11 ᠰᠠᠷ᠎ᠠ ᠶᠢᠨ 28 ᠤ ᠤᠷᠤᠢ᠂ ᠦᠦᠰᠢᠨ ᠬᠤᠰᠢᠭᠤᠨ ᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠦᠪ ᠤᠨ ᠲᠤᠯᠤᠳᠤᠭᠠᠷ ᠲᠠᠪᠬᠤᠷᠯᠢᠭ ᠤᠨ | ᠬᠤᠷᠠᠯ ᠤᠨ ᠬᠡᠷ ᠲᠤ ᠬᠦᠮᠦᠰ ᠴᠤᠭᠯᠠᠷᠡᠯᠠ᠃ ᠭᠠᠯᠠᠭᠤᠳᠤ ᠪᠠᠯᠭᠠᠰᠤ ᠶᠢᠨ ᠨᠠᠮ ᠤᠨ ᠭᠡᠰᠢᠬᠦᠨ ᠺᠠᠳ᠋ᠷᠴᠤᠳ ᠤᠨ ᠭᠤᠤᠯ ᠰᠡᠳᠦᠪᠳᠤ ᠬᠦᠮᠦᠵᠢᠯ ᠤᠨ | ᠠᠵᠢᠯᠯᠠᠭ᠎ᠠ ᠶᠢᠨ ᠰᠦᠨᠢ ᠶᠢᠨ ᠰᠤᠷᠭᠠᠭᠤᠯᠢ ᠶᠢᠨ ᠬᠢᠴᠢᠶᠠᠯ ᠡᠭᠢᠯᠡᠭᠦ ᠭᠡᠵᠤ ᠪᠠᠶᠢᠭ᠎ᠠ ᠨᠢ ᠡᠨᠡ ᠠᠵᠢ᠃ | 19 ᠴᠠᠭ 10 ᠮᠢᠨᠦ᠋ᠲ ᠲᠤ ᠬᠢᠴᠢᠶᠠᠯ ᠡᠬᠢᠯᠡᠪᠡ᠃ ᠡᠬᠢᠯᠡᠩᠭᠦᠳᠡ ᠲᠤᠮᠤ ᠴᠡᠭᠡᠨ ᠬᠦᠰᠢᠭᠡᠨ ᠲᠡᠭᠡᠷ᠎ᠠ ᠤᠷᠢᠳᠴᠢᠯᠠᠨ ᠰᠢᠩᠭᠡᠭᠡᠵᠦ ᠠᠪᠤᠭᠰᠠᠨ ᠲᠦᠪ | ᠲᠧᠯᠸᠢᠰ ᠤᠨ 13 ᠳ᠋ᠤᠭᠠᠷ ᠰᠤᠪᠠᠭ ᠤᠨ ︽ᠤᠬᠤᠷ ᠰᠢᠬᠦᠮᠵᠢ᠄ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠦᠭᠡᠷ ᠪᠦᠬᠦᠳᠡ | ᠬᠤᠷᠠᠯ ᠤᠨ ᠵᠤᠷᠢᠭ ᠰᠠᠨᠠᠭ᠎ᠠ ᠶᠢ ᠬᠡᠷᠬᠢᠨ ᠵᠦᠪ ᠤᠨᠤᠪᠴᠢᠳᠠᠢ ᠬᠦᠨ ᠬᠦᠨᠵᠡᠭᠡᠢ ᠤᠢᠢᠯᠠᠭᠠᠬᠤ ᠪᠤᠢ︾ ᠬᠡᠰᠡᠨ ᠨᠠᠪᠳᠡᠷᠡᠭᠦᠯᠭᠡ ᠶᠢ ᠨᠠᠪᠳᠡᠷᠡᠭᠦᠯᠵᠦ ᠰᠤᠷᠤᠯᠴᠠᠪᠠ᠃ | ᠲᠠᠷᠠᠭ᠎ᠠ ᠨᠢ 3 ᠪᠠᠯᠡᠳᠭᠡᠯ ᠨᠠᠮ ᠤᠨ ᠬᠡᠰᠢᠬᠦᠨ ᠢ ᠵᠢᠩᠭᠢᠨᠢᠴᠢᠯᠠᠵᠤ᠂ ᠨᠠᠮ ᠳᠤ ᠤᠷᠤᠬᠤ 1 ᠢᠳᠡᠪᠬᠢᠳᠡᠨ ᠢ ᠪᠠᠯᠡᠳᠭᠡᠯ ᠨᠠᠮ ᠤᠨ ᠬᠡᠰᠢᠬᠦᠨ ᠢᠶᠠᠷ ᠡᠯᠰᠡᠵᠦ᠂ | ᠬᠠᠮᠳᠤ ᠪᠠᠷ ᠢᠶᠠᠨ ᠨᠠᠮ ᠳᠤ ᠤᠷᠤᠬᠤ ᠲᠠᠩᠭᠠᠷᠢᠭ ᠬᠢᠭᠰᠡᠨ ᠪᠠᠶᠢᠨ᠎ᠠ᠃ ᠬᠠᠮᠤᠭ ᠤᠨ ᠰᠡᠬᠦᠯ ᠳᠤᠨᠢ ᠶᠡᠷᠦᠩᠭᠡᠢ ᠱᠦᠵᠢ ᠰᠢ ᠶᠢᠨ ᠫᠢᠩ ᠤᠨ ᠠᠯᠳᠠᠨ ᠪᠠᠳᠠᠭ ᠢ | ᠬᠠᠭᠤᠯᠤᠨ ᠪᠢᠴᠢᠬᠦ ᠤᠷᠠᠨ ᠪᠢᠴᠢᠯᠭᠡ ᠶᠢᠨ ᠠᠵᠢᠯᠯᠠᠭ᠎ᠠ ᠶᠠᠪᠤᠭᠳᠠᠭᠤᠯᠵᠦ᠂ ᠬᠦᠭᠵᠢᠶᠠᠨ ᠨᠠᠷᠬᠢᠶᠠᠨ ᠢᠶᠠᠷ ᠪᠢᠯᠬᠠᠯ᠎ᠠ ᠁ 20 ᠴᠠᠭ 10 ᠮᠢᠨᠦ᠋ᠲ ᠲᠤ | ᠬᠢᠴᠢᠶᠠᠯ ᠪᠠᠭᠤᠪᠠ᠃ | ᠬᠤᠶᠠᠳᠤᠭᠠᠷ ᠪᠦᠯᠦᠭ ᠤᠨ ︽ᠤᠭ ᠰᠠᠨᠠᠭ᠎ᠠ ᠪᠠᠨ ᠦᠯᠦ ᠮᠠᠷᠳᠠᠵᠤ ᠡᠭᠦᠷᠭᠡ ᠬᠠᠷᠢᠭᠤᠴᠠᠯᠭ᠎ᠠ ᠪᠠᠨ ᠪᠠᠳᠦ ᠴᠡᠭᠡᠵᠢᠯᠡᠭᠦ︾ ᠭᠤᠤᠯ ᠰᠠᠳᠦᠪᠳᠦ | ᠬᠦᠮᠦᠵᠢᠯ ᠢ ᠦᠷᠨᠢᠭᠦᠯᠦᠭᠰᠡᠨ ᠠᠴᠠ ᠨᠠᠭᠠᠰᠢ᠂ ᠭᠠᠯᠠᠭᠤᠳᠦ ᠪᠠᠯᠭᠠᠰᠤ ᠳᠦᠯᠦᠪᠯᠡᠭᠡ ᠲᠠᠢ ᠪᠠᠷ ᠦᠪᠡᠷᠳᠡᠭᠡᠨ ᠰᠤᠷᠤᠯᠴᠠᠬᠤ᠂ ᠵᠢᠯᠦᠭᠤᠳᠤᠭᠴᠢ ᠪᠠᠭᠰᠢ ᠤᠷᠢᠨ | ᠭᠢᠴᠢᠶᠡᠯ ᠤᠷᠤᠭᠤᠯᠬᠤ᠂ ᠱᠦᠵᠢ ᠳᠠᠭᠠᠭᠤᠯᠤᠨ ᠰᠤᠷᠤᠯᠴᠠᠬᠤ᠂ ᠮᠡᠳᠡᠯᠭᠡ ᠶᠢᠨ ᠰᠤᠷᠢᠯᠳᠠ ᠪᠠ ᠶᠠᠷᠢᠶ᠎ᠠ ᠢᠯᠡᠳᠭᠡᠯ ᠤᠨ ᠤᠷᠤᠯᠳᠤᠭᠠᠨ ᠭᠢᠭᠦ ᠵᠡᠷᠭᠡ ᠠᠮᠢᠳᠤᠯᠢᠭ | ᠠᠷᠭ᠎ᠠ ᠭᠡᠯᠪᠡᠷᠢ ᠪᠠᠷ ᠰᠦᠨᠢ ᠶᠢᠨ ᠰᠤᠷᠭᠠᠭᠤᠯᠢ ᠶᠢᠨ ᠬᠢᠴᠢᠶᠠᠯ ᠢ ᠨᠠᠶᠢᠳᠠ 9 ᠤᠳᠠᠭ᠎ᠠ ᠡᠷᠬᠢᠯᠡᠭᠰᠡᠨ ᠪᠢᠯᠡ᠃ ︽ᠮᠠᠨ ᠤ ᠨᠠᠮ ᠤᠨ ᠬᠡᠰᠢᠬᠦᠨ ᠺᠠᠳ᠋ᠷᠴᠤᠳ | ᠭᠠᠷᠠᠭ ᠪᠤᠯᠭᠠᠨ ᠨᠢᠭᠡ ᠦᠳᠡᠰᠢ ᠶᠢ ᠰᠤᠩᠭᠤᠨ ᠰᠦᠨᠢ ᠶᠢᠨ ᠬᠢᠴᠢᠶᠠᠯ ᠳᠤ ᠤᠷᠤᠳᠠᠭ᠃ ᠡᠨᠡ ᠨᠢ ᠡᠳᠤᠷ ᠢᠶᠠᠷ ᠠᠵᠢᠯ ᠢᠶᠠᠨ ᠠᠮᠵᠢᠭᠤᠯᠵᠤ ᠦᠳᠡᠰᠢ ᠪᠠᠷ | ᠰᠤᠷᠤᠯᠴᠠᠯᠭ᠎ᠠ ᠪᠠᠨ ᠪᠡᠶᠡᠯᠡᠭᠦᠯᠵᠤ᠂ ᠠᠵᠢᠯ ᠰᠤᠷᠤᠯᠴᠠᠯᠭ᠎ᠠ ᠶᠢᠨ ᠠᠯᠢ ᠶᠢ ᠨᠢ ᠴᠦ ᠰᠠᠭᠠᠳᠠᠭᠠᠬᠤ ᠦᠬᠡᠢ ᠶᠢᠨ ᠳᠦᠯᠦᠭᠡ ᠶᠤᠮ᠂ ᠦᠷ᠎ᠠ ᠪᠦᠳᠦᠮᠵᠢ ᠪᠠᠷ ᠮᠠᠰᠢ | ᠰᠠᠶᠢᠨ ᠪᠠᠶᠢᠨ᠎ᠠ︾ ᠭᠡᠵᠤ ᠭᠠᠯᠠᠭᠤᠳᠦ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ ᠹᠦ᠋ ᠳᠢᠶᠠᠨ ᠵᠢᠶᠧ ᠰᠤᠷᠪᠤᠯᠵᠢᠯᠠᠭᠴᠢ ᠳᠤ ᠳᠠᠨᠢᠯᠴᠠᠭᠤᠯᠤᠨ᠎ᠠ᠃ | |