠎ᠠ | ᠨᠡᠷ ᠮᠠᠯᠴᠢᠳ ᠤᠨ ᠲᠤᠮᠳᠠ ᠤᠴᠢᠭᠠᠳ ᠠᠵᠢᠯ ᠬᠢᠬᠦ ᠳᠤ ᠦᠬᠡ ᠶᠢ ᠨᠢ ᠤᠶᠢᠯᠠᠭᠠᠬᠤ ᠦᠬᠡᠢ᠂ ᠬᠠᠵᠠᠭᠤ ᠳᠤᠨᠢ | ᠤᠴᠢᠭᠠᠳ ᠶᠠᠭᠤ ᠬᠡᠯᠡᠵᠤ ᠪᠠᠶᠢᠬᠤ ᠶᠢ ᠨᠢ ᠤᠶᠢᠯᠠᠭᠠᠵᠤ ᠲᠡᠶᠢᠯᠬᠦ ᠦᠬᠡᠢ ᠪᠠᠶᠢᠵᠤ ᠵᠠᠷᠢᠮ ᠠᠵᠢᠯ ᠢ ᠬᠢᠵᠤ ᠲᠡᠶᠢᠯᠬᠦ | ᠦᠬᠡᠢ ᠪᠠᠶᠢᠭ᠎ᠠ ᠪᠠᠶᠢᠳᠠᠯ ᠢᠶᠠᠨ ᠨᠠᠳᠠ ᠳᠤ ᠲᠤᠰᠬᠠᠵᠤ ᠪᠠᠶᠢᠨ᠎ᠠ᠂ ᠮᠠᠨ ᠤ ᠬᠢᠳᠠᠳ ᠦᠨᠳᠦᠰᠦᠳᠡᠨ ᠤ ᠴᠠᠭᠳᠠᠭ᠎ᠠ | ᠨᠡᠷ ᠮᠤᠩᠭᠤᠯ ᠬᠡᠯᠡ ᠰᠤᠷᠤᠶ᠎ᠠ ᠬᠡᠰᠡᠨ ᠦᠵᠡᠯ ᠤᠬᠠᠮᠰᠠᠷ ᠲᠠᠢ᠂ ᠲᠡᠬᠡᠭᠡᠳ ᠪᠢᠳᠠ ᠡᠨᠡ ᠠᠵᠢᠯ ᠢ ᠵᠤᠷᠢᠭᠳᠠᠢ | ᠦᠷᠨᠢᠬᠦᠯᠵᠤ ᠬᠠᠮᠤᠭ ᠤᠨ ᠲᠦᠬᠦᠮ ᠬᠡᠷᠡᠭᠯᠡᠭᠡᠨ ᠤ ᠦᠬᠡ ᠶᠠᠷᠢᠶ᠎ᠠ ᠠᠴᠠ ᠡᠬᠢᠯᠠᠵᠤ ᠬᠢᠳᠠᠳ ᠦᠨᠳᠦᠰᠦᠳᠡᠨ ᠤ | ᠴᠠᠭᠳᠠᠭ᠎ᠠ ᠨᠡᠷ ᠲᠤ ᠮᠤᠩᠭᠤᠯ ᠦᠬᠡ ᠵᠢᠭᠠᠵᠤ ᠡᠬᠢᠯᠡᠭᠰᠡᠨ ᠪᠠᠶᠢᠨ᠎ᠠ︾ ᠬᠡᠪᠡ᠃ | ᠡᠨᠡ ᠵᠢᠯ ᠤᠨ ᠨᠠᠢᠮᠠᠳᠤᠭᠠᠷ ᠰᠠᠷ᠎ᠠ ᠠᠴᠠ ᠡᠬᠢᠯᠠᠵᠤ ᠪᠤᠶᠠᠨᠳᠠᠯᠠᠢ ᠰᠠᠯᠪᠤᠷᠢ ᠶᠢᠨ ᠢᠶᠠᠨ ᠠᠷᠪᠠᠨ ᠬᠢᠳᠠᠳ | ᠦᠨᠳᠦᠰᠦᠳᠡᠨ ᠤ ᠴᠠᠭᠳᠠᠭ᠎ᠠ ᠳᠤ ᠪᠠᠭᠰᠢᠯᠠᠵᠤ ᠡᠳᠦᠷ ᠲᠤᠳᠤᠮ ᠤᠨ ᠮᠠᠨᠳᠤᠴᠢᠯᠡᠭᠡ ᠶᠢᠨ ᠦᠬᠡ᠂ ᠠᠵᠢᠯ ᠤᠨ | ᠲᠤᠮᠳᠠ ᠦᠷᠬᠦᠯᠵᠢ ᠶᠠᠷᠢᠭᠳᠠᠳᠠᠭ ᠦᠬᠡ ᠶᠢ ᠵᠢᠭᠠᠬᠤ ᠶᠢᠨ ᠬᠠᠮᠳᠤ ᠮᠤᠩᠭᠤᠯ ᠦᠨᠳᠦᠰᠦᠳᠡᠨ ᠤ ᠵᠠᠩ ᠲᠠᠳᠬᠠᠯ ᠤᠨ | ᠲᠠᠯ᠎ᠠ ᠠᠴᠠ ᠪᠠᠰᠠ ᠲᠠᠶᠢᠯᠪᠤᠷᠢᠯᠠᠨ ᠵᠢᠭᠠᠵᠤ ᠡᠬᠢᠯᠠᠵᠠᠢ᠃ ᠢᠩᠬᠢᠬᠡᠳ ᠤᠳᠤ ᠪᠤᠯᠬᠤ ᠳᠤ ᠴᠠᠭᠳᠠᠭ᠎ᠠ ᠨᠡᠷ | ᠬᠠᠷᠢᠯᠴᠠᠭᠠᠨ ᠤ ᠦᠬᠡ ᠬᠡᠯᠡ ᠶᠢ ᠨᠡᠯᠢᠶᠡᠳ ᠪᠤᠯᠪᠠᠰᠤᠷᠠᠩᠭᠤᠢ ᠡᠵᠡᠮᠰᠢᠵᠤ ᠴᠢᠳᠠᠭᠰᠠᠨ ᠠᠴᠠ ᠮᠠᠯᠴᠢᠳ ᠲᠤ ᠲᠤᠩ | ᠲᠦᠬᠦᠮ ᠦᠵᠡᠬᠦᠯᠵᠤ ᠴᠢᠳᠠᠵᠠᠢ᠃ ᠡᠬᠦᠨ ᠠᠴᠠ ᠭᠠᠳᠠᠨ᠎ᠠ ᠡᠷᠦᠬᠡ ᠠᠮᠠ ᠶᠢᠨ ᠲᠠᠩᠰᠠᠯᠠᠯᠳᠠ ᠶᠢᠨ ᠠᠵᠢᠯ ᠢ | ᠬᠠᠷᠢᠭᠤᠴᠠᠵᠤ ᠪᠠᠶᠢᠭ᠎ᠠ ᠴᠠᠭᠳᠠᠭ᠎ᠠ ᠳᠠᠭᠠᠨ ᠪᠠᠰᠠ ᠲᠤᠰ ᠠᠵᠢᠯ ᠳᠤᠨᠢ ᠲᠤᠬᠢᠷᠠᠭᠰᠠᠨ ᠮᠤᠩᠭᠤᠯ ᠦᠬᠡ ᠬᠡᠯᠡ ᠶᠢ | ᠵᠢᠭᠠᠵᠤ ᠦᠭᠬᠦᠭᠰᠡᠨ ᠢᠶᠠᠷ ᠡᠷᠦᠬᠡ ᠠᠮᠠ ᠶᠢᠨ ᠲᠠᠩᠰᠠᠯᠠᠯᠳᠠ ᠶᠢᠨ ᠠᠵᠢᠯ ᠢ ᠬᠦᠢᠴᠡᠳᠬᠡᠬᠦ ᠪᠠᠷ ᠢᠷᠡᠵᠤ ᠪᠤᠢ | ᠮᠠᠯᠴᠢᠳ ᠲᠤ ᠲᠦᠬᠦᠮ ᠦᠵᠡᠬᠦᠯᠵᠤ ᠬᠠᠯᠠᠭᠤᠨ ᠬᠦᠷᠢᠶᠠᠯᠠᠯ ᠢ ᠤᠯᠵᠠᠢ᠃ | |