ᠦᠤᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ 2020 ᠤᠨ ᠤ ᠠᠷᠠᠳ ᠤᠨ ᠠᠮᠢᠳᠤᠷᠠᠯ ᠤᠨ ᠪᠣᠳᠠᠲᠤ ᠠᠵᠢᠯ ᠤᠨ ᠲᠦᠷᠦᠯ ᠵᠦᠢᠯ ᠢ ᠢᠯᠡ ᠪᠠᠷ ᠡᠯᠰᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2019-12-12
   ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ ᠠᠷᠠᠳ ᠤᠨ ᠠᠮᠢᠳᠤᠷᠠᠯ ᠤᠨ ᠪᠣᠳᠠᠲᠤ ᠠᠵᠢᠯ ᠤᠨ ᠲᠥᠷᠥᠯ ᠵᠦᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠢ ᠠᠷᠠᠳᠴᠢᠯᠠᠭᠰᠠᠨ᠂ ᠰᠢᠨᠵᠢᠯᠡᠬᠦ ᠤᠬᠠᠭᠠᠨᠴᠢᠯᠠᠭᠰᠠᠨ᠂ ᠬᠠᠤᠯᠢ ᠲᠦᠷᠢᠮᠵᠢᠭᠰᠡᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ  ᠠᠷᠠᠳ ᠤᠨ ᠠᠮᠢᠳᠤᠷᠠᠯ ᠤᠨ ᠪᠣᠳᠠᠲᠤ ᠠᠵᠢᠯ ᠤᠨ ᠲᠥᠷᠥᠯ ᠵᠦᠢᠯ ᠢ ᠲᠤᠭᠳᠠᠭᠠᠬᠤ ᠳᠤ ᠤᠯᠠᠨ ᠨᠡᠶᠢᠲᠡ ᠶᠢᠨ ᠣᠷᠣᠯᠴᠠᠬᠤ ᠡᠷᠬᠡ ᠶᠢ ᠪᠠᠲᠤᠯᠠᠬᠤ ᠶᠢᠨ ᠲᠥᠯᠥᠭᠡ ᠠᠷᠠᠳ ᠣᠯᠠᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠷᠠᠳ ᠤᠨ ᠠᠮᠢᠳᠤᠷᠠᠯ ᠤᠨ ᠠᠰᠠᠭᠤᠳᠠᠯ ᠢ ᠦᠨᠡᠨᠬᠦ ᠰᠢᠢᠳᠪᠦᠷᠢᠯᠡᠵᠤ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠵᠤ ︽ᠬᠤᠰᠢᠭᠤ ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠠᠵᠢᠯ ᠤᠨ ᠲᠥᠷᠥᠯ ᠵᠦᠢᠯ ᠢ ᠠᠬᠢᠭᠤᠯᠬᠤ ᠠᠷᠠᠳ ᠤᠨ ᠲᠥᠯᠥᠭᠡᠯᠡᠭᠴᠢ ᠶᠢᠨ ᠪᠢᠯᠧᠲ ᠥᠭᠬᠦ ᠳᠦᠷᠢᠮ ᠤᠨ ᠠᠵᠢᠯ ᠤᠨ ᠬᠡᠷᠡᠭᠵᠢᠭᠦᠯᠬᠦ ᠲᠥᠰᠦᠯ︾᠎ ᠤᠨ ᠱᠠᠭᠠᠷᠳᠠᠯᠭ᠎ᠠ ᠶᠢ ᠦᠨᠳᠦᠰᠦᠯᠡᠨ ᠬᠤᠰᠢᠭᠤ ᠠᠷᠠᠳ ᠤᠨ ᠵᠠᠰᠠᠭ ᠤᠨ ᠣᠷᠳᠣᠨ ᠨᠡᠶᠢᠭᠡᠮ ᠨᠡᠶᠢᠲᠡ ᠠᠴᠠ 2020 ᠤᠨ ᠤ ᠠᠷᠠᠳ ᠤᠨ ᠠᠮᠢᠳᠤᠷᠠᠯ ᠤᠨ ᠪᠣᠳᠠᠲᠤ ᠠᠵᠢᠯ ᠤᠨ ᠲᠥᠷᠥᠯ ᠵᠦᠢᠯ ᠢ ᠢᠯᠡ ᠪᠠᠷ ᠡᠯᠰᠡᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠤᠷᠠᠬᠢ ᠮᠡᠲᠦ ᠵᠠᠷᠯᠠᠪᠠ᠃    ᠨᠢᠭᠡ᠂ ᠡᠯᠰᠡᠬᠦ ᠴᠠᠭ ᠬᠤᠭᠤᠴᠠᠭ᠎ᠠ    ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 2019 ᠤᠨ ᠤ 12 ᠰᠠᠷ᠎ᠠ ᠶᠢᠨ 15᠎ ᠤ ᠡᠳᠦᠷ ᠪᠣᠯᠲᠠᠯ᠎ᠠ᠃    ᠬᠤᠶᠠᠷ᠂ ᠡᠯᠰᠡᠬᠦ ᠱᠠᠭᠠᠷᠳᠠᠯᠭ᠎ᠠ   ︵ᠨᠢᠭᠡ︶ ᠬᠡᠷᠡᠭᠴᠡᠭᠡᠲᠦ ᠴᠢᠨᠠᠷ ᠢᠶᠠᠷ ᠴᠢᠩᠭ᠎ᠠ᠃ ᠲᠠᠨᠢᠯᠴᠠᠭᠤᠯᠤᠭᠰᠠᠨ ᠠᠷᠠᠳ ᠤᠨ ᠠᠮᠢᠳᠤᠷᠠᠯ ᠤᠨ ᠪᠣᠳᠠᠲᠤ ᠠᠵᠢᠯ ᠤᠨ ᠲᠥᠷᠥᠯ ᠵᠦᠢᠯ ᠨᠢ ᠠᠷᠠᠳ ᠣᠯᠠᠨ ᠤ ᠬᠦᠰᠡᠯ ᠱᠠᠭᠠᠷᠳᠠᠯᠭ᠎ᠠ ᠢᠶᠠᠷ ᠴᠢᠩᠭ᠎ᠠ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠢᠶᠠᠷ ᠴᠢᠩᠭ᠎ᠠ᠂ ᠠᠰᠢᠭ ᠭᠦᠷᠲᠡᠬᠦ ᠲᠥᠷᠥᠭᠳᠡᠯ ᠢᠶᠠᠷ ᠴᠢᠩᠭ᠎ᠠ᠂ ᠪᠠᠴᠢᠮ ᠰᠢᠢᠳᠪᠦᠷᠢᠯᠡᠬᠦ ᠴᠢᠬᠤᠯᠠᠲᠠᠶ ᠮᠥᠷᠲᠡᠭᠡᠨ ᠨᠡᠶᠢᠭᠡᠮ ᠤᠨ ᠦᠷ᠎ᠡ ᠠᠰᠢᠭ ᠶᠡᠬᠡᠲᠡᠶ ᠠᠷᠠᠳ ᠤᠨ ᠠᠮᠢᠳᠤᠷᠠᠯ ᠤᠨ ᠣᠯᠠᠨ ᠨᠡᠶᠢᠲᠡ ᠶᠢᠨ ᠦᠢᠯᠡᠰ ᠤᠨ ᠲᠥᠷᠥᠯ ᠵᠦᠢᠯ ᠪᠠᠶᠢᠬᠤ ᠬᠡᠷᠡᠭᠲᠡᠶ᠃   ︵ᠬᠤᠶᠠᠷ︶ ᠬᠠᠷᠠᠭᠠᠯᠵᠠᠬᠤ ᠴᠢᠨᠠᠷ ᠢᠶᠠᠷ ᠥᠷᠭᠡᠨ᠃ ᠲᠠᠨᠢᠯᠴᠠᠭᠤᠯᠤᠭᠰᠠᠨ ᠠᠷᠠᠳ ᠤᠨ ᠠᠮᠢᠳᠤᠷᠠᠯ ᠤᠨ ᠪᠣᠳᠠᠲᠤ ᠠᠵᠢᠯ ᠤᠨ ᠲᠥᠷᠥᠯ ᠵᠦᠢᠯ ᠨᠢ ᠨᠡᠯᠢᠶᠡᠳ ᠴᠢᠩᠭ᠎ᠠ ᠲᠥᠯᠥᠭᠡᠯᠡᠬᠦ ᠴᠢᠨᠠᠷ ᠪᠠ ᠥᠷᠭᠡᠨ ᠳᠡᠯᠭᠡᠷ ᠠᠰᠢᠭ ᠬᠦᠷᠲᠡᠬᠦ ᠲᠠᠯ᠎ᠠ ᠲᠠᠢ ᠪᠠᠶᠢᠵᠤ ᠠᠰᠢᠭ ᠬᠦᠷᠲᠡᠬᠦ ᠬᠡᠪᠴᠢᠶ᠎ᠡ ᠨᠢ ᠥᠷᠭᠡᠨ᠂ ᠬᠠᠷᠠᠭᠠᠯᠵᠠᠬᠤ ᠬᠡᠮᠵᠢᠶ᠎ᠡ ᠨᠢ ᠶᠡᠭᠡ ᠵᠡᠷᠭᠡ ᠣᠨᠴᠠᠯᠢᠭ ᠰᠢᠨᠵᠢ ᠶᠢ ᠢᠯᠡᠷᠡᠭᠦᠯᠬᠦ ᠬᠡᠷᠡᠭᠲᠡᠶ᠃    ︵ᠭᠤᠷᠪᠠ︶ ᠬᠡᠷᠡᠭᠵᠢᠬᠦᠯᠵᠤ ᠪᠤᠯᠬᠤᠶᠢᠴᠠ ᠲᠠᠯ᠎ᠠ ᠪᠠᠷ ᠰᠠᠶᠢᠨ᠃ ᠲᠠᠨᠢᠯᠴᠠᠭᠤᠯᠤᠭᠰᠠᠨ ᠠᠷᠠᠳ ᠤᠨ ᠠᠮᠢᠳᠤᠷᠠᠯ ᠤᠨ ᠪᠣᠳᠠᠲᠤ ᠠᠵᠢᠯ ᠤᠨ ᠲᠥᠷᠥᠯ ᠵᠦᠢᠯ ᠨᠢ ᠮᠠᠨ ᠤ ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ ᠪᠦᠬᠦ ᠬᠦᠴᠦᠨ ᠢᠶᠠᠷ ᠢᠶᠠᠨ ᠴᠢᠷᠮᠠᠶᠢᠬᠤ ᠮᠥᠷᠲᠡᠭᠡᠨ ᠪᠠᠰᠠ ᠴᠢᠳᠠᠯ ᠤᠨ ᠢᠶᠠᠨ ᠬᠢᠷᠢ ᠪᠠᠷ ᠬᠢᠬᠦ ᠬᠡᠷᠡᠭᠲᠡᠢ᠂ ᠲᠠᠨᠢᠯᠴᠠᠭᠤᠯᠤᠭᠰᠠᠨ ᠲᠥᠷᠥᠯ ᠵᠦᠢᠯ ᠨᠢ ᠡᠮᠬᠢ ᠴᠡᠭᠴᠡ ᠲᠠᠢ᠂ ᠨᠢᠭᠡ ᠨᠢᠭᠡ ᠶᠠᠪᠤᠳᠠᠯ ᠢᠶᠠᠷ ᠳᠤᠷᠠᠳᠴᠤ ᠵᠠᠷᠴᠢᠮ ᠳᠡᠭᠡᠷ᠎ᠡ ᠪᠠᠨ ᠲᠣᠰ ᠵᠢᠯ ᠳᠤ ᠪᠠᠨ ᠪᠡᠶᠡᠯᠡᠭᠦᠯᠵᠦ ᠦᠨᠡᠨᠬᠦ ᠵᠢᠯ ᠠᠯᠤᠰᠯᠠᠨ ᠬᠡᠷᠡᠭᠵᠢᠭᠦᠯᠬᠦ ᠴᠢᠬᠤᠯᠠᠲᠠᠢ ᠲᠥᠷᠥᠯ ᠵᠦᠢᠯ ᠢ ᠵᠢᠯ ᠤᠨ ᠱᠠᠲᠤᠴᠢ ᠴᠢᠨᠠᠷᠲᠠᠢ ᠬᠠᠷᠠᠯᠲᠠ ᠪᠠᠨ ᠲᠤᠭᠳᠠᠭᠠᠭᠰᠠᠨ ᠪᠠᠶᠢᠬᠤ ᠬᠡᠷᠡᠭᠲᠡᠢ᠃    ᠭᠤᠷᠪᠠ᠂ ᠡᠯᠰᠡᠬᠦ ᠠᠷᠭ᠎ᠠ ᠮᠠᠶ᠋ᠢᠭ   ︽2020 ᠤᠨ ᠤ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠠᠵᠢᠯ ᠤᠨ ᠲᠥᠷᠥᠯ ᠵᠦᠢᠯ ᠢ ᠡᠯᠰᠡᠬᠦ ᠬᠦᠰᠦᠨᠦᠭᠲᠦ︾᠎ ᠳᠤ ᠲᠠᠨᠢᠯᠴᠠᠭᠤᠯᠬᠤ ᠲᠥᠷᠥᠯ ᠵᠦᠢᠯ ᠢᠶᠠᠨ ᠲᠠᠭᠯᠠᠵᠤ ᠳᠣᠤᠷᠠᠬᠢ ᠠᠷᠭ᠎ᠠ ᠬᠡᠯᠪᠡᠷᠢ ᠪᠠᠷ ᠬᠠᠷᠢᠭᠤ ᠲᠤᠰᠬᠠᠨ᠎ᠠ᠄   ⒈ ᠬᠠᠷᠢᠭᠤ ᠲᠤᠰᠬᠠᠬᠤ ᠬᠠᠶ᠋ᠢᠭ᠄ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 213 ᠲᠠᠰᠤᠭ  ︔   ⒉ᠢᠮᠧᠯ᠄ 317386431@qq.com   ⒊ ᠹᠠᠺᠰ᠄ 0477 — 7852071︔   ⒋ᠬᠠᠷᠢᠯᠴᠠᠬᠤ ᠬᠦᠮᠦᠨ᠄ ᠵᠧᠤ ᠬᠠᠢ ᠳ᠋ᠦᠩ 13848575923᠃    ᠳᠠᠭᠠᠯᠳᠤᠭᠤᠯᠤᠯ᠄ 2020 ᠤᠨ ᠤ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠠᠵᠢᠯ ᠤᠨ ᠲᠥᠷᠥᠯ ᠵᠦᠢᠯ ᠢ ᠡᠯᠰᠡᠬᠦ ᠬᠦᠰᠦᠨᠦᠭᠲᠦ                      ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                            2019 ᠤᠨ ᠤ 12 ᠰᠠᠷ᠎ᠠ ᠶᠢᠨ 9᠎ ᠤ ᠡᠳᠦᠷ ᠳᠠᠭᠠᠯᠳᠣᠭᠤᠯᠣᠯ              2010 ᠣᠨ ᠤ ᠦᠣᠰᠢᠨ ᠬᠤᠰᠢᠭᠤᠨ ᠤᠨ ᠠᠷᠠᠳ ᠤᠨ ᠵᠠᠰᠠᠭ ᠤᠨ ᠣᠷᠳᠣᠨ ᠤᠨ ᠠᠷᠠᠳ ᠶᠢᠨ ᠠᠮᠢᠳᠣᠷᠠᠯ ᠤᠨ ᠪᠣᠳᠠᠳᠣ ᠠᠵᠢᠯ ᠤᠨ ᠲᠦᠷᠥᠯ ᠵᠣᠶᠢᠯ ᠢ ᠡᠯᠰᠡᠬᠦ ᠬᠦᠰᠦᠨᠦᠭᠲᠦ
    ᠲᠠᠶᠢᠯᠪᠤᠷᠢ᠄ 1. ᠨᠢᠭᠡ ᠪᠣᠳᠠᠲᠤ ᠠᠵᠢᠯ ᠤᠨ ᠲᠥᠷᠥᠯ ᠵᠦᠢᠯ ᠢ ᠨᠢᠭᠡ ᠬᠦᠰᠦᠨᠦᠭᠲᠦ ᠲᠠᠭᠯᠠᠬᠤ᠂ ᠬᠡᠷᠪᠡ ᠬᠤᠶᠠᠷ ᠠᠴᠠ ᠳᠡᠭᠡᠭᠰᠢ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠪᠠᠶᠢᠪᠠᠯ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠶᠢᠨ ᠲᠤᠭ᠎ᠠ ᠶᠣᠰᠣᠭᠠᠷ ᠲᠣᠰ ᠲᠣᠰ ᠲᠠᠭᠯᠠᠬᠤ ᠬᠡᠷᠡᠭᠳᠡᠢ᠃ 2. ᠪᠡᠶ᠎ᠡ ᠭᠠᠷᠤᠯ ᠢ ᠰᠣᠩᠭᠤᠨ ᠲᠠᠭᠯᠠᠬᠤ᠄  ᠨᠠᠮ ᠤᠨ ᠲᠥᠯᠥᠬᠡᠯᠡᠭᠴᠢ᠂ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠲᠠ ᠶᠢᠨ ᠠᠷᠠᠳ᠃
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号