ᠶᠠᠭ ᠥᠷᠨᠢᠭᠦᠯᠵᠦ ᠪᠠᠶᠢᠭ᠎ᠠ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠲᠠᠢ ᠤᠶᠠᠯᠳᠤᠭᠤᠯᠵᠤ 12 ᠰᠠᠷ᠎ᠠ ᠶᠢᠨ 6 ᠤ ᠡᠳᠦᠷ | ᠤᠯᠤᠰ ᠤᠨ ᠭᠠᠶᠢᠯᠢ ᠶᠢᠨ ᠶᠠᠪᠤᠳᠠᠯ ᠤᠨ ᠶᠠᠷᠤᠩᠭᠡᠢ ᠲᠤᠪᠴᠢᠶᠠᠨ ᠤ ᠥᠪᠤᠷ ᠮᠤᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ ᠵᠠᠩ ᠭᠦᠸᠧ ᠵᠦᠩ ᠨᠠᠷ | ᠮᠠᠨ ᠤ ᠬᠤᠰᠢᠭᠤᠨ ᠳᠤ ᠢᠷᠡᠵᠤ ᠪᠠᠶᠢᠴᠠᠭᠠᠨ ᠰᠤᠳᠤᠯᠤᠯᠲᠠ ᠵᠢᠭᠠᠨ ᠵᠢᠯᠤᠭᠤᠳᠤᠯᠭ᠎ᠠ ᠭᠢᠵᠤ᠂ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠤᠤ ᠹᠧᠶ ᠯᠦ ᠪᠤᠯᠤᠨ ᠬᠤᠲᠠ᠂ ᠬᠤᠰᠢᠭᠤᠨ ᠤ ᠭᠠᠶᠢᠯᠢ ᠶᠢᠨ | ᠶᠠᠪᠤᠳᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠪᠠᠷᠠᠳᠠᠨ ᠪᠠᠶᠢᠴᠠᠭᠠᠪᠠ᠃ | ᠵᠥᠩ ᠲᠢᠶᠠᠨ ᠾᠧ ᠴᠤᠸᠠᠩ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠪᠠᠶᠢᠴᠠᠭᠠᠨ | ᠰᠤᠳᠤᠯᠤᠯᠲᠠ ᠭᠢᠭᠦ ᠳᠤ ᠪᠠᠨ᠂ ᠵᠠᠩ ᠭᠦᠸᠧ ᠵᠥᠩ ᠨᠠᠷ ᠠᠵᠤ ᠠᠬᠤᠶᠢᠯᠠᠯ ᠤᠨ ᠥᠢᠯᠡᠳᠪᠤᠷᠢᠯᠠᠯ ᠤᠨ ᠲᠠᠰᠤᠭ ᠢᠶᠠᠷ | ᠲᠣᠭᠤᠷᠢᠨ ᠦᠵᠡᠵᠦ ᠥᠢᠯᠡᠳᠪᠤᠷᠢᠯᠠᠭᠦ ᠶᠠᠪᠤᠴᠠ ᠶᠢᠨ ᠵᠢᠷᠤᠭ᠂ ᠥᠢᠯᠠᠳᠪᠤᠷᠢᠯᠠᠯ ᠤᠨ ᠵᠠᠭᠪᠤᠷ᠂ ᠲᠥᠪᠯᠡᠷᠡᠭᠦᠯᠦᠨ | ᠡᠵᠡᠮᠳᠠᠭᠦ ᠰᠢᠰᠲ᠋ᠧᠮ ᠢ ᠪᠠᠶᠢᠴᠠᠭᠠᠨ ᠥᠵᠠᠭᠦ ᠶᠢᠨ ᠬᠠᠮᠳᠤ ᠬᠤᠯᠪᠣᠭᠳᠠᠯ ᠪᠦᠬᠦᠢ ᠠᠵᠤ ᠠᠬᠤᠶᠢᠯᠠᠯ ᠤᠨ ᠠᠵᠤ | ᠠᠬᠤᠢ ᠶᠢᠨ ᠦᠷ᠎ᠡ ᠠᠰᠢᠭ ᠵᠡᠷᠭᠡ ᠪᠠᠶᠢᠳᠠᠯ ᠤᠨ ᠲᠤᠬᠠᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠨᠠᠷᠢᠨ | ᠲᠠᠨᠢᠯᠴᠠᠭᠤᠯᠭ᠎ᠠ ᠶᠢ ᠰᠣᠨᠣᠰᠴᠠᠶ᠃ ᠳᠠᠷᠠᠭ᠎ᠠ ᠨᠢ ᠵᠠᠩ ᠭᠦᠸᠧ ᠵᠦᠩ ᠨᠠᠷ ᠪᠠᠰᠠ ︽ᠨᠠᠮ ᠤᠨ ᠪᠠᠶᠢᠭᠤᠯᠤᠯᠲᠠ ᠪᠠᠷ | ᠭᠠᠶᠢᠯᠢ ᠠᠵᠤ ᠠᠬᠤᠶᠢᠯᠠᠯ ᠢ ᠬᠥᠲᠥᠯᠥᠨ ᠳᠠᠭᠠᠭᠤᠯᠵᠤ᠂ ᠭᠤᠤᠯ ᠰᠡᠳᠦᠪᠲᠦ ᠬᠥᠮᠦᠵᠢᠯ ᠢᠶᠠᠷ ᠬᠥᠭᠵᠢᠯᠲᠡ ᠶᠢ | ᠠᠬᠢᠭᠤᠯᠤᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠳᠤ ᠣᠷᠣᠯᠴᠠᠵᠤ ᠰᠠᠭᠤᠳᠠᠯ ᠤᠨ | ᠬᠤᠷᠠᠯ ᠬᠤᠷᠠᠯᠳᠤᠭᠤᠯᠤᠨ ᠰᠠᠨᠠᠯ ᠢᠶᠠᠨ ᠰᠤᠯᠢᠯᠴᠠᠨ ᠨᠠᠮ ᠳᠤ ᠣᠷᠣᠬᠤ ᠲᠠᠩᠭᠠᠷᠢᠭ ᠤᠨ ᠦᠭᠡ ᠶᠢ ᠳᠠᠬᠢᠨ | ᠡᠷᠭᠢᠴᠡᠭᠦᠯᠵᠦ ᠠᠵᠤ ᠠᠬᠤᠶᠢᠯᠠᠯ ᠳᠤ ᠭᠤᠤᠯ ᠰᠡᠳᠦᠪᠲᠦ ᠬᠥᠮᠦᠵᠢᠯ ᠤᠨ ᠤᠨᠤᠯ ᠰᠤᠷᠤᠯᠴᠠᠬᠤ ᠨᠣᠮ ᠪᠢᠴᠢᠭ | ᠬᠦᠷᠭᠡᠪᠡ᠃ | ᠰᠠᠭᠤᠳᠠᠯ ᠤᠨ ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠵᠤᠤ ᠹᠧᠢ ᠯᠦ ᠮᠠᠨ ᠤ ᠬᠤᠰᠢᠭᠤᠨ ᠤ ᠪᠠᠶᠢᠳᠠᠯ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠬᠠᠶ | ᠲᠣᠪᠴᠢ ᠲᠣᠳᠣᠷᠬᠠᠶᠢᠯᠠᠯᠲᠠ ᠬᠢᠭᠰᠡᠨ ᠪᠥᠭᠡᠳ ᠥᠥᠰᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠠᠴᠠ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠠᠵᠢᠯ ᠢ ᠳᠠᠮᠵᠢᠵᠤ ᠲᠥᠪ᠂ ᠥᠪᠡᠷᠲᠡᠭᠡᠨ | ᠵᠠᠰᠠᠬᠤ ᠣᠷᠣᠨ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠨᠡᠶᠢᠲᠡᠯᠡᠭᠰᠡᠨ ᠡᠯ᠎ᠡ ᠲᠥᠷᠤᠯ ᠤᠨ | ᠭᠠᠶᠢᠯᠢ ᠶᠢ ᠬᠥᠩᠭᠡᠯᠡᠬᠦ ᠲᠥᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ ᠭᠡᠵᠦ ᠢᠯᠡᠳᠬᠡᠪᠡ᠃ | ᠵᠠᠩ ᠭᠦᠸᠧ ᠵᠥᠩ ᠢᠯᠡᠷᠬᠡᠶᠢᠯᠡᠬᠦ ᠳᠡᠭᠡᠨ᠂ ᠥᠥᠰᠢᠨ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠪᠠᠶᠢᠳᠠᠯ ᠰᠠᠶᠢᠨ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠨ᠎ᠠ᠂ ᠬᠤᠵᠢᠮ | ᠥᠥᠰᠢᠨ ᠬᠤᠰᠢᠭᠤ ᠠᠵᠤ ᠠᠬᠤᠢ ᠶᠢᠨ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ᠂ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠦᠷᠭᠦᠯᠵᠢᠯᠡᠨ ᠰᠠᠶᠢᠲᠤᠷ ᠵᠠᠮᠨᠠᠬᠤ ᠶᠢ ᠬᠦᠰᠡᠵᠦ ᠪᠠᠶᠢᠨ᠎ᠠ ᠭᠡᠵᠡᠢ᠃ | ᠵᠠᠩ ᠭᠦᠸᠧ ᠵᠦᠩ ᠠᠵᠤ ᠠᠬᠤᠶᠢᠯᠠᠯ ᠤᠨ ᠣᠯᠤᠭᠰᠠᠨ ᠡᠯ᠎ᠡ ᠲᠥᠷᠤᠯ ᠤᠨ ᠠᠮᠵᠢᠯᠲᠠ ᠵᠢᠴᠢ ᠪᠦᠬᠦ | ᠣᠷᠣᠨ ᠤ ᠭᠠᠶᠢᠯᠢ ᠶᠢᠨ ᠥᠢᠯᠠᠰ ᠲᠤ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠳᠤ ᠨᠤᠳᠠᠯᠠᠯᠳᠠ ᠥᠭᠴᠤ | ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠰᠠᠨᠠᠭᠤᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠥᠭᠴᠡᠶ᠃ | ᠲᠡᠷᠡ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠡᠯ᠎ᠡ ᠲᠥᠷᠤᠯ ᠤᠨ ᠭᠠᠶᠢᠯᠢ ᠶᠢ ᠬᠥᠩᠭᠡᠷᠡᠭᠦᠯᠬᠦ ᠲᠥᠷᠦ ᠶᠢᠨ | ᠪᠣᠳᠣᠯᠭ᠎ᠠ ᠶᠢ ᠰᠠᠶᠢᠲᠤᠷ ᠨᠠᠶᠢᠲᠠᠪᠤᠷᠢᠵᠢᠭᠤᠯᠬᠤ᠂ ᠭᠠᠶᠢᠯᠢ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ | ᠬᠠᠮᠲᠤᠷᠠᠯᠴᠠᠭ᠎ᠠ ᠪᠠᠨ ᠴᠢᠩᠭᠠᠳᠬᠠᠨ ᠪᠦᠬᠦ ᠣᠷᠣᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠬᠠᠮᠲᠤᠪᠠᠷ ᠢᠳᠡᠪᠬᠢᠲᠡᠢ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠵᠠᠩ ᠭᠦᠸᠧ ᠵᠦᠩ ᠴᠢᠬᠤᠯᠠᠴᠢᠯᠠᠭᠰᠠᠨ ᠨᠢ᠂ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠡᠯ᠎ᠡ ᠱᠠᠲᠤᠨ ᠤ | ᠨᠠᠮ ᠤᠨ ᠬᠤᠷᠢᠶ᠎ᠠ᠂ ᠨᠠᠮ ᠤᠨ ᠤᠳᠤᠷᠢᠳᠬᠤ ᠲᠤᠭᠤᠶᠢᠯᠠᠩ ᠡᠯ᠎ᠡ ᠲᠥᠷᠤᠯ ᠤᠨ ᠠᠵᠢᠯ ᠢᠶᠠᠨ ᠰᠠᠶᠢᠨ ᠭᠢᠵᠤ ᠪᠦᠬᠦ | ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠡᠮᠦᠨ᠎ᠡ ᠡᠩᠨᠡᠭᠡᠨ ᠳᠤ ᠣᠷᠣᠬᠤ ᠪᠠᠷ ᠴᠢᠷᠮᠠᠶᠢᠬᠤ ᠬᠡᠷᠡᠭᠲᠡᠶ | ᠃ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠲᠠᠲᠠᠪᠤᠷᠢᠯᠠᠨ ᠬᠠᠮᠢᠶᠠᠷᠬᠤ ᠴᠢᠳᠠᠪᠤᠷᠢ᠂ | ᠥᠢᠯᠠᠴᠢᠯᠠᠭᠦ ᠴᠢᠳᠠᠪᠤᠷᠢ᠂ ᠬᠢᠨᠠᠨ ᠬᠠᠮᠢᠶᠠᠷᠬᠤ ᠴᠢᠳᠠᠪᠤᠷᠢ᠂ ᠮᠡᠳᠡᠭᠡ ᠵᠠᠩᠭᠢᠴᠢᠯᠠᠯᠲᠠ ᠶᠢᠨ ᠴᠢᠳᠠᠪᠤᠷᠢ ᠶᠢ | ᠦᠷᠭᠦᠯᠵᠢᠯᠡᠨ ᠳᠡᠭᠡᠭᠰᠢᠯᠡᠭᠦᠯᠵᠦ ᠭᠠᠶᠢᠯᠢ ᠲᠠᠲᠠᠪᠤᠷᠢ ᠶᠢᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠪᠠᠭ ᠰᠤᠷᠤᠯᠴᠠᠬᠤ | ᠳᠤᠮᠳᠠ ᠲᠠᠨᠢᠯᠲᠠ ᠪᠠᠨ ᠭᠦᠨᠵᠡᠭᠡᠶᠢᠷᠡᠭᠦᠯᠵᠦ ᠨᠠᠩ ᠥᠷᠭᠡᠨ ᠬᠠᠷᠠᠭᠠᠰᠤ ᠪᠣᠯᠤᠨ ᠨᠠᠩ ᠥᠨᠳᠥᠷ ᠪᠠᠷᠢᠮᠵᠢᠶ᠎ᠠ ᠪᠠᠷ | ᠭᠠᠳᠠᠭᠠᠳᠤ ᠬᠥᠭᠵᠢᠯᠲᠡ ᠶᠢᠨ ᠪᠠᠶᠢᠳᠠᠯ ᠢ ᠵᠥᠪ ᠣᠨᠣᠪᠴᠢᠲᠠᠶ ᠵᠠᠳᠠᠯᠵᠤ ᠪᠣᠳᠠᠲᠠᠶ ᠶᠢ ᠡᠷᠬᠢᠮᠯᠡᠨ ᠰᠢᠨ᠎ᠡ ᠶᠢ ᠡᠭᠦᠳᠬᠦ | ᠰᠡᠳᠬᠢᠴᠡ ᠠᠷᠭ᠎ᠠ ᠬᠡᠮᠵᠢᠶ᠎ᠡ ᠶᠢ ᠢᠳᠡᠪᠬᠢᠲᠡᠢ ᠰᠥᠪᠡᠭᠴᠢᠯᠠᠨ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ | ᠤᠨ ᠣᠷᠳᠣᠨ ᠳᠤ ᠠᠵᠤ ᠠᠬᠤᠢ ᠶᠢᠨ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠰᠠᠨᠠᠯ | ᠰᠠᠨᠠᠭᠤᠯᠭ᠎ᠠ ᠳᠤᠷᠠᠳᠬᠤ ᠬᠡᠷᠡᠭᠲᠡᠶ᠃ ᠨᠠᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ ᠺᠠᠳ᠋ᠷ ᠤᠨ ᠠᠵᠢᠯ | ᠬᠢᠵᠦ ᠥᠢᠯᠠᠰ ᠪᠣᠰᠬᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ | ᠺᠠᠳ᠋ᠷ ᠤᠨ ᠳᠦᠷᠢᠮ ᠲᠣᠭᠲᠠᠭᠠᠯ ᠰᠠᠬᠢᠯᠭ᠎ᠠ ᠪᠠᠲᠤ ᠠᠴᠠ ᠵᠥᠷᠢᠴᠡᠬᠦ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠶ ᠭᠡᠵᠡᠢ᠃ | | ᠪᠠᠶᠢᠴᠠᠭᠠᠨ ᠰᠤᠳᠤᠯᠤᠯᠳᠠ ᠶᠢᠨ ᠳᠠᠷᠠᠭ᠎ᠠ ᠵᠠᠩ ᠭᠦᠸᠧ ᠵᠥᠩ ᠨᠡᠷ ᠥᠪᠥᠷ ᠮᠣᠩᠭᠤᠯ ᠤᠨ ᠪᠥᠸᠧ ᠶᠤᠸᠠᠨ | ᠬᠤᠯᠪᠤᠭᠠᠯᠠᠭᠰᠠᠨ ᠬᠢᠮᠢ ᠶᠢᠨ ᠠᠵᠤ ᠥᠢᠯᠠᠳᠪᠤᠷᠢ ᠶᠢᠨ ᠬᠢᠵᠠᠭᠠᠷᠲᠤ ᠺᠣᠮᠫᠠᠨᠢ ᠪᠠᠷ ᠲᠣᠭᠤᠷᠢᠨ ᠦᠵᠡᠵᠦ ᠠᠵᠤ | ᠠᠬᠤᠶᠢᠯᠠᠯ ᠤᠨ ᠬᠠᠷᠢᠭᠤᠴᠠᠯᠭᠠᠲᠠᠨ ᠤ ᠬᠠᠮᠢᠶ᠎ᠠ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ |