ᠦᠤᠰᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019-12-11
   ᠨᠢᠭᠡ᠂ ᠤᠳᠤᠷᠢᠳᠬᠤ ᠪᠠᠭ    ᠯᠢᠦ ᠽᠢ ᠪᠢᠨ᠄  ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ    ᠲᠢᠶᠠᠨ ᠭᠤᠸᠠᠩ ᠷᠦᠩ᠂ ᠰᠤ᠋ ᠵᠢᠶᠠᠨ ᠵᠥᠩ᠂ ᠯᠢ ᠮᠧᠶ ᠯᠢᠨ᠄ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠡᠰᠢᠬᠦᠨ᠂ ᠲᠣᠪᠴᠢᠶᠠᠨ ᠳᠡᠳ᠋ ᠳᠠᠷᠤᠭ᠎ᠠ    ᠪᠥᠭᠡ᠂ ᠬᠠᠰᠪᠢᠯᠢᠭ᠌᠂ ᠰᠤᠳᠤᠪᠢᠯᠢᠭ᠌᠂ ᠶᠠᠩ ᠰᠢᠨ ᠳ᠋ᠧ᠂ ᠪᠠᠶ ᠤᠯᠠᠭᠠᠨ᠂ ᠬᠤᠤᠰᠪᠠᠶᠠᠷ᠄  ᠲᠣᠪᠴᠢᠶᠠᠨ ᠳᠡᠳ᠋ ᠳᠠᠷᠤᠭ᠎ᠠ    ᠬᠤᠶᠠᠷ᠂ ᠪᠠᠶᠢᠭᠤᠯᠤᠮᠵᠢ ᠶᠢᠨ ᠲᠤᠬᠢᠷᠠᠭᠤᠯᠤᠯᠲᠠ    ︵ᠨᠢᠭᠡ︶ ᠳᠣᠲᠣᠭᠠᠳᠤ ᠪᠠᠶᠢᠭᠤᠯᠤᠮᠵᠢ    ⒈ ᠠᠯᠪᠠᠨ ᠭᠡᠷ    ⒉ᠲᠥᠷᠥ ᠶᠢᠨ ᠪᠣᠳᠣᠯᠭ᠎ᠠ ᠬᠠᠤᠯᠢ ᠲᠦᠷᠢᠮ ᠪᠣᠯᠤᠨ ᠤᠬᠠᠭᠤᠯᠭ᠎ᠠ ᠪᠣᠯᠪᠠᠰᠤᠷᠠᠯ ᠤᠨ ᠲᠠᠰᠤᠭ    ⒊ ᠪᠦᠷᠢᠳᠬᠡᠨ ᠳᠠᠩᠰᠠᠯᠠᠬᠤ ᠪᠠ ᠵᠥᠪᠰᠢᠶᠡᠷᠡᠬᠦ ᠲᠠᠰᠤᠭ ︵ᠬᠤᠪᠢ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ︶    ⒋ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ    ⒌ᠦᠨ᠎ᠡ ᠬᠠᠩᠰᠢ ᠶᠢ ᠬᠢᠨᠠᠨ ᠪᠠᠶᠢᠴᠠᠭᠠᠬᠤ ᠪᠠ ᠵᠦᠢ ᠪᠤᠰᠤ ᠦᠷᠢᠰᠦᠯᠳᠦᠭᠡᠨ ᠢ ᠡᠰᠡᠷᠭᠦᠴᠡᠬᠦ ᠲᠣᠪᠴᠢᠶ᠎ᠠ    ⒍ᠵᠠᠷ ᠮᠡᠳᠡᠭᠡᠨ ᠤ ᠲᠣᠤᠷ ᠰᠦᠯᠵᠢᠶᠡᠨ ᠤ ᠠᠷᠠᠯᠵᠢᠶ᠎ᠠ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠢᠨᠠᠯᠲᠠ ᠬᠠᠮᠢᠶᠠᠷᠤᠯᠲᠠ ᠶᠢᠨ ᠳᠠᠰᠤᠭ    ⒎ ᠦᠢᠯᠡᠳᠬᠦᠨ ᠤ ᠶᠠᠰᠤ ᠴᠢᠨᠠᠷ ᠤᠨ ᠬᠥᠭᠵᠢᠯᠲᠡ ᠬᠢᠭᠡᠳ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠳᠠᠰᠤᠭ    ⒏ᠢᠳᠡᠭᠡᠨ ᠤ ᠠᠮᠤᠷ ᠲᠦᠪᠰᠢᠨ ᠤ ᠵᠣᠬᠢᠴᠠᠭᠤᠯᠭ᠎ᠠ ᠶᠢᠨ ᠲᠠᠰᠤᠭ    ⒐ᠢᠳᠡᠭᠡᠨ ᠤ ᠦᠢᠯᠡᠳᠪᠦᠷᠢᠯᠡᠯ ᠤᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠳᠠᠰᠤᠭ    ⒑ᠢᠳᠡᠭᠡᠨ ᠤ ᠬᠦᠢᠯᠭᠡᠭᠡᠨ ᠤ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠳᠠᠰᠤᠭ    ⒒ᠢᠳᠡᠭᠡᠨ ᠤᠮᠳᠠᠭᠠᠨ ᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠳᠠᠰᠤᠭ    ⒓ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯᠭᠦᠶ ᠶᠢ ᠬᠢᠨᠠᠨ ᠪᠠᠶᠢᠴᠠᠭᠠᠬᠤ ᠲᠠᠰᠤᠭ    ⒔ᠬᠡᠮᠵᠢᠯᠲᠡ ᠪᠠ ᠪᠠᠷᠢᠮᠵᠢᠶᠠᠵᠢᠭᠤᠯᠬᠤ ᠲᠠᠰᠤᠭ    ⒕ᠡᠮ ᠤᠨ ᠵᠦᠢᠯᠡᠰ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠳᠠᠰᠤᠭ     ︵ᠬᠤᠶᠠᠷ︶ ᠠᠵᠢᠯ ᠦᠢᠯᠡᠰ ᠤᠨ ᠨᠢᠭᠡᠴᠢ    ⒈ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ    ⒉ ᠦᠢᠯᠡᠳᠬᠦᠨ ᠤ ᠶᠠᠰᠤ ᠴᠢᠨᠠᠷ ᠢ ᠰᠢᠯᠭᠠᠨ ᠬᠡᠮᠵᠢᠬᠦ ᠭᠠᠵᠠᠷ    ⒊ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠨᠡᠶᠢᠭᠡᠮᠯᠢᠭ    ⒋ᠬᠡᠷᠡᠭᠯᠡᠭᠴᠢᠳ ᠤᠨ ᠨᠡᠶᠢᠭᠡᠮᠯᠢᠭ    ⒌ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠴᠢᠮᠡᠭᠡ ᠵᠠᠩᠭᠢ ᠶᠢᠨ ᠲᠥᠪ    ⒍ᠡᠮ ᠤᠨ ᠵᠦᠶ᠋ᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠡᠪ ᠤᠨ ᠪᠤᠰᠤ ᠪᠠᠶᠢᠳᠠᠯ ᠢ ᠬᠢᠨᠠᠨ ᠬᠡᠮᠵᠢᠬᠦ ᠲᠥᠪ    ︵ᠭᠤᠷᠪᠠ︶ ᠲᠣᠮᠢᠯᠠᠭᠰᠠᠨ ᠪᠠᠶᠢᠭᠤᠯᠤᠮᠵᠢ    ⒈ᠭᠠᠯᠠᠭᠤᠲᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ    ⒉ ᠤᠯᠠᠭᠠᠨᠳᠤᠯᠤᠭᠠᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ    ⒊ ᠲᠤᠭ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ    ⒋ ᠦᠤᠰᠢᠨᠵᠤᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ    ⒌ ᠰᠦᠯᠳᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ    ⒍ ᠰᠢᠷᠬᠤᠰᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ     ᠭᠤᠷᠪᠠ᠂ ᠠᠵᠢᠯ ᠤᠨ ᠡᠭᠦᠷᠭᠡ ᠴᠢᠳᠠᠪᠤᠷᠢ    ︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠦᠷᠢᠮ ᠪᠣᠯᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠲᠥᠷᠥ ᠶᠢᠨ ᠪᠣᠳᠣᠯᠭ᠎ᠠ ᠲᠦᠷᠢᠮ ᠲᠣᠭᠲᠠᠭᠠᠯ ᠢ ᠨᠠᠶᠢᠳᠠᠪᠤᠷᠢᠵᠢᠭᠤᠯᠤᠨ᠎ᠠ᠃ ᠦᠤᠰᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠰᠦᠯ ᠵᠡᠷᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠨ ᠪᠠᠶᠢᠴᠠᠭᠠᠨ᠎ᠠ᠃    ︵ᠬᠤᠶᠠᠷ︶ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠣᠭᠲᠠᠭᠠᠨ᠎ᠠ᠃ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ᠂ ᠪᠠᠷᠢᠮᠵᠢᠶᠠᠵᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠪᠠ ᠲᠠᠸᠠᠷ ᠤᠨ ᠲᠡᠮᠳᠡᠭ ᠤᠨ ᠨᠡᠷᠡᠲᠦ ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠭᠤᠷᠪᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠳᠤ ᠬᠤᠯᠪᠣᠭᠳᠠᠬᠤ ᠡᠯ᠎ᠡ ᠲᠥᠷᠥᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠶᠢᠨ ᠠᠵᠢᠯ ᠢ ᠬᠠᠷᠢᠭᠤᠴᠠᠨ᠎ᠠ᠃    ︵ᠳᠥᠷᠪᠡ︶ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠢᠭᠡᠳᠦᠯᠲᠡᠶ ᠪᠦᠷᠢᠳᠬᠡᠨ ᠳᠠᠩᠰᠠᠯᠠᠬᠤ ᠶᠢ ᠬᠠᠷᠢᠭᠤᠴᠠᠨ᠎ᠠ᠃ ᠡᠯ᠎ᠡ ᠲᠥᠷᠥᠯ ᠤᠨ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠲᠤᠰᠬᠠᠶ ᠬᠤᠷᠰᠢᠶᠠᠵᠢᠯ ᠪᠣᠯᠤᠨ ᠡᠵᠡᠩᠨᠡᠯᠲᠡ ᠶᠢᠨ ᠠᠵᠢᠯ ᠡᠷᠬᠢᠯᠡᠵᠦ ᠪᠠᠶᠢᠭ᠎ᠠ ᠨᠢᠭᠡᠴᠢ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠡᠷᠬᠡ ᠣᠯᠭᠤᠭᠰᠠᠨ ᠬᠡᠪᠴᠢᠶᠡᠨ ᠳᠣᠲᠣᠷᠠᠬᠢ ᠭᠠᠳᠠᠭᠠᠳᠤ ᠤᠯᠤᠰ ︵ᠭᠠᠵᠠᠷ ᠣᠷᠣᠨ︶ ᠤᠨ ᠠᠵᠤ ᠠᠬᠤᠶᠢᠯᠠᠯ ᠤᠨ ᠪᠠᠶᠢᠩᠭᠤ ᠰᠠᠭᠤᠷᠢᠰᠢᠬᠤ ᠲᠥᠯᠥᠭᠡᠯᠡᠬᠦ ᠪᠠᠶᠢᠭᠤᠯᠤᠮᠵᠢ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠦᠷᠢᠳᠬᠡᠨ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠴᠢᠮᠡᠭᠡ ᠵᠠᠩᠭᠢ ᠶᠢ ᠨᠡᠶᠢᠲᠡᠯᠡᠬᠦ ᠪᠠ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠤᠯᠢ ᠶᠣᠰᠣᠭᠠᠷ ᠨᠡᠶᠢᠲᠡᠯᠡᠬᠦ ᠪᠠ ᠬᠠᠮᠲᠤ ᠪᠠᠷ ᠡᠳ᠋ᠯᠡᠵᠦ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃    ︵ᠲᠠᠪᠤ︶ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠤᠨ ᠬᠠᠮᠠᠭᠠᠯᠠᠵᠤ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠠᠮᠢᠶ᠎ᠠ ᠪᠦᠬᠦᠢ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠬᠢᠨᠠᠵᠤ ᠬᠠᠮᠢᠶᠠᠷᠤᠨ᠎ᠠ᠃ ᠦᠨ᠎ᠡ ᠬᠠᠩᠰᠢ ᠰᠦᠢᠳᠬᠡᠯ ᠬᠤᠷᠢᠶᠠᠬᠤ ᠳᠤ ᠬᠠᠤᠯᠢ ᠲᠣᠭᠲᠠᠭᠠᠯ ᠠᠴᠠ ᠵᠥᠷᠢᠴᠡᠭᠰᠡᠨ᠂ ᠵᠦᠢ ᠪᠤᠰᠤ ᠦᠷᠢᠰᠦᠯᠳᠦᠭᠡᠨ᠂ ᠬᠠᠤᠯᠢ ᠴᠠᠭᠠᠵᠠ ᠠᠴᠠ ᠵᠥᠷᠢᠴᠡᠨ ᠰᠢᠭᠤᠳ ᠪᠣᠷᠣᠯᠠᠭᠤᠯᠤᠭᠰᠠᠨ᠂ ᠲᠠᠮᠵᠢᠨ ᠪᠤᠷᠤᠯᠠᠭᠤᠯᠤᠭᠰᠠᠨ᠂ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠠᠭᠤᠷᠮᠠᠭ ᠪᠠᠷᠠᠭ᠎ᠠ ᠦᠢᠯᠡᠳᠬᠦ ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ ᠵᠠᠷ ᠮᠡᠳᠡᠭᠡᠨ ᠤ ᠦᠢᠯᠡᠰ ᠤᠨ ᠬᠥᠭᠵᠢᠯᠲᠡ ᠶᠢ ᠵᠢᠯᠣᠭᠤᠳᠴᠤ ᠵᠠᠷ ᠮᠡᠳᠡᠭᠡᠨ ᠤ ᠠᠵᠢᠯᠯᠠᠭ᠎ᠠ ᠶᠢ ᠬᠢᠨᠠᠵᠤ ᠬᠠᠮᠢᠶᠠᠷᠤᠨ᠎ᠠ᠃ ᠦᠨᠡᠮᠯᠡᠯ ᠦᠭᠡᠢ ᠪᠠᠷ ᠦᠢᠯᠡᠳᠪᠦᠷᠢᠯᠡᠵᠤ ᠡᠵᠡᠩᠨᠡᠬᠦ ᠪᠠ ᠬᠠᠮᠢᠶ᠎ᠠ ᠪᠦᠬᠦᠢ ᠦᠨᠡᠮᠯᠡᠯ ᠦᠭᠡᠢ ᠪᠠᠷ ᠦᠢᠯᠡᠳᠪᠦᠷᠢᠯᠡᠵᠤ ᠡᠵᠡᠩᠨᠡᠬᠦ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ ᠬᠡᠷᠡᠭᠯᠡᠭᠴᠢᠳ ᠤᠨ ᠨᠡᠶᠢᠭᠡᠮᠯᠢᠭ ᠢ ᠵᠢᠯᠣᠭᠤᠳᠤᠨ ᠬᠡᠷᠡᠭᠯᠡᠭᠡ ᠶᠢᠨ ᠡᠷᠬᠡ ᠠᠰᠢᠭ ᠢ ᠬᠠᠮᠠᠭᠠᠯᠠᠬᠤ ᠠᠵᠢᠯ ᠢ ᠥᠷᠨᠢᠭᠦᠯᠦᠨ᠎ᠡ᠃    ︵ᠵᠢᠷᠭᠤᠭ᠎ᠠ︶ ᠬᠤᠷᠸ᠎ᠠ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠤᠨ ᠬᠥᠭᠵᠢᠯᠲᠡ ᠶᠢ ᠲᠦᠯᠬᠢᠨ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ ᠨᠡᠷᠡᠲᠦ ᠲᠡᠮᠳᠡᠭ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠦᠯᠬᠢᠨ ᠠᠬᠢᠭᠤᠯᠤᠨ᠎ᠠ ᠃ ᠶᠠᠰᠤ ᠴᠢᠨᠠᠷ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠨᠢᠭᠡᠳᠦᠯᠲᠡᠶ ᠲᠥᠯᠥᠪᠯᠡᠨ ᠦᠢᠯᠡᠳᠬᠦᠨ ᠤ ᠶᠠᠰᠤ ᠴᠢᠨᠠᠷ ᠤᠨ ᠠᠳᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠭᠡᠮ ᠰᠣᠭᠤᠭ ᠲᠠᠢ ᠦᠢᠯᠡᠳᠬᠦᠨ ᠢ ᠬᠤᠷᠢᠶᠠᠨ ᠠᠪᠬᠤ ᠳᠦᠷᠢᠮ ᠢ ᠪᠠᠶᠢᠭᠤᠯᠬᠤ ᠶᠢᠨ ᠬᠠᠮᠲᠤ ᠨᠢᠭᠡᠳᠦᠯᠲᠡᠶ ᠬᠡᠷᠡᠭᠵᠢᠭᠦᠯᠵᠦ ᠬᠠᠭᠤᠷᠮᠠᠭ ᠦᠢᠯᠡᠳᠬᠦᠨ ᠢ ᠰᠡᠷᠭᠡᠶᠢᠯᠡᠬᠦ ᠠᠵᠢᠯ ᠢ ᠬᠢᠨᠠᠨ ᠬᠠᠮᠢᠶᠠᠷᠤᠨ᠎ᠠ᠃   ︵ᠳᠣᠯᠤᠭ᠎ᠠ︶ ᠦᠢᠯᠡᠳᠬᠦᠨ ᠤ ᠶᠠᠰᠤ ᠴᠢᠨᠠᠷ ᠤᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠨ ᠰᠤᠭᠤᠴᠢᠨ ᠪᠠᠶᠢᠴᠠᠭᠠᠬᠤ ᠠᠵᠢᠯ ᠢ ᠬᠠᠤᠯᠢ ᠶᠣᠰᠣᠭᠠᠷ ᠬᠠᠮᠢᠶᠠᠷᠴᠤ ᠪᠥᠬᠦ ᠬᠤᠰᠢᠭᠤᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠨ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠨᠢᠭᠡᠳᠦᠯᠲᠡᠶ ᠨᠠᠶᠢᠷᠠᠭᠤᠯᠤᠨ ᠲᠤᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠤᠨ ᠳᠡᠰ ᠬᠤᠪᠢᠶᠠᠬᠤ ᠳᠦᠷᠢᠮ ᠂ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠬᠦ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠦᠢᠯᠡᠳᠬᠦᠨ ᠪᠣᠯᠤᠨ ᠰᠢᠷᠭᠡᠭᠯᠢᠭ ᠤᠨ ᠶᠠᠰᠤ ᠴᠢᠨᠠᠷ ᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃    ︵ᠨᠠᠢᠮᠠ︶ ᠣᠨᠴᠠ ᠲᠥᠷᠥᠯ ᠤᠨ ᠲᠥᠬᠦᠭᠡᠷᠦᠮᠵᠢ ᠶᠢᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯᠭᠦᠶ ᠶᠢᠨ ᠬᠢᠨᠠᠨ ᠪᠠᠶᠢᠴᠠᠭᠠᠯᠲᠠ᠂ ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ ᠦᠨᠳᠦᠷ ᠡᠨᠧᠷᠬᠢ ᠶᠢᠨ ᠬᠤᠷᠤᠭᠳᠠᠯ ᠲᠠᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠨ᠎ᠠ᠃    ︵ᠶᠢᠰᠦ︶ ᠢᠳᠡᠭᠡᠨ ᠤ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠭᠡᠨ ᠤ ᠠᠶᠤᠯᠬᠦᠢ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠠᠶᠤᠯᠬᠦᠢ ᠶᠢᠨ ᠪᠠᠴᠢᠮ ᠪᠠᠶᠢᠳᠠᠯ ᠢ ᠰᠢᠢᠳᠪᠦᠷᠢᠯᠡᠬᠦ ᠲᠤᠭᠳᠠᠯᠴᠠᠭ᠎ᠠ ᠶᠢᠨ ᠪᠠᠶᠢᠭᠤᠯᠤᠯᠲᠠ ᠶᠢ ᠬᠠᠷᠢᠭᠤᠴᠠᠵᠤ ᠢᠳᠡᠭᠡᠨ ᠤ ᠠᠶᠤᠯᠬᠦᠢ ᠶᠢᠨ ᠬᠦᠨᠳᠦ ᠶᠡᠭᠡ ᠬᠡᠷᠡᠭ ᠤᠨ ᠪᠠᠴᠢᠮ ᠪᠠᠶᠢᠳᠠᠯ ᠢ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠢᠳᠡᠭᠡᠨ ᠤ ᠠᠶᠤᠯᠬᠦᠢ ᠶᠢᠨ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠬᠤᠰᠢᠭᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠢᠳᠡᠭᠡᠨ ᠤ  ᠦᠢᠯᠡᠳᠪᠦᠷᠢᠯᠡᠯ᠂ ᠬᠦᠢᠯᠭᠡᠭᠡ᠂ ᠬᠡᠷᠡᠭᠯᠡᠭᠡ ᠶᠢᠨ ᠪᠦᠬᠦ ᠶᠠᠪᠤᠴᠠ ᠶᠢ ᠬᠠᠮᠤᠷᠤᠭᠰᠠᠨ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠪᠣᠯᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠢᠳᠡᠭᠡᠨ ᠤ ᠠᠶᠤᠯᠬᠦᠢ ᠶᠢᠨ ᠲᠦᠭᠰᠢᠭᠦᠷᠢ ᠠᠴᠠ ᠰᠡᠷᠭᠡᠶᠢᠯᠡᠨ᠎ᠡ᠃ ᠢᠳᠡᠭᠡᠨ ᠤ ᠵᠦᠢᠯᠡᠰ ᠢ ᠦᠢᠯᠡᠳᠪᠦᠷᠢᠯᠡᠨ ᠡᠵᠡᠩᠨᠡᠭᠴᠢᠳ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ ᠢᠳᠡᠭᠡᠨ ᠤ ᠵᠦᠢᠯᠡᠰ ᠤᠨ ᠠᠮᠤᠷ ᠲᠦᠪᠰᠢᠨ ᠤ ᠮᠥᠷᠳᠡᠬᠦ ᠲᠤᠭᠳᠠᠯᠴᠠᠭ᠎ᠠ ᠶᠢ ᠪᠦᠷᠢᠨᠰᠢᠭᠦᠯᠦᠨ᠎ᠡ᠃ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠬᠡᠮᠵᠢᠬᠦ᠂ ᠬᠢᠨᠠᠨ ᠪᠠᠶᠢᠴᠠᠭᠠᠵᠤ ᠰᠢᠢᠳᠪᠦᠷᠢᠯᠡᠬᠦ ᠪᠠ ᠲᠦᠭᠰᠢᠭᠦᠷᠢ ᠶᠢ ᠰᠡᠷᠡᠮᠵᠢᠯᠡᠭᠦᠯᠬᠦ᠂ ᠲᠦᠭᠰᠢᠭᠦᠷᠢ ᠶᠢ ᠶᠠᠷᠢᠯᠴᠠᠨ ᠵᠦᠪᠳᠡᠯᠴᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠢᠳᠡᠰᠢᠨ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠣᠨᠴᠠᠭᠠᠢ ᠢᠳᠡᠭᠡᠨ ᠢ ᠵᠦᠪᠰᠢᠶᠡᠷᠡᠬᠦ᠂ ᠳᠠᠩᠰᠠᠯᠠᠬᠤ᠂ ᠬᠢᠨᠠᠨ ᠬᠠᠮᠢᠶᠠᠷᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠠᠷᠪᠠ︶ ᠬᠡᠮᠵᠢᠯᠲᠡ ᠶᠢᠨ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠤᠯᠤᠰ ᠤᠨ ᠬᠡᠮᠵᠢᠯᠲᠡ ᠶᠢᠨ ᠳᠦᠷᠢᠮ ᠢ ᠨᠠᠶᠢᠲᠠᠪᠤᠷᠢᠵᠢᠭᠤᠯᠵᠤ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠢ ᠶᠢ ᠬᠡᠷᠡᠭᠵᠢᠭᠦᠯᠵᠦ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠭᠳᠡᠯ ᠳᠠᠮᠵᠢᠭᠤᠯᠬᠤ ᠪᠠ ᠬᠠᠷᠢᠴᠠᠭᠤᠯᠬᠤ ᠠᠵᠢᠯ ᠢ ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠤᠨ ᠬᠢᠨᠠᠨ᠎ᠠ᠃     ︵ᠠᠷᠪᠠᠨ ᠨᠢᠭᠡ︶ ᠪᠥᠬᠦ ᠬᠤᠰᠢᠭᠤᠨ ᠤ ᠪᠠᠷᠢᠮᠵᠢᠶᠠᠵᠢᠭᠤᠯᠬᠤ ᠠᠵᠢᠯ ᠢ ᠨᠢᠭᠡᠳᠦᠯᠲᠡᠶ ᠬᠠᠮᠢᠶᠠᠷᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠣᠷᠣᠨ ᠨᠤᠲᠤᠭ ᠤᠨ ᠪᠠᠷᠢᠮᠵᠢᠶ᠎ᠠ ᠶᠢᠨ ᠲᠦᠷᠦᠯ ᠲᠣᠭᠲᠠᠭᠠᠬᠤ᠂ ᠨᠣᠮᠧᠷᠯᠠᠬᠤ᠂ ᠨᠡᠶᠢᠲᠡᠯᠡᠬᠦ ᠠᠵᠢᠯ ᠢ ᠬᠠᠤᠯᠢ ᠶᠣᠰᠣᠭᠠᠷ ᠡᠭᠦᠷᠭᠡᠯᠡᠵᠦ ᠡᠯ᠎ᠡ ᠠᠵᠢᠯ ᠲᠥᠷᠥᠯ ᠡᠯ᠎ᠡ ᠬᠦᠷᠢᠶ᠎ᠡ ᠴᠠᠷᠠᠭ᠎ᠠ ᠶᠢᠨ ᠪᠠᠷᠢᠮᠵᠢᠶᠠᠵᠢᠭᠤᠯᠬᠤ ᠠᠵᠢᠯ ᠳᠤ ᠣᠷᠣᠯᠴᠠᠬᠤ ᠶᠢ ᠠᠬᠢᠭᠤᠯᠤᠨ᠎ᠠ᠃ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢ ᠬᠡᠷᠡᠭᠵᠢᠭᠦᠯᠬᠦ ᠮᠡᠳᠡᠭᠡ ᠵᠠᠩᠭᠢ ᠶᠢ ᠬᠠᠷᠢᠭᠤ ᠲᠤᠰᠬᠠᠬᠤ ᠪᠠ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠠᠷᠪᠠᠨ ᠬᠤᠶᠠᠷ︶ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯ ᠢ ᠨᠢᠭᠡᠳᠦᠯᠲᠡᠶ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠵᠠᠬ᠎ᠠ ᠳᠡᠯᠭᠡᠭᠦᠷ ᠢ ᠲᠦᠷᠢᠮᠵᠢᠬᠦᠯᠦᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠲᠤᠭᠳᠠᠯᠴᠠᠭ᠎ᠠ ᠶᠢ ᠲᠡᠭᠦᠯᠳᠡᠷᠵᠢᠭᠦᠯᠵᠦ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ ᠲᠥᠷᠥᠯ ᠤᠨ ᠬᠥᠭᠵᠢᠯᠲᠡ ᠶᠢ ᠵᠤᠬᠢᠴᠠᠭᠤᠯᠬᠤ ᠶᠢ ᠵᠢᠯᠤᠭᠤᠳᠤᠨ᠎ᠠ᠃     ︵ᠠᠷᠪᠠᠨ ᠭᠤᠷᠪᠠ︶ ᠪᠥᠬᠦ ᠬᠤᠰᠢᠭᠤᠨ ᠤ ᠭᠡᠷᠡᠴᠢᠯᠡᠵᠦ ᠵᠥᠪᠰᠢᠶᠡᠷᠡᠬᠦ ᠠᠵᠢᠯ ᠢ ᠨᠢᠭᠡᠳᠦᠯᠲᠡᠶ ᠬᠠᠮᠢᠶᠠᠷᠴᠤ᠂ ᠬᠢᠨᠠᠯᠲᠠ ᠲᠠᠯᠪᠢᠬᠤ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠭᠡᠷᠡᠴᠢᠯᠡᠵᠦ ᠵᠥᠪᠰᠢᠶᠡᠷᠡᠬᠦ ᠪᠠ ᠬᠢᠷᠢ ᠲᠡᠩᠴᠡᠬᠦ ᠶᠢ ᠦᠨᠡᠯᠡᠨ ᠲᠣᠭᠲᠠᠭᠠᠵᠤ ᠬᠢᠨᠠᠨ ᠬᠠᠮᠢᠶᠠᠷᠬᠤ ᠠᠵᠢᠯ ᠢ ᠡᠭᠦᠷᠭᠡᠯᠡᠨ᠎ᠡ᠃    ︵ᠠᠷᠪᠠᠨ ᠳᠥᠷᠪᠡ︶ ᠪᠥᠬᠦ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ ᠬᠤᠯᠪᠣᠭᠳᠠᠯ ᠪᠦᠬᠦᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠵᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠰᠢᠭᠤ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃    ︵ᠠᠷᠪᠠᠨ ᠲᠠᠪᠤ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠤᠭᠳᠠᠯᠴᠠᠭ᠎ᠠ ᠶᠢᠨ ᠪᠠᠶᠢᠭᠤᠯᠤᠯᠲᠠ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢ ᠠᠬᠢᠭᠤᠯᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠎ᠡ᠃ ᠪᠥᠬᠦ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠶ ᠲᠦᠷᠦᠯ ᠤᠨ ᠪᠠᠯᠠ ᠮᠥᠩᠭᠦ ᠶᠢ ᠬᠠᠮᠢᠶᠠᠷᠴᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠴᠢᠬᠤᠯᠠ ᠶᠡᠭᠡ ᠲᠥᠷᠥᠯ ᠵᠦᠢᠯ ᠪᠤᠯᠭᠠᠨ ᠤᠯᠠᠷᠢᠭᠤᠯᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠰᠢᠯᠵᠢᠭᠦᠯᠦᠨ ᠤᠯᠠᠷᠢᠭᠤᠯᠬᠤ ᠠᠵᠢᠯ ᠢ ᠠᠬᠢᠭᠤᠯᠤᠨ᠎ᠠ᠃ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠬᠠᠤᠯᠢ ᠬᠡᠷᠡᠭᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠯᠳᠤᠭᠠᠨ ᠢ ᠰᠢᠢᠳᠪᠦᠷᠢᠯᠡᠬᠦ᠂ ᠡᠷᠬᠡ ᠪᠠᠨ ᠬᠠᠮᠠᠭᠠᠯᠠᠬᠤ ᠶᠢᠨ ᠲᠤᠰᠠᠯᠠᠮᠵᠢ ᠪᠠ ᠵᠢᠭᠤᠷᠠᠯᠳᠤᠭᠠᠨ ᠢ ᠰᠢᠢᠳᠪᠦᠷᠢᠯᠡᠬᠦ ᠶᠢ ᠬᠠᠷᠢᠭᠤᠴᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠡᠷᠡᠮᠵᠢᠯᠡᠭᠦᠯᠬᠦ ᠵᠡᠷᠭᠡ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃    ︵ᠠᠷᠪᠠᠨ ᠵᠢᠷᠭᠤᠭ᠎ᠠ︶ ᠡᠮ ᠤᠨ ᠵᠦᠢᠯ ᠢ ᠦᠢᠯᠡᠳᠪᠦᠷᠢᠯᠡᠬᠦ᠂ ᠡᠵᠡᠩᠨᠡᠬᠦ᠂ ᠡᠮᠴᠢᠯᠡᠭᠡᠨ ᠤ ᠪᠠᠶᠢᠭᠤᠯᠤᠮᠵᠢ ᠶᠢᠨ ᠡᠮ ᠨᠠᠶᠢᠷᠠᠭᠤᠯᠬᠤ ᠵᠡᠷᠭᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠲᠦᠷᠢᠮᠵᠢᠬᠦᠯᠬᠦ ᠶᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠬᠡᠪᠴᠢᠶᠡᠨ ᠳᠠᠬᠢ ᠡᠮᠴᠢᠯᠡᠭᠡᠨ ᠤ ᠪᠠᠶᠢᠭᠤᠯᠤᠮᠵᠢ ᠶᠢᠨ ᠮᠣᠩᠭᠤᠯ ᠡᠮ ᠨᠠᠶᠢᠷᠠᠭᠤᠯᠤᠨ ᠬᠡᠷᠡᠭᠯᠡᠬᠦ ᠲᠠᠩᠰᠠᠯᠠᠯᠲᠠ ᠶᠢ ᠬᠠᠷᠢᠭᠤᠴᠠᠨ᠎ᠠ᠃ ᠮᠣᠩᠭᠤᠯ ᠡᠮ ᠰᠤᠳᠤᠯᠤᠨ ᠦᠢᠯᠡᠳᠬᠦ᠂ ᠦᠢᠯᠡᠳᠪᠦᠷᠢᠯᠡᠬᠦ᠂ ᠬᠦᠢᠯᠭᠡᠭᠡᠬᠦ ᠪᠠ ᠬᠡᠷᠡᠭᠯᠡᠬᠦ ᠡᠯ᠎ᠡ ᠭᠤᠭᠴᠤᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮᠵᠢᠯ ᠪᠠ ᠬᠡᠷᠡᠭᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠬᠢᠨᠠᠯᠲᠠ ᠲᠠᠯᠪᠢᠨ ᠬᠡᠷᠡᠭᠵᠢᠭᠦᠯᠦᠨ᠎ᠡ ᠃ ᠡᠮ ᠤᠨ ᠵᠦᠢᠯᠡᠰ ᠢ ᠵᠢᠵᠢᠭᠯᠡᠨ ᠪᠤᠷᠤᠯᠠᠭᠤᠯᠬᠤ᠂ ᠡᠮᠴᠢᠯᠡᠭᠡᠨ ᠤ ᠮᠠᠰᠢᠨ ᠪᠠᠭᠠᠵᠢ ᠡᠵᠡᠩᠨᠡᠬᠦ ᠵᠥᠪᠰᠢᠶᠡᠷᠡᠯ ᠤᠨ ᠮᠠᠲ᠋ᠧᠷᠢᠶᠠᠯ ᠢ ᠠᠩᠬ᠎ᠠ ᠬᠢᠨᠠᠬᠤ᠂ ᠪᠠᠶᠢᠴᠠᠭᠠᠬᠤ ᠪᠠ ᠰᠢᠳᠬᠡᠨ ᠲᠣᠷᠭᠠᠬᠤ ᠵᠢᠴᠢ ᠵᠠᠰᠠᠯ ᠴᠢᠮᠡᠭ ᠤᠨ ᠡᠳ᠋ ᠤᠨ ᠡᠵᠡᠩᠨᠡᠯᠲᠡ ᠪᠣᠯᠤᠨ ᠡᠮ ᠤᠨ ᠵᠦᠢᠯᠡᠰ᠂ ᠡᠮᠴᠢᠯᠡᠭᠡᠨ ᠤ ᠮᠠᠰᠢᠨ ᠪᠠᠭᠠᠵᠢ ᠶᠢᠨ ᠬᠡᠷᠡᠭᠯᠡᠬᠦ ᠭᠤᠭᠴᠤᠭᠠᠨ ᠳᠠᠬᠢ ᠶᠠᠰᠤ ᠴᠢᠨᠠᠷ ᠢ ᠪᠠᠶᠢᠴᠠᠭᠠᠬᠤ ᠪᠠ ᠰᠢᠳᠬᠡᠨ ᠲᠣᠷᠭᠠᠬᠤ ᠶᠢ ᠬᠠᠷᠢᠭᠤᠴᠠᠨ᠎ᠠ᠃    ︵ᠠᠷᠪᠠᠨ ᠳᠣᠯᠤᠭ᠎ᠠ︶ ᠪᠦᠬᠦ ᠬᠤᠰᠢᠭᠤᠨ ᠤ ᠵᠢᠵᠢᠭ ᠪᠢᠴᠢᠯ ᠠᠵᠤ ᠠᠬᠤᠶᠢᠯᠠᠯ᠂ ᠮᠠᠯᠴᠢᠨ ᠲᠠᠷᠢᠶᠠᠴᠢᠳ ᠤᠨ ᠲᠤᠰᠬᠠᠶ ᠬᠤᠷᠰᠢᠶᠠᠵᠢᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ ᠥᠷᠨᠢᠭᠦᠯᠦᠨ᠎ᠡ᠃ ᠪᠦᠬᠦ ᠬᠤᠰᠢᠭᠤᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠪᠯᠡᠯ ᠤᠨ ᠪᠠᠶᠢᠭᠤᠯᠤᠯᠲᠠ ᠶᠢᠨ ᠠᠵᠢᠯ ᠢ ᠵᠢᠭᠠᠨ ᠵᠢᠯᠤᠭᠤᠳᠤᠨ᠎ᠠ᠃     ︵ᠠᠷᠪᠠᠨ ᠨᠠᠢᠮᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ᠂ ᠰᠣᠨᠢᠨ ᠮᠡᠳᠡᠭᠡ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃    ︵ᠠᠷᠪᠠ ᠶᠢᠰᠦ︶ ᠬᠤᠰᠢᠭᠤ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ  ᠤᠨ ᠪᠠᠶᠢᠴᠠᠭᠠᠯᠲᠠ᠂ ᠢᠳᠡᠭᠡᠨ᠂ ᠡᠮ ᠤᠨ ᠵᠦᠢᠯᠡᠰ᠂ ᠪᠠᠷᠠᠭᠠᠨ ᠦᠨ᠎ᠡ᠂ ᠲᠠᠸᠠᠷ ᠤᠨ ᠲᠡᠮᠳᠡᠭ᠂ ᠲᠤᠰᠬᠠᠢ ᠠᠰᠢᠭ ᠵᠡᠷᠭᠡ ᠴᠠᠷᠠᠭᠠᠨ ᠤ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ ᠵᠠᠰᠠᠭ ᠵᠠᠬᠢᠷᠭᠠᠨ ᠤ ᠴᠢᠬᠤᠯᠠ ᠶᠡᠭᠡ ᠬᠡᠷᠡᠭ ᠢ ᠭᠦᠢᠴᠡᠳᠬᠡᠨ᠎ᠡ᠃ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠵᠤ ᠬᠠᠮᠢᠶᠠᠷᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ ᠨᠡᠶᠢᠳᠬᠡᠬᠦ ᠪᠠ ᠪᠦᠲᠦᠭᠡᠨ ᠪᠠᠶᠢᠭᠤᠯᠬᠤ ᠶᠢ ᠬᠠᠷᠢᠭᠤᠴᠠᠵᠤ ᠨᠢᠭᠡᠳᠦᠯᠲᠡᠶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠬᠠᠤᠯᠢ ᠵᠥᠷᠢᠴᠡᠭᠰᠡᠨ ᠬᠦᠨᠳᠦ ᠶᠡᠭᠡ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠵᠤ ᠣᠷᠣᠨ ᠪᠦᠰᠡ ᠠᠯᠤᠰᠯᠠᠭᠰᠠᠨ ᠬᠠᠤᠯᠢ ᠵᠥᠷᠢᠴᠡᠭᠰᠡᠨ ᠬᠡᠷᠡᠭ ᠢ ᠵᠣᠬᠢᠴᠠᠭᠤᠯᠤᠨ ᠪᠠᠶᠢᠴᠠᠭᠠᠨ ᠰᠢᠢᠳᠪᠦᠷᠢᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠲᠦᠷᠢᠮᠵᠢᠬᠦᠯᠦᠨ᠎ᠡ᠃ ᠭᠠᠭᠴᠠᠭᠠᠷ ᠡᠵᠡᠮᠰᠢᠬᠦ ᠢ ᠡᠰᠡᠷᠭᠦᠴᠡᠬᠦ ᠨᠢᠭᠡᠳᠦᠯᠲᠡᠶ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠨ᠎ᠠ᠃ ᠥᠷᠢᠰᠥᠯᠳᠦᠭᠡᠨ ᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠬᠡᠷᠡᠭᠵᠢᠬᠦᠯᠬᠦ ᠶᠢ ᠵᠢᠯᠤᠭᠤᠳᠤᠨ᠎ᠠ᠃ ᠬᠠᠤᠯᠢ ᠶᠣᠰᠣᠭᠠᠷ ᠡᠷᠬᠡ ᠤᠯᠭᠤᠭᠰᠠᠨ ᠡᠵᠡᠩᠨᠡᠭᠴᠢᠳ ᠤᠨ ᠲᠥᠪᠯᠡᠷᠡᠭᠰᠡᠨ ᠦᠢᠯᠡ ᠠᠵᠢᠯᠯᠠᠭ᠎ᠠ ᠳᠤ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠢᠨᠠᠨ ᠪᠠᠶᠢᠴᠠᠭᠠᠯᠲᠠ ᠬᠢᠵᠦ᠂ ᠭᠠᠭᠠᠴᠠᠭᠠᠷ ᠡᠵᠡᠮᠰᠢᠬᠦ ᠶᠢ ᠡᠰᠡᠷᠬᠦᠴᠡᠬᠦ ᠬᠡᠯᠡᠯᠴᠡᠭᠡᠷ ᠲᠣᠭᠲᠠᠭᠠᠬᠤ᠂ ᠵᠠᠬ᠎ᠠ ᠳᠡᠯᠭᠡᠭᠦᠷ ᠤᠨ ᠵᠠᠬᠢᠷᠬᠤ ᠪᠠᠶᠢᠷᠢ ᠰᠠᠭᠤᠷᠢ ᠶᠢ ᠳᠤᠷ᠎ᠠ ᠪᠠᠷ ᠢᠶᠠᠨ ᠬᠡᠷᠡᠭᠯᠡᠬᠦ ᠪᠠ ᠵᠠᠰᠠᠭ ᠵᠠᠬᠢᠷᠭᠠᠨ ᠤ ᠡᠷᠬᠡ ᠶᠢ ᠳᠤᠷ᠎ᠠ ᠪᠠᠷ ᠢᠶᠠᠨ ᠬᠡᠷᠡᠭᠯᠡᠬᠦ᠂ ᠥᠷᠢᠰᠥᠯᠳᠦᠭᠡᠨ ᠢ ᠬᠢᠵᠠᠭᠠᠷᠯᠠᠬᠤ ᠵᠢᠴᠢ ᠦᠨ᠎ᠡ ᠬᠠᠩᠰᠢ ᠶᠢ ᠭᠠᠭᠴᠠᠭᠠᠷ ᠡᠵᠡᠮᠰᠢᠬᠦ ᠵᠡᠷᠭᠡ ᠭᠠᠭᠴᠠᠭᠠᠷ ᠡᠵᠡᠮᠰᠢᠬᠦ ᠢ ᠡᠰᠡᠷᠭᠦᠴᠡᠬᠦ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃     ︵ᠬᠤᠷᠢ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ᠲᠦᠷᠪᠡ᠂ ᠠᠵᠢᠯᠯᠠᠬᠤ ᠭᠠᠵᠠᠷ᠄ ᠦᠤᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠨᠠᠮ ᠵᠠᠰᠠᠭ ᠤᠨ ᠰᠢᠨ᠎ᠡ ᠲᠣᠭᠤᠷᠢᠭ ᠤᠨ 11 ᠳ᠋ᠤᠭᠡᠷ ᠨᠣᠮᠧᠷᠲᠤ ᠠᠰᠠᠷ     ᠬᠠᠷᠢᠯᠴᠠᠬᠤ ᠠᠷᠭ᠎ᠠ᠄ 0477 — 2248313     ᠠᠵᠢᠯᠯᠠᠬᠤ ᠴᠠᠭ᠄ ᠦᠳᠡ ᠡᠮᠦᠨ᠎ᠠ 8᠄ 30 — 12᠄ 00᠂                    ᠦᠳᠡ ᠬᠤᠶᠢᠨ᠎ᠠ 2᠄ 30 — 5᠄ 30  
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号