ᠮᠠᠨ ᠤ ᠬᠤᠰᠢᠭᠤ ᠭᠤᠤᠯ ᠰᠡᠳᠦᠪᠲᠦ ᠬᠥᠮᠦᠵᠢᠯ ᠢᠶᠠᠷ ᠬᠦᠳᠡᠭᠡ ᠳᠣᠰᠬᠤᠨ ᠤ ᠣᠷᠣᠰᠢᠨ ᠰᠠᠭᠤᠷᠢᠰᠢᠬᠤ ᠣᠷᠴᠢᠨ ᠳᠣᠭᠤᠷᠢᠨ ᠢ ᠰᠠᠶᠢᠵᠢᠷᠠᠭᠤᠯᠣᠯ᠎ᠠ
ᠨᠡᠶᠢᠲᠡᠯᠡᠭᠰᠡᠨ ᠴᠠᠭ᠄
2019/12/11
    ᠮᠠᠨ ᠤ ᠬᠤᠰᠢᠭᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾  ᠭᠤᠤᠯ ᠰᠡᠳᠦᠪᠲᠦ ᠬᠥᠮᠦᠵᠢᠯ ᠢᠶᠠᠷ ᠲᠣᠬᠢᠶᠠᠯ ᠪᠣᠯᠭᠠᠨ ᠬᠦᠳᠡᠭᠡ ᠳᠣᠰᠬᠤᠨ ᠤ ᠮᠠᠯᠴᠢᠨ ᠳᠠᠷᠢᠶᠠᠴᠢᠳ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢᠨ ᠬᠠᠮᠳᠣ ᠵᠣᠷᠯᠣᠩ ᠪᠠᠷᠢᠵᠣ ᠣᠷᠴᠢᠨ ᠳᠣᠭᠤᠷᠢᠨ ᠢ ᠨᠡᠩ  ᠴᠡᠪᠡᠷ ᠠᠷᠢᠭᠤᠨ ᠪᠣᠯᠭᠠᠵᠣ ᠮᠠᠯᠴᠢᠨ ᠳᠡᠷᠢᠶᠠᠴᠢᠳ ᠲᠤ ᠪᠣᠳᠡᠳᠡᠢ ᠠᠰᠢᠭ ᠬᠦᠷᠳᠡᠭᠡᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠣᠭᠴᠠᠯᠠᠨ ᠪᠠᠶᠢᠭᠤᠯᠵᠣ ᠪᠠᠶᠢᠨ᠎ᠠ᠃     ᠤᠯᠠᠭᠠᠨᠲᠤᠯᠤᠭᠠᠢ ᠪᠠᠯᠭᠠᠰᠤᠨ ᠤ ᠪᠠᠶᠠᠠᠭᠤᠤᠯ ᠭᠠᠴᠠᠭᠠᠨ ᠤ ᠣᠷᠴᠢᠨ ᠳᠣᠭᠤᠷᠢᠨ ᠤ ᠬᠤᠭ ᠨᠣᠪᠰᠢ ᠶᠢ ᠵᠦᠬᠡᠬᠡᠪᠦᠷᠢᠯᠡᠬᠦ ᠮᠠᠰᠢᠨ ᠳᠡᠷᠭᠡ ᠢ ᠵᠢᠯᠣᠭᠤᠳᠴᠣ ᠪᠠᠶᠢᠭ᠎ᠠ ᠮᠠᠯᠴᠢᠨ ᠴᠠᠭᠠᠨᠳᠠᠯᠠᠢ ᠡᠳᠦᠷ ᠪᠣᠯᠭᠠᠨ ᠪᠦᠬᠦ ᠭᠠᠴᠭᠠᠠᠨ ᠤ ᠡᠯ᠎ᠡ ᠭᠠᠵᠠᠷ ᠪᠡᠶᠢᠷᠢᠯᠠᠭᠤᠯᠣᠨ ᠳᠡᠯᠪᠢᠭ᠌ᠰᠠᠨ 26 ᠲᠣᠭᠲᠠᠮᠠᠯ ᠬᠤᠭ ᠤᠨ ᠬᠠᠶᠢᠷᠴᠠᠭ ᠤᠨ ᠬᠤᠭ ᠢ ᠠᠦ᠋ᠲ᠋ᠦᠴᠢᠯᠠᠭᠰᠠᠨ ᠰᠢᠨ᠎ᠠ ᠮᠡᠶ᠋ᠢᠭ᠋ ᠤᠨ ᠵᠦᠬᠡᠬᠡᠪᠣᠷᠢᠯᠡᠬᠦ ᠳᠡᠷᠭᠡ ᠪᠠᠷ ᠴᠡᠪᠡᠷᠯᠡᠨ ᠵᠦᠬᠡᠬᠡᠪᠣᠷᠢᠯᠡᠵᠣ ᠬᠤᠭ ᠨᠣᠪᠰᠢ ᠰᠢᠢᠳᠪᠣᠷᠢᠯᠡᠬᠦ ᠭᠠᠵᠠᠷ ᠬᠦᠷᠬᠡᠨ ᠲᠦᠷᠦᠯ ᠬᠤᠪᠢᠶᠠᠨ ᠰᠢᠢᠳᠪᠣᠷᠢᠯᠡᠳᠡᠭ ᠪᠠᠶᠢᠨ᠎ᠠ᠃     ᠪᠠᠶᠠᠠᠭᠤᠤᠯ ᠭᠠᠴᠠᠭᠠᠨ ᠤ ᠬᠤᠭ ᠨᠣᠪᠰᠢ ᠶᠢ ᠰᠢᠢᠳᠪᠣᠷᠢᠯᠡᠬᠦ ᠮᠠᠰᠢᠨ ᠲᠠᠢ ᠠᠳᠠᠯᠢ ᠪᠠᠷ ᠣᠳᠣ ᠮᠠᠨ ᠤ ᠬᠤᠰᠢᠭᠤᠨ ᠤ ᠡᠯ᠎ᠡ ᠰᠣᠮᠣ ᠪᠠᠯᠭᠠᠰᠣ᠂ ᠭᠠᠴᠠᠭ᠎ᠠ ᠳᠣᠰᠬᠤᠨ ᠳᠤ ᠡᠶᠢᠮᠣᠷᠬᠦ ᠬᠤᠭ ᠨᠣᠪᠰᠢ ᠵᠦᠬᠡᠬᠡᠪᠣᠷᠢᠯᠡᠬᠦ ᠰᠢᠨ᠎ᠡ ᠮᠠᠶ᠋ᠢᠭ ᠤᠨ ᠮᠠᠰᠢᠨ ᠭᠠᠵᠠᠷ ᠪᠣᠯᠭᠠᠨ ᠦᠵᠡᠭᠳᠡᠬᠦ ᠪᠣᠯᠵᠣ ᠪᠦᠬᠦ ᠬᠤᠰᠢᠭᠤ ᠪᠠᠷ  ᠢᠶᠠᠨ ᠬᠤᠭ ᠨᠣᠪᠰᠢ ᠶᠢ ᠬᠤᠷᠢᠶᠠᠨ ᠴᠣᠭᠯᠠᠭᠤᠯᠣᠨ ᠰᠢᠢᠳᠪᠣᠷᠢᠯᠡᠵᠣ ᠪᠠᠶᠢᠨ᠎ᠠ᠃       ᠭᠠᠯᠠᠭᠤᠳᠣ ᠪᠠᠯᠭᠠᠰᠣᠨ ᠤ ᠮᠤᠳᠤᠨᠴᠠᠶᠢᠳᠠᠮ ᠲᠣᠰᠬᠤᠨ ᠨᠢᠳᠣᠨᠣᠨ ᠠᠴᠠ ᠡᠬᠢᠯᠡᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠳᠣᠭᠤᠷᠢᠨ ᠢ ᠴᠡᠭᠴᠡᠯᠡᠨ ᠵᠠᠰᠠᠵᠦ᠂ ᠪᠥᠬᠦ ᠲᠣᠰᠬᠤᠨ ᠳᠤ 40 ᠭᠠᠷᠣᠢ ᠴᠡᠪᠡᠷ ᠴᠡᠮᠴᠡᠬᠡᠷ ᠡᠷᠣᠬᠡ ᠶᠢ ᠰᠢᠯᠭᠠᠷᠠᠭᠤᠯᠣᠨ ᠵᠢᠯ ᠪᠦᠷᠢ 5 ᠲᠦᠮᠡᠨ ᠲᠦᠬᠦᠷᠢᠭ ᠤᠨ ᠪᠡᠯᠡ ᠮᠦᠡᠭᠬᠦ ᠭᠠᠷᠭᠠᠨ ᠬᠦᠭᠢᠬᠦᠯᠣᠨ ᠱᠠᠩᠨᠠᠳᠠᠭ ᠪᠠᠶᠢᠨ᠎ᠠ᠃ ᠣᠶᠢᠷ᠎ᠠ ᠳᠤ ᠪᠠᠰᠠ ᠳᠣᠰ ᠳᠣᠰᠬᠤᠨ ᠤ ᠬᠤᠭ ᠨᠣᠪᠰᠢ ᠰᠢᠢᠳᠪᠣᠷᠢᠯᠡᠬᠦ ᠦᠢᠯᠡᠳᠪᠦᠷᠢ ᠠᠰᠢᠭᠯᠠᠯᠲᠠ ᠳᠤ ᠤᠷᠤᠵᠤ ᠮᠤᠳᠤᠨᠴᠠᠶᠢᠳᠠᠮ᠂ ᠪᠠᠶᠠᠠᠴᠠᠶᠢᠳᠠᠮ᠂ ᠰᠡᠪᠬᠦᠯ ᠵᠡᠷᠭᠡ ᠣᠶᠢᠷ᠎ᠠ ᠣᠷᠴᠢᠨ ᠤ ᠭᠤᠷᠪᠡᠨ ᠭᠠᠴᠠᠭ᠎ᠠ ᠳᠣᠰᠬᠤᠨ ᠤ 1000 ᠭᠠᠷᠤᠶ ᠮᠠᠯᠴᠢᠨ ᠲᠠᠷᠢᠶᠠᠴᠢᠨ ᠡᠷᠦᠬᠡ ᠶᠢᠨ ᠬᠤᠭ ᠨᠣᠪᠰᠢ ᠶᠢ ᠰᠢᠢᠳᠪᠣᠷᠢᠯᠡᠬᠦ ᠪᠣᠯᠵᠣ ᠬᠤᠭ ᠨᠣᠪᠰᠢ ᠶᠢ ᠰᠢᠢᠳᠪᠣᠷᠢᠯᠡᠬᠦ ᠭᠦᠴᠢᠷ ᠠᠰᠠᠭᠤᠳᠠᠯ ᠢ ᠲᠦᠢᠯᠪᠤᠷᠢᠲᠠᠶ ᠰᠢᠢᠳᠪᠣᠷᠢᠯᠡᠭᠰᠡᠨ ᠪᠠᠶᠢᠨ᠎ᠠ᠃       ᠮᠠᠨ ᠤ ᠬᠤᠰᠢᠭᠤ ᠬᠤᠶᠠᠳᠤᠭᠠᠷ ᠪᠦᠯᠦᠭ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠳᠣᠷᠠᠳᠣᠭᠰᠠᠨ ︽ᠠᠵᠣ ᠣᠶᠢᠯᠡᠰ ᠨᠢ ᠬᠦᠭᠵᠢᠭᠰᠡᠨ ᠂ ᠠᠮᠢ ᠠᠬᠤᠶᠢᠵᠢᠭᠰᠠᠨ ᠣᠷᠣᠰᠢᠨ ᠰᠠᠭᠤᠷᠢᠰᠢᠬᠤ ᠳᠤ ᠳᠣᠬᠢᠳᠠᠢ᠂ ᠨᠤᠲᠤᠭ ᠣᠰᠤ ᠪᠣᠯᠪᠠᠰᠤᠨ᠂ ᠠᠵᠣ ᠠᠮᠢᠳᠤᠷᠠᠯ ᠨᠢ ᠪᠠᠶᠠᠨ ᠴᠢᠨᠡᠭᠡᠯᠢᠭ︾ ᠪᠣᠯᠭᠠᠬᠤ ᠱᠠᠭᠠᠷᠳᠠᠯᠭ᠎ᠠ ᠶᠣᠰᠣᠭᠠᠷ ᠬᠦᠳᠡᠭᠡ ᠳᠣᠰᠬᠤᠨ ᠤ ᠣᠷᠴᠢᠨ ᠳᠣᠭᠤᠷᠢᠨ ᠢ ᠴᠡᠭᠴᠡᠯᠡᠨ ᠵᠠᠰᠠᠬᠤ᠂ ᠬᠤᠭ ᠨᠣᠪᠰᠢ ᠪᠣᠯᠣᠨ ᠪᠣᠬᠢᠷ ᠤᠰᠤ ᠶᠢ ᠰᠢᠢᠳᠪᠣᠷᠢᠯᠡᠬᠦ᠂ ᠵᠣᠷᠯᠣᠩ ᠪᠠᠷᠢᠬᠤ ᠪᠠᠷᠢᠯᠭ᠎ᠠ ᠶᠢᠨ ᠲᠦᠷᠥᠯ ᠵᠣᠶᠢᠯ ᠤᠨ ᠠᠬᠢᠴᠠ ᠶᠢ ᠳᠦᠷᠭᠡᠳᠬᠡᠬᠦ ᠵᠡᠷᠭᠡ ᠪᠣᠳᠡᠳᠡᠢ ᠠᠷᠭ᠎ᠠ ᠬᠡᠮᠵᠢᠶ᠎ᠠ ᠠᠪᠴᠣ ᠪᠦᠬᠦ ᠬᠤᠰᠢᠭᠤᠨ ᠳᠤ ᠬᠤᠭ ᠨᠣᠪᠰᠢ ᠴᠡᠪᠡᠷᠯᠡᠬᠦ ᠠᠩᠭᠢ ᠶᠢ 42 ᠪᠠᠶᠢᠭᠤᠯᠵᠣ 388 ᠴᠡᠪᠡᠷᠯᠡᠭᠴᠢ ᠳᠣᠬᠢᠷᠠᠭᠤᠯᠣᠨ 285 ᠲᠦᠮᠡᠨ ᠲᠦᠬᠦᠷᠢᠭ ᠤᠨ ᠵᠠᠷᠤᠳᠠᠯ ᠤᠨ ᠮᠦᠡᠭᠬᠦ ᠶᠢ ᠨᠠᠶᠢᠳᠠᠪᠤᠷᠢᠵᠢᠭᠤᠯᠤᠭᠰᠠᠨ ᠪᠠᠶᠢᠨ᠎ᠠ᠃  
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ