ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠤᠪᠴᠢᠶᠠᠨ ᠤ ᠨᠠᠮ ᠤᠨ ᠬᠤᠷᠢᠶᠠᠨ ᠤ ᠱᠦᠵᠢ ᠵᠠᠩ ᠭᠦᠸᠧ ᠵᠥᠩ ᠮᠠᠨ ᠤ ᠬᠤᠰᠢᠭᠤᠨ ᠳᠤ ᠢᠷᠡᠵᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019/12/11
     ᠶᠠᠭ ᠥᠷᠨᠢᠭᠦᠯᠵᠦ ᠪᠠᠶᠢᠭ᠎ᠠ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾  ᠭᠤᠤᠯ ᠰᠡᠳᠦᠪᠲᠦ ᠬᠥᠮᠦᠵᠢᠯ ᠤᠨ ᠠᠵᠢᠯ ᠲᠠᠢ ᠤᠶᠠᠯᠳᠤᠭᠤᠯᠵᠤ 12 ᠰᠠᠷ᠎ᠠ ᠶᠢᠨ 6 ᠤ ᠡᠳᠦᠷ ᠤᠯᠤᠰ ᠤᠨ ᠭᠠᠶᠢᠯᠢ ᠶᠢᠨ ᠶᠠᠪᠤᠳᠠᠯ ᠤᠨ ᠶᠠᠷᠤᠩᠭᠡᠢ ᠲᠤᠪᠴᠢᠶᠠᠨ ᠤ ᠥᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ ᠵᠠᠩ ᠭᠦᠸᠧ ᠵᠦᠩ ᠨᠠᠷ ᠮᠠᠨ ᠤ ᠬᠤᠰᠢᠭᠤᠨ ᠳᠤ ᠢᠷᠡᠵᠤ ᠪᠠᠶᠢᠴᠠᠭᠠᠨ ᠰᠤᠳᠤᠯᠤᠯᠲᠠ ᠵᠢᠭᠠᠨ ᠵᠢᠯᠤᠭᠤᠳᠤᠯᠭ᠎ᠠ ᠭᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠤᠤ ᠹᠧᠶ ᠯᠦ ᠪᠤᠯᠤᠨ ᠬᠤᠲᠠ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠪᠠᠷᠠᠳᠠᠨ ᠪᠠᠶᠢᠴᠠᠭᠠᠪᠠ᠃      ᠵᠥᠩ ᠲᠢᠶᠠᠨ ᠾᠧ ᠴᠤᠸᠠᠩ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠭᠢᠭᠦ ᠳᠤ ᠪᠠᠨ᠂ ᠵᠠᠩ ᠭᠦᠸᠧ ᠵᠥᠩ ᠨᠠᠷ ᠠᠵᠤ ᠠᠬᠤᠶᠢᠯᠠᠯ ᠤᠨ ᠥᠢᠯᠡᠳᠪᠤᠷᠢᠯᠠᠯ ᠤᠨ ᠲᠠᠰᠤᠭ ᠢᠶᠠᠷ ᠲᠣᠭᠤᠷᠢᠨ ᠦᠵᠡᠵᠦ ᠥᠢᠯᠡᠳᠪᠤᠷᠢᠯᠠᠭᠦ ᠶᠠᠪᠤᠴᠠ ᠶᠢᠨ ᠵᠢᠷᠤᠭ᠂ ᠥᠢᠯᠠᠳᠪᠤᠷᠢᠯᠠᠯ ᠤᠨ ᠵᠠᠭᠪᠤᠷ᠂ ᠲᠥᠪᠯᠡᠷᠡᠭᠦᠯᠦᠨ ᠡᠵᠡᠮᠳᠠᠭᠦ ᠰᠢᠰᠲ᠋ᠧᠮ ᠢ ᠪᠠᠶᠢᠴᠠᠭᠠᠨ ᠥᠵᠠᠭᠦ ᠶᠢᠨ ᠬᠠᠮᠳᠤ ᠬᠤᠯᠪᠣᠭᠳᠠᠯ ᠪᠦᠬᠦᠢ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠵᠡᠷᠭᠡ ᠪᠠᠶᠢᠳᠠᠯ ᠤᠨ ᠲᠤᠬᠠᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠨᠠᠷᠢᠨ ᠲᠠᠨᠢᠯᠴᠠᠭᠤᠯᠭ᠎ᠠ ᠶᠢ ᠰᠣᠨᠣᠰᠴᠠᠶ᠃ ᠳᠠᠷᠠᠭ᠎ᠠ ᠨᠢ ᠵᠠᠩ ᠭᠦᠸᠧ ᠵᠦᠩ ᠨᠠᠷ ᠪᠠᠰᠠ ︽ᠨᠠᠮ ᠤᠨ ᠪᠠᠶᠢᠭᠤᠯᠤᠯᠲᠠ ᠪᠠᠷ ᠭᠠᠶᠢᠯᠢ ᠠᠵᠤ ᠠᠬᠤᠶᠢᠯᠠᠯ ᠢ ᠬᠥᠲᠥᠯᠥᠨ ᠳᠠᠭᠠᠭᠤᠯᠵᠤ᠂  ᠭᠤᠤᠯ ᠰᠡᠳᠦᠪᠲᠦ ᠬᠥᠮᠦᠵᠢᠯ ᠢᠶᠠᠷ ᠬᠥᠭᠵᠢᠯᠲᠡ ᠶᠢ ᠠᠬᠢᠭᠤᠯᠤᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠳᠤ ᠣᠷᠣᠯᠴᠠᠵᠤ ᠰᠠᠭᠤᠳᠠᠯ ᠤᠨ ᠬᠤᠷᠠᠯ ᠬᠤᠷᠠᠯᠳᠤᠭᠤᠯᠤᠨ ᠰᠠᠨᠠᠯ ᠢᠶᠠᠨ ᠰᠤᠯᠢᠯᠴᠠᠨ ᠨᠠᠮ ᠳᠤ ᠣᠷᠣᠬᠤ ᠲᠠᠩᠭᠠᠷᠢᠭ ᠤᠨ ᠦᠭᠡ ᠶᠢ ᠳᠠᠬᠢᠨ ᠡᠷᠭᠢᠴᠡᠭᠦᠯᠵᠦ ᠠᠵᠤ ᠠᠬᠤᠶᠢᠯᠠᠯ ᠳᠤ ᠭᠤᠤᠯ ᠰᠡᠳᠦᠪᠲᠦ ᠬᠥᠮᠦᠵᠢᠯ ᠤᠨ ᠤᠨᠤᠯ ᠰᠤᠷᠤᠯᠴᠠᠬᠤ ᠨᠣᠮ ᠪᠢᠴᠢᠭ ᠬᠦᠷᠭᠡᠪᠡ᠃      ᠰᠠᠭᠤᠳᠠᠯ ᠤᠨ ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠤᠤ ᠹᠧᠢ ᠯᠦ ᠮᠠᠨ ᠤ ᠬᠤᠰᠢᠭᠤᠨ ᠤ ᠪᠠᠶᠢᠳᠠᠯ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠲᠣᠪᠴᠢ ᠲᠣᠳᠣᠷᠬᠠᠶᠢᠯᠠᠯᠲᠠ ᠬᠢᠭᠰᠡᠨ ᠪᠥᠭᠡᠳ ᠥᠥᠰᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠠᠵᠢᠯ ᠢ ᠳᠠᠮᠵᠢᠵᠤ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠨᠡᠶᠢᠲᠡᠯᠡᠭᠰᠡᠨ ᠡᠯ᠎ᠡ ᠲᠥᠷᠤᠯ ᠤᠨ ᠭᠠᠶᠢᠯᠢ ᠶᠢ ᠬᠥᠩᠭᠡᠯᠡᠬᠦ ᠲᠥᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ ᠭᠡᠵᠦ ᠢᠯᠡᠳᠬᠡᠪᠡ᠃      ᠵᠠᠩ ᠭᠦᠸᠧ ᠵᠥᠩ ᠢᠯᠡᠷᠬᠡᠶᠢᠯᠡᠬᠦ ᠳᠡᠭᠡᠨ᠂ ᠥᠥᠰᠢᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠰᠠᠶᠢᠨ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠨ᠎ᠠ᠂ ᠬᠤᠵᠢᠮ ᠥᠥᠰᠢᠨ ᠬᠤᠰᠢᠭᠤ ᠠᠵᠤ ᠠᠬᠤᠢ ᠶᠢᠨ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠦᠷᠭᠦᠯᠵᠢᠯᠡᠨ ᠰᠠᠶᠢᠲᠤᠷ ᠵᠠᠮᠨᠠᠬᠤ ᠶᠢ ᠬᠦᠰᠡᠵᠦ ᠪᠠᠶᠢᠨ᠎ᠠ ᠭᠡᠵᠡᠢ᠃      ᠵᠠᠩ ᠭᠦᠸᠧ ᠵᠦᠩ ᠠᠵᠤ ᠠᠬᠤᠶᠢᠯᠠᠯ ᠤᠨ ᠣᠯᠤᠭᠰᠠᠨ ᠡᠯ᠎ᠡ ᠲᠥᠷᠤᠯ ᠤᠨ ᠠᠮᠵᠢᠯᠲᠠ ᠵᠢᠴᠢ ᠪᠦᠬᠦ ᠣᠷᠣᠨ ᠤ ᠭᠠᠶᠢᠯᠢ ᠶᠢᠨ ᠥᠢᠯᠠᠰ ᠲᠤ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠳᠤ ᠨᠤᠳᠠᠯᠠᠯᠳᠠ ᠥᠭᠴᠤ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠰᠠᠨᠠᠭᠤᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠥᠭᠴᠡᠶ᠃ ᠲᠡᠷᠡ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠡᠯ᠎ᠡ ᠲᠥᠷᠤᠯ ᠤᠨ ᠭᠠᠶᠢᠯᠢ ᠶᠢ ᠬᠥᠩᠭᠡᠷᠡᠭᠦᠯᠬᠦ ᠲᠥᠷᠦ ᠶᠢᠨ ᠪᠣᠳᠣᠯᠭ᠎ᠠ ᠶᠢ ᠰᠠᠶᠢᠲᠤᠷ ᠨᠠᠶᠢᠲᠠᠪᠤᠷᠢᠵᠢᠭᠤᠯᠬᠤ᠂ ᠭᠠᠶᠢᠯᠢ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ ᠪᠦᠬᠦ ᠣᠷᠣᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠠᠮᠲᠤᠪᠠᠷ ᠢᠳᠡᠪᠬᠢᠲᠡᠢ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠵᠠᠩ ᠭᠦᠸᠧ ᠵᠦᠩ ᠴᠢᠬᠤᠯᠠᠴᠢᠯᠠᠭᠰᠠᠨ ᠨᠢ᠂ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠬᠤᠷᠢᠶ᠎ᠠ᠂ ᠨᠠᠮ ᠤᠨ ᠤᠳᠤᠷᠢᠳᠬᠤ ᠲᠤᠭᠤᠶᠢᠯᠠᠩ ᠡᠯ᠎ᠡ ᠲᠥᠷᠤᠯ ᠤᠨ ᠠᠵᠢᠯ ᠢᠶᠠᠨ ᠰᠠᠶᠢᠨ ᠭᠢᠵᠤ ᠪᠦᠬᠦ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠡᠮᠦᠨ᠎ᠡ ᠡᠩᠨᠡᠭᠡᠨ ᠳᠤ ᠣᠷᠣᠬᠤ ᠪᠠᠷ ᠴᠢᠷᠮᠠᠶᠢᠬᠤ ᠬᠡᠷᠡᠭᠲᠡᠶ᠃ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠲᠠᠲᠠᠪᠤᠷᠢᠯᠠᠨ ᠬᠠᠮᠢᠶᠠᠷᠬᠤ ᠴᠢᠳᠠᠪᠤᠷᠢ᠂ ᠥᠢᠯᠠᠴᠢᠯᠠᠭᠦ ᠴᠢᠳᠠᠪᠤᠷᠢ᠂ ᠬᠢᠨᠠᠨ ᠬᠠᠮᠢᠶᠠᠷᠬᠤ ᠴᠢᠳᠠᠪᠤᠷᠢ᠂ ᠮᠡᠳᠡᠭᠡ ᠵᠠᠩᠭᠢᠴᠢᠯᠠᠯᠲᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ ᠭᠠᠶᠢᠯᠢ ᠲᠠᠲᠠᠪᠤᠷᠢ ᠶᠢᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠪᠠᠭ ᠰᠤᠷᠤᠯᠴᠠᠬᠤ ᠳᠤᠮᠳᠠ ᠲᠠᠨᠢᠯᠲᠠ ᠪᠠᠨ ᠭᠦᠨᠵᠡᠭᠡᠶᠢᠷᠡᠭᠦᠯᠵᠦ ᠨᠠᠩ ᠥᠷᠭᠡᠨ ᠬᠠᠷᠠᠭᠠᠰᠤ ᠪᠣᠯᠤᠨ ᠨᠠᠩ ᠥᠨᠳᠥᠷ ᠪᠠᠷᠢᠮᠵᠢᠶ᠎ᠠ ᠪᠠᠷ ᠭᠠᠳᠠᠭᠠᠳᠤ ᠬᠥᠭᠵᠢᠯᠲᠡ ᠶᠢᠨ ᠪᠠᠶᠢᠳᠠᠯ ᠢ ᠵᠥᠪ ᠣᠨᠣᠪᠴᠢᠲᠠᠶ ᠵᠠᠳᠠᠯᠵᠤ ᠪᠣᠳᠠᠲᠠᠶ ᠶᠢ ᠡᠷᠬᠢᠮᠯᠡᠨ ᠰᠢᠨ᠎ᠡ ᠶᠢ ᠡᠭᠦᠳᠬᠦ ᠰᠡᠳᠬᠢᠴᠡ ᠠᠷᠭ᠎ᠠ ᠬᠡᠮᠵᠢᠶ᠎ᠡ ᠶᠢ ᠢᠳᠡᠪᠬᠢᠲᠡᠢ ᠰᠥᠪᠡᠭᠴᠢᠯᠠᠨ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠠᠵᠤ ᠠᠬᠤᠢ ᠶᠢᠨ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠰᠠᠨᠠᠯ ᠰᠠᠨᠠᠭᠤᠯᠭ᠎ᠠ ᠳᠤᠷᠠᠳᠬᠤ ᠬᠡᠷᠡᠭᠲᠡᠶ᠃ ᠨᠠᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ ᠺᠠᠳ᠋ᠷ ᠤᠨ ᠠᠵᠢᠯ ᠬᠢᠵᠦ ᠥᠢᠯᠠᠰ ᠪᠣᠰᠬᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ ᠺᠠᠳ᠋ᠷ ᠤᠨ ᠳᠦᠷᠢᠮ ᠲᠣᠭᠲᠠᠭᠠᠯ ᠰᠠᠬᠢᠯᠭ᠎ᠠ ᠪᠠᠲᠤ ᠠᠴᠠ ᠵᠥᠷᠢᠴᠡᠬᠦ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠶ ᠭᠡᠵᠡᠢ᠃      ᠪᠠᠶᠢᠴᠠᠭᠠᠨ ᠰᠤᠳᠤᠯᠤᠯᠳᠠ ᠶᠢᠨ ᠳᠠᠷᠠᠭ᠎ᠠ ᠵᠠᠩ ᠭᠦᠸᠧ ᠵᠥᠩ ᠨᠡᠷ ᠥᠪᠥᠷ ᠮᠣᠩᠭᠤᠯ ᠤᠨ ᠪᠥᠸᠧ ᠶᠤᠸᠠᠨ ᠬᠤᠯᠪᠤᠭᠠᠯᠠᠭᠰᠠᠨ ᠬᠢᠮᠢ ᠶᠢᠨ ᠠᠵᠤ ᠥᠢᠯᠠᠳᠪᠤᠷᠢ ᠶᠢᠨ ᠬᠢᠵᠠᠭᠠᠷᠲᠤ ᠺᠣᠮᠫᠠᠨᠢ ᠪᠠᠷ ᠲᠣᠭᠤᠷᠢᠨ ᠦᠵᠡᠵᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠬᠠᠮᠢᠶ᠎ᠠ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ