ᠦᠤᠰᠢᠨ ᠬᠤᠰᠢᠭᠤᠨ ᠤ ᠡᠨᠧᠷᠭᠢ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019-12-11
     ᠨᠢᠭᠡ᠂ ᠤᠳᠤᠷᠢᠳᠬᠤ ᠪᠠᠭ      ᠰᠠᠶᠢᠨᠴᠤᠭᠲᠤ ︵ᠲᠣᠪᠴᠢᠶᠠᠨ ᠳᠠᠷᠤᠭ᠎ᠠ︶      ᠵᠧᠤ ᡁᠢ ᠬᠤᠢ ︵ᠲᠣᠪᠴᠢᠶᠠᠨ ᠳᠡᠳ᠋ ᠳᠠᠷᠤᠭ᠎ᠠ︶      ᠸᠠᠩ ᠸᠧᠶ ᠵᠢᠶᠦ᠋ᠨ ︵ᠲᠣᠪᠴᠢᠶᠠᠨ ᠳᠡᠳ᠋ ᠳᠠᠷᠤᠭ᠎ᠠ︶      ᠬᠤᠶᠠᠷ᠂ ᠪᠠᠶᠢᠭᠤᠯᠤᠮᠵᠢ ᠶᠢᠨ ᠲᠤᠬᠢᠷᠠᠭᠤᠯᠤᠯᠲᠠ     ᠦᠤᠰᠢᠨ ᠬᠤᠰᠢᠭᠤᠨ ᠤ ᠡᠨᠧᠷᠭᠢ ᠶᠢᠨ ᠲᠣᠪᠴᠢᠶ᠎ᠠ ᠶᠢᠨ ᠳᠣᠲᠣᠭᠠᠳᠤ ᠳᠤ 4 ᠲᠠᠰᠤᠭ ᠲᠤᠬᠢᠷᠠᠭᠤᠯᠵᠤ᠂ ᠲᠤᠬᠠᠶᠢᠯᠠᠪᠠᠯ ᠠᠯᠪᠠᠨ ᠭᠡᠷ ︵ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠲᠠᠰᠤᠭ︶᠂ ᠨᠡᠭᠦᠷᠡᠰᠦ ᠴᠠᠬᠢᠯᠭᠠᠨ ᠤ ᠲᠤᠬᠠᠶᠢᠯᠠᠭᠰᠠᠨ ᠠᠵᠢᠯ ᠤᠨ ᠲᠠᠰᠤᠭ ︵ᠪᠢᠯᠧᠲ ᠬᠡᠷᠡᠴᠢ ᠶᠢᠨ ᠬᠠᠮᠢᠶᠠᠷᠤᠯᠲᠠ ᠶᠢᠨ ᠲᠠᠰᠤᠭ︶᠂ ᠲᠣᠰᠣ ᠬᠡᠢ ᠶᠢᠨ ᠲᠤᠬᠠᠶᠢᠯᠠᠭᠰᠠᠨ ᠠᠵᠢᠯ ᠤᠨ ᠲᠠᠰᠤᠭ ︵ᠰᠢᠨ᠎ᠡ ᠡᠨᠧᠷᠭᠢ ᠪᠠ ᠳᠠᠬᠢᠨ ᠰᠢᠨᠡᠳᠴᠦ ᠪᠣᠯᠬᠤ ᠡᠨᠧᠷᠭᠢ ᠶᠢᠨ ᠲᠤᠬᠠᠶᠢᠯᠠᠭᠰᠠᠨ ᠠᠵᠢᠯ ᠤᠨ ᠲᠠᠰᠤᠭ︶᠂ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠠᠰᠤᠭ ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠰᠤᠭ︶ ᠵᠡᠷᠭᠡ ᠪᠣᠯᠤᠨ᠎ᠠ᠃     ᠭᠤᠷᠪᠠ᠂ ᠠᠵᠢᠯ ᠤᠨ ᠡᠭᠦᠷᠭᠡ ᠬᠠᠷᠢᠭᠤᠴᠠᠯᠭ᠎ᠠ    ︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠦᠷᠢᠮ ᠪᠣᠯᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠳᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠪᠦᠬᠦ ᠬᠤᠰᠢᠭᠤᠨ ᠤ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠲᠤᠭᠤᠷᠪᠢᠵᠤ  ᠡᠨᠧᠷᠭᠢ ᠶᠢᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠨᠧᠷᠭᠢ ᠶᠢᠨ ᠠᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠬᠤᠯᠪᠣᠭᠳᠠᠯ ᠪᠦᠬᠦᠢ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠵᠤ ᠡᠨᠧᠷᠭᠢ ᠶᠢᠨ ᠬᠥᠭᠵᠢᠯᠲᠡ ᠪᠠ ᠥᠭᠡᠷᠡᠴᠢᠯᠡᠯᠲᠡ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃    ︵ᠬᠤᠶᠠᠷ︶ ᠪᠥᠬᠦ ᠬᠤᠰᠢᠭᠤᠨ ᠤ ᠡᠨᠧᠷᠭᠢ ᠶᠢᠨ ᠠᠵᠢᠯ ᠲᠥᠷᠥᠯ ᠤᠨ ᠡᠨᠧᠷᠭᠢ ᠠᠷᠪᠢᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠢᠯ ᠢ ᠬᠠᠷᠢᠭᠤᠴᠠᠵᠤ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠬᠠᠷᠠᠯᠲᠠᠲᠤ ᠰᠠᠨᠠᠭᠤᠯᠭ᠎ᠠ ᠶᠢ ᠰᠤᠳᠤᠯᠬᠤ ᠳᠤ ᠣᠷᠣᠯᠴᠠᠨ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠬᠠᠮᠢᠶ᠎ᠠ ᠪᠦᠬᠦᠢ ᠠᠵᠢᠯ ᠢ ᠵᠢᠯᠣᠭᠤᠳᠤᠨ ᠵᠣᠬᠢᠴᠠᠭᠤᠯᠵᠤ᠂ ᠡᠨᠧᠷᠭᠢ ᠶᠢᠨ ᠦᠢᠯᠡᠳᠪᠦᠷᠢᠯᠡᠯ ᠤᠨ ᠪᠦᠲᠦᠭᠡᠨ ᠪᠠᠶᠢᠭᠤᠯᠤᠯᠲᠠ ᠪᠠ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠵᠠᠯᠭᠠᠯᠳᠤᠭᠤᠯᠤᠨ᠎ᠠ᠃ ᠡᠨᠧᠷᠭᠢ ᠲᠠᠢ ᠬᠤᠯᠪᠤᠭ᠎ᠠ ᠲᠠᠢ ᠡᠬᠢ ᠪᠠᠶᠠᠯᠢᠭ᠂ ᠡᠳ᠋ ᠤᠨ ᠵᠠᠰᠠᠭ᠂ ᠭᠠᠶᠢᠯᠢ ᠲᠠᠲᠠᠪᠤᠷᠢ᠂ ᠣᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ ᠡᠨᠧᠷᠭᠢ ᠶᠢᠨ ᠦᠨ᠎ᠡ ᠬᠠᠩᠰᠢ ᠶᠢ ᠲᠣᠬᠢᠷᠠᠭᠤᠯᠬᠤ ᠵᠡᠷᠭᠡ ᠰᠠᠨᠠᠭᠤᠯᠭ᠎ᠠ ᠳᠤᠷᠠᠳᠤᠨ᠎ᠠ᠃    ︵ᠭᠤᠷᠪᠠ︶ ᠪᠦᠬᠦ ᠬᠤᠰᠢᠭᠤᠨ ᠤ ᠡᠨᠧᠷᠭᠢ ᠶᠢᠨ ᠴᠢᠬᠤᠯᠠ ᠶᠡᠭᠡ ᠲᠣᠨᠤᠭ ᠲᠥᠬᠦᠭᠡᠷᠦᠮᠵᠢ ᠶᠢᠨ ᠮᠡᠷᠭᠡᠵᠢᠯ ᠢ ᠰᠤᠳᠤᠯᠤᠨ ᠨᠡᠭᠡᠭᠡᠬᠦ ᠵᠢᠴᠢ ᠬᠠᠮᠢᠶ᠎ᠠ ᠪᠦᠬᠦᠢ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠵᠣᠬᠢᠶᠠᠨ ᠪᠠᠶᠢᠭᠤᠯᠤᠨ ᠠᠬᠢᠭᠤᠯᠵᠤ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ᠂ ᠢᠵᠢ ᠪᠦᠷᠢᠳᠦᠭᠰᠡᠨ ᠲᠣᠨᠤᠭ ᠲᠥᠬᠦᠭᠡᠷᠦᠮᠵᠢ ᠶᠢ ᠣᠷᠣᠭᠤᠯᠵᠤ ᠰᠢᠨ᠎ᠡ ᠶᠢ ᠡᠭᠦᠳᠬᠦ ᠶᠢ ᠵᠢᠯᠣᠭᠤᠳᠴᠤ ᠬᠠᠮᠢᠶ᠎ᠠ ᠪᠦᠬᠦᠢ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠪᠣᠯᠤᠨ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠣᠨᠤᠭ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃    ︵ᠳᠥᠷᠪᠡ︶ ᠪᠦᠬᠦ ᠬᠤᠰᠢᠭᠤᠨ ᠤ ᠨᠡᠭᠦᠷᠡᠰᠦ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ᠂ ᠰᠢᠨ᠎ᠡ ᠡᠨᠧᠷᠭᠢ ᠪᠣᠯᠤᠨ ᠳᠠᠬᠢᠨ ᠰᠢᠨᠡᠳᠴᠦ ᠪᠣᠯᠬᠤ ᠡᠨᠧᠷᠭᠢ ᠵᠢᠴᠢ ᠲᠣᠰᠣ ᠪᠣᠯᠪᠠᠰᠤᠷᠠᠭᠤᠯᠬᠤ᠂ ᠨᠡᠭᠦᠷᠡᠰᠦ ᠪᠠᠷ ᠦᠢᠯᠡᠳᠦᠭᠰᠡᠨ ᠰᠢᠲᠠᠭᠠᠯᠭ᠎ᠠ ᠶᠢᠨ ᠮᠠᠲ᠋ᠧᠷᠢᠶᠠᠯ ᠪᠠ ᠰᠢᠲᠠᠭᠠᠯᠭ᠎ᠠ ᠶᠢᠨ ᠡᠲ᠋ᠢᠯ ᠠᠯᠺᠣᠣᠯ ᠵᠡᠷᠭᠡ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠦᠬᠦ ᠬᠤᠰᠢᠭᠤᠨ ᠤ ᠡᠨᠧᠷᠭᠢ ᠶᠢᠨ ᠦᠢᠯᠡᠳᠪᠦᠷᠢᠯᠡᠯ᠂ ᠡᠷᠬᠢᠯᠲᠡ ᠪᠠ ᠬᠠᠮᠢᠶᠠᠷᠤᠯᠲᠠ ᠶᠢ ᠬᠠᠷᠢᠭᠤᠴᠠᠵᠤ᠂ ᠡᠨᠧᠷᠭᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠳᠦᠷᠢᠮᠵᠢᠭᠦᠯᠦᠨ ᠬᠠᠮᠠᠭᠠᠯᠠᠨ᠎ᠠ᠃    ︵ᠲᠠᠪᠤ︶ ᠪᠦᠬᠦ ᠬᠤᠰᠢᠭᠤᠨ ᠤ ᠡᠨᠧᠷᠭᠢ ᠶᠢᠨ ᠴᠠᠷᠠᠭᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ ᠡᠨᠧᠷᠭᠢ ᠶᠢᠨ ᠴᠠᠷᠠᠭᠠᠨ ᠤ ᠬᠠᠤᠯᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ ᠴᠢᠬᠤᠯᠠ ᠶᠡᠭᠡ ᠵᠠᠰᠠᠭ ᠵᠠᠬᠢᠷᠭᠠᠨ ᠤ ᠬᠡᠷᠡᠭ ᠢ ᠰᠢᠢᠳᠪᠦᠷᠢᠯᠡᠨ᠎ᠡ᠃    ︵ᠵᠢᠷᠭᠤᠭ᠎ᠠ︶ ᠪᠦᠬᠦ ᠬᠤᠰᠢᠭᠤᠨ ᠤ ᠨᠡᠭᠦᠷᠡᠰᠦᠨ ᠠᠭᠤᠷᠬᠠᠶ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠳᠠᠮᠵᠢᠭᠤᠯᠬᠤ ᠬᠤᠭᠤᠯᠠᠶ᠂ ᠲᠤᠰᠤ ᠰᠢᠲᠠᠮᠠᠬᠠᠶ ᠬᠡᠢ ᠶᠢᠨ ᠠᠢ ᠰᠠᠪᠠ ᠶᠢᠨ ᠲᠥᠪᠯᠡᠷᠡᠭᠦᠯᠦᠨ ᠳᠠᠮᠵᠢᠭᠤᠯᠬᠤ ᠬᠤᠭᠤᠯᠠᠶ ᠲᠣᠤᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠤᠰᠬᠠᠶ ᠲᠦᠷᠦᠯ ᠤᠨ ᠴᠡᠭᠴᠡᠯᠡᠨ ᠵᠠᠰᠠᠬᠤ ᠠᠵᠢᠯ ᠢ ᠬᠠᠷᠢᠭᠤᠴᠠᠵᠤ  ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠳᠤ ᠬᠢᠨᠠᠯᠲᠠ ᠲᠠᠯᠪᠢᠨ ᠨᠠᠶᠢᠲᠠᠪᠤᠷᠢᠵᠢᠭᠤᠯᠵᠤ ᠨᠡᠬᠦᠷᠡᠰᠦᠨ ᠠᠭᠤᠷᠬᠠᠢ ᠶᠢᠨ ᠠᠮᠤᠷ ᠲᠦᠪᠰᠢᠨ ᠤ ᠰᠠᠭᠤᠷᠢ ᠪᠦᠲᠦᠭᠡᠨ ᠪᠠᠶᠢᠭᠤᠯᠤᠯᠲᠠ ᠪᠣᠯᠤᠨ ᠠᠵᠢᠯᠯᠠᠭᠰᠠᠳ ᠤᠨ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ᠃ ᠪᠦᠬᠦ ᠬᠤᠰᠢᠭᠤᠨ ᠤ ᠨᠡᠭᠦᠷᠡᠰᠦᠨ ᠠᠭᠤᠷᠬᠠᠶ᠂ ᠴᠠᠬᠢᠯᠭᠠᠨ ᠬᠦᠴᠦᠨ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠳᠠᠮᠵᠢᠭᠤᠯᠬᠤ ᠬᠤᠭᠤᠯᠠᠶ ᠶᠢᠨ ᠣᠨᠴᠠ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠳᠤ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ᠂ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠬᠠᠮᠵᠢᠯᠴᠠᠨ ᠵᠣᠬᠢᠴᠠᠭᠤᠯᠤᠨ᠎ᠠ᠃    ︵ᠲᠤᠯᠤᠭ᠎ᠠ︶ ᠪᠦᠬᠦ ᠬᠤᠰᠢᠭᠤᠨ ᠤ ᠴᠠᠬᠢᠯᠭᠠᠨ ᠬᠦᠴᠦᠨ ᠤ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠬᠤ ᠶᠢ ᠬᠠᠷᠢᠭᠤᠴᠠᠵᠤ ᠴᠠᠬᠢᠯᠭᠠᠨ ᠬᠦᠴᠦᠨ ᠤ ᠠᠵᠢᠯᠯᠠᠭᠠᠨ ᠪᠠ ᠴᠠᠬᠢᠯᠭᠠᠨ ᠲᠤᠤᠷ ᠤᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠪᠦᠬᠦ ᠬᠤᠰᠢᠭᠤᠨ ᠤ ᠴᠠᠬᠢᠯᠭᠠᠨ ᠬᠦᠴᠦᠨ ᠤ ᠠᠵᠢᠯ ᠲᠥᠷᠥᠯ ᠤᠨ ᠠᠵᠢᠯᠯᠠᠭᠠᠨ ᠤ ᠠᠮᠤᠷ ᠲᠦᠪᠰᠢᠨ ᠪᠠ ᠴᠠᠬᠢᠯᠭᠠᠨ ᠬᠦᠴᠦᠨ ᠤ ᠮᠡᠷᠭᠡᠵᠢᠯ ᠳᠤ ᠬᠢᠨᠠᠯᠲᠠ ᠲᠠᠯᠪᠢᠬᠤ ᠠᠵᠢᠯ ᠢ ᠵᠢᠯᠣᠭᠤᠳᠤᠨ᠎ᠠ᠃ ᠴᠠᠬᠢᠯᠭᠠᠨ ᠬᠦᠴᠦᠨ ᠤ ᠲᠦᠬᠦᠭᠡᠷᠦᠮᠵᠢ ᠶᠢ ᠬᠠᠤᠯᠢ ᠶᠣᠰᠣᠭᠠᠷ ᠬᠠᠮᠠᠭᠠᠯᠠᠵᠤ ᠴᠠᠬᠢᠯᠭᠠᠨ ᠬᠦᠴᠦᠨ ᠤ ᠲᠦᠬᠦᠭᠡᠷᠦᠮᠵᠢ ᠶᠢᠨ ᠬᠠᠮᠠᠭᠠᠯᠠᠯᠲᠠ ᠶᠢᠨ ᠣᠷᠣᠨ ᠤ ᠪᠠᠷᠢᠯᠭ᠎ᠠ ᠶᠢᠨ ᠠᠵᠢᠯ ᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃    ︵ᠨᠠᠢᠮᠠ︶ ᠪᠥᠬᠦ ᠬᠤᠰᠢᠭᠤᠨ ᠤ ᠡᠨᠧᠷᠭᠢ ᠶᠢ ᠤᠷᠢᠳᠴᠢᠯᠠᠨ ᠬᠡᠮᠵᠢᠵᠤ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠵᠤ ᠡᠨᠧᠷᠭᠢ ᠶᠢᠨ ᠡᠷᠬᠢᠯᠲᠡ ᠶᠢᠨ ᠲᠣᠬᠢᠷᠠᠭᠤᠯᠤᠯᠲᠠ ᠪᠠ ᠪᠠᠴᠢᠮ ᠪᠠᠶᠢᠳᠠᠯ ᠢ ᠰᠢᠢᠳᠪᠦᠷᠢᠯᠡᠬᠦ ᠪᠠᠲᠤᠯᠠᠭ᠎ᠠ ᠳᠤ ᠣᠷᠣᠯᠴᠠᠨ᠎ᠠ᠃ ᠲᠣᠭᠲᠠᠭᠰᠠᠨ ᠡᠷᠬᠡ ᠶᠢᠨ ᠬᠡᠪᠴᠢᠶ᠎ᠡ ᠶᠣᠰᠣᠭᠠᠷ ᠪᠦᠬᠦ ᠬᠤᠰᠢᠭᠤᠨ ᠤ ᠡᠨᠧᠷᠭᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠵᠦ᠂ ᠬᠢᠨᠠᠨ ᠬᠠᠷᠭᠤᠭᠤᠯᠤᠨ᠂ ᠲᠠᠩᠰᠠᠯᠠᠵᠤ᠂ ᠰᠢᠯᠵᠢᠭᠦᠯᠦᠨ ᠮᠡᠳᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠡᠨᠧᠷᠭᠢ ᠶᠢᠨ ᠬᠥᠭᠵᠢᠯᠲᠡ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ᠃    ︵ᠶᠢᠰᠦ︶ ᠪᠦᠬᠦ ᠬᠤᠰᠢᠭᠤᠨ ᠤ ᠨᠡᠭᠦᠷᠡᠰᠦᠨ ᠠᠭᠤᠷᠬᠠᠢ ᠶᠢᠨ ᠮᠠᠯᠲᠠᠵᠤ ᠬᠦᠨᠳᠡᠶᠢᠷᠡᠭᠦᠯᠦᠭᠰᠡᠨ ᠣᠷᠣᠨ᠂ ᠭᠠᠯ ᠲᠦᠢᠮᠡᠷ ᠭᠠᠷᠤᠭᠰᠠᠨ ᠣᠷᠣᠨ᠂ ᠴᠦᠮᠦᠷᠦᠭᠰᠡᠨ ᠭᠠᠵᠠᠷ ᠵᠡᠷᠭᠡ ᠭᠠᠮᠰᠢᠭ ᠢ ᠶᠡᠷᠦᠩᠬᠡᠶᠢᠯᠡᠨ ᠵᠠᠰᠠᠬᠤ ᠠᠵᠢᠯ ᠢ ᠨᠢᠭᠡᠳᠦᠯᠲᠡᠢ ᠲᠦᠯᠦᠪᠵᠢᠬᠦᠯᠦᠨ᠎ᠡ᠃    ︵ᠠᠷᠪᠠ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ︵ᠠᠷᠪᠠᠨ ᠨᠢᠭᠡ︶ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢ ᠬᠤᠪᠢᠶᠠᠷᠢᠯᠠᠨ᠎ᠠ᠃    ⒈ ᠬᠤᠰᠢᠭᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠤᠪᠢᠶᠠᠷᠢᠯᠠᠬᠤ ᠡᠭᠦᠷᠭᠡ ᠬᠠᠷᠢᠭᠤᠴᠠᠯᠭ᠎ᠠ᠃ ᠬᠤᠰᠢᠭᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠨᠧᠷᠭᠢ ᠶᠢᠨ ᠬᠥᠭᠵᠢᠯᠲᠡ ᠶᠢᠨ ᠲᠥᠯᠥᠪᠵᠢᠭᠦᠯᠭᠡ ᠪᠤᠯᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠂ ᠲᠥᠯᠥᠪᠯᠡᠭᠡ ᠶᠢᠨ ᠵᠠᠯᠭᠠᠯᠳᠤᠭᠤᠯᠤᠨ ᠲᠡᠩᠴᠡᠭᠦᠷᠢᠲᠡᠶ ᠪᠠᠶᠢᠯᠭᠠᠬᠤ ᠶᠢ ᠨᠢᠭᠡᠳᠦᠯᠲᠡᠶ ᠲᠦᠯᠦᠪᠵᠢᠬᠦᠯᠬᠦ ᠶᠢ ᠬᠠᠷᠢᠭᠤᠴᠠᠨ᠎ᠠ᠃ ᠬᠤᠰᠢᠭᠤ ᠡᠨᠧᠷᠭᠢ ᠶᠢᠨ ᠲᠣᠪᠴᠢᠶ᠎ᠠ ᠪᠣᠯ ᠡᠨᠧᠷᠭᠢ ᠶᠢᠨ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠᠶᠢᠵᠤ᠂ ᠪᠥᠬᠦ ᠬᠤᠰᠢᠭᠤᠨ ᠤ ᠡᠨᠧᠷᠭᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ ᠡᠨᠧᠷᠭᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ᠂ ᠥᠭᠡᠷᠡᠴᠢᠯᠡᠯᠲᠡ ᠶᠢᠨ ᠲᠥᠰᠦᠯ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ ᠡᠨᠧᠷᠭᠢ ᠶᠢᠨ ᠬᠥᠭᠵᠢᠯᠲᠡ ᠶᠢᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ⒉ ᠬᠤᠰᠢᠭᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠲᠠᠢ ᠬᠤᠪᠢᠶᠠᠷᠢᠯᠠᠬᠤ ᠡᠭᠦᠷᠭᠡ ᠬᠠᠷᠢᠭᠤᠴᠠᠯᠭ᠎ᠠ᠃ ᠬᠤᠰᠢᠭᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠬᠤᠰᠢᠭᠤ ᠡᠨᠧᠷᠬᠢ ᠶᠢᠨ ᠲᠤᠪᠴᠢᠶ᠎ᠠ  ᠲᠠᠢ ᠵᠦᠪᠳᠡᠯᠴᠡᠵᠤ ᠪᠦᠬᠦ ᠬᠤᠰᠢᠭᠤᠨ ᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠶᠢ ᠲᠤᠬᠢᠷᠠᠭᠤᠯᠤᠨ ᠡᠵᠡᠮᠳᠡᠬᠦ ᠬᠠᠷᠠᠯᠲᠠ ᠶᠢᠨ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠬᠡᠷᠡᠭᠵᠢᠬᠦᠯᠬᠦ ᠳᠤ ᠬᠢᠨᠠᠯᠲᠠ ᠲᠠᠯᠪᠢᠵᠤ ᠪᠦᠬᠦ ᠬᠤᠰᠢᠭᠤᠨ ᠤ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠲᠥᠰᠦᠯ ᠢ ᠰᠤᠳᠤᠯᠤᠨ ᠲᠣᠭᠲᠠᠭᠠᠵᠤ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃     ⒊ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠤᠪᠢᠶᠠᠷᠢᠯᠠᠬᠤ ᠡᠭᠦᠷᠭᠡ ᠬᠠᠷᠢᠭᠤᠴᠠᠯᠭ᠎ᠠ᠃ ᠬᠤᠰᠢᠭᠤ ᠡᠨᠧᠷᠭᠢ ᠶᠢᠨ ᠲᠣᠪᠴᠢᠶ᠎ᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠲᠠᠪᠤᠷᠢᠵᠢᠭᠤᠯᠵᠤ ᠨᠡᠭᠦᠷᠡᠰᠦ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ᠂ ᠴᠠᠬᠢᠯᠭᠠᠨ ᠬᠦᠴᠦᠨ ᠵᠡᠷᠭᠡ ᠠᠵᠢᠯ ᠲᠥᠷᠥᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠬᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠢᠭᠤᠯᠤᠨ ᠨᠠᠶᠢᠷᠠᠭᠤᠯᠤᠨ ᠲᠤᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠨᠡᠭᠦᠷᠡᠰᠦ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ᠂ ᠴᠠᠬᠢᠯᠭᠠᠨ ᠬᠦᠴᠦᠨ ᠵᠡᠷᠭᠡ ᠶᠢᠨ ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠭᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠶ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠵᠦ ᠨᠡᠭᠦᠷᠡᠰᠦ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠂ ᠴᠠᠬᠢᠯᠭᠠᠨ ᠬᠦᠴᠦᠨ ᠵᠡᠷᠭᠡ ᠶᠢᠨ ᠭᠠᠮᠰᠢᠭ ᠤᠨ ᠢᠨᠵᠧᠨᠧᠷᠢᠩ ᠢ ᠵᠠᠰᠠᠬᠤ ᠠᠵᠢᠯ ᠢ ᠵᠢᠯᠣᠭᠤᠳᠤᠨ ᠥᠷᠨᠢᠭᠦᠯᠦᠨ᠎ᠡ᠃ ᠨᠡᠭᠦᠷᠡᠰᠦ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ᠂ ᠴᠠᠬᠢᠯᠭᠠᠨ ᠬᠦᠴᠦᠨ ᠵᠡᠷᠭᠡ ᠶᠢᠨ ᠭᠠᠮᠰᠢᠭ ᠤᠨ ᠪᠠᠴᠢᠮ ᠪᠠᠶᠢᠳᠠᠯ ᠳᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢ ᠶᠢᠨ ᠠᠵᠢᠯ ᠢ ᠡᠭᠦᠷᠭᠡᠯᠡᠨ᠎ᠡ᠃ ᠬᠤᠰᠢᠭᠤ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠡᠭᠦᠷᠡᠰᠦ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ᠂ ᠴᠠᠬᠢᠯᠭᠠᠨ ᠬᠦᠴᠦᠨ ᠵᠡᠷᠭᠡ ᠡᠨᠧᠷᠭᠢ ᠶᠢᠨ ᠴᠠᠷᠠᠭᠠᠨ ᠳᠠᠬᠢ ᠪᠠᠴᠢᠮ ᠪᠠᠶᠢᠳᠠᠯ ᠳᠤ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃      ᠲᠦᠷᠪᠡ᠂ ᠠᠵᠢᠯᠯᠠᠬᠤ ᠭᠠᠵᠠᠷ      ᠭᠠᠯᠠᠭᠤᠲᠤ ᠪᠠᠯᠭᠠᠰᠤᠨ ᠤ ᠡᠨᠧᠷᠭᠢ ᠶᠢᠨ ᠲᠣᠮᠣ ᠠᠰᠠᠷ      ᠲᠠᠪᠤ᠂ ᠬᠠᠷᠢᠯᠴᠠᠬᠤ ᠠᠷᠭ᠎ᠠ      ᠤᠲᠠᠰᠤ᠄ 0477 — 7583155      ᠢᠮᠧᠯ᠄ wsqnyj@163.com      ᠰᠢᠤᠳᠠᠨ ᠳ᠋ᠤᠭᠠᠷ᠄ 017300     ᠵᠢᠷᠭᠤᠭ᠎ᠠ᠂ ᠠᠵᠢᠯᠯᠠᠬᠤ ᠴᠠᠭ      ᠦᠳᠡ ᠡᠮᠦᠨ᠎ᠡ 8᠄ 30 — 12᠄ 00      ᠦᠳᠡ ᠬᠤᠶᠢᠨ᠎ᠠ 14᠄ 30 — 17᠄ 30
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号