ᠮᠤᠳᠧᠯ ᠣᠷᠠᠯᠢᠭ ᠤᠨ ᠭᠤᠸ᠎ᠠ ᠳᠠᠭᠠᠰᠢᠶᠠᠯ ᠢ ᠭᠡᠣᠭᠡᠳ ᠪᠠᠭᠠᠴᠣᠣᠨ ᠲᠤ ᠡᠳ᠋ᠯᠡᠬᠦᠯᠵᠣ ᠶᠠᠪᠣᠭ᠎ᠠ ᠵᠠᠯᠠᠭᠤ ᠣᠶᠢᠯᠡᠰᠴᠢᠨ ᠣᠶᠣᠨᠳᠠᠨ᠎ᠠ
ᠨᠡᠶᠢᠲᠡᠯᠡᠭᠰᠡᠨ ᠴᠠᠭ᠄
2019-12-13
      ᠮᠠᠨ ᠤ ᠬᠤᠰᠢᠭᠤᠨ ᠤ ᠭᠠᠯᠠᠭᠤᠳᠣ ᠪᠠᠯᠭᠠᠰᠣᠨ ᠳᠤ ︽ᠴᠣᠣ ᠢ ᠰᠢᠩ︾ ᠭᠡᠤᠭᠡᠳ ᠪᠠᠭᠠᠴᠤᠳ ᠤᠨ ᠮᠣᠳᠧᠯ ᠤᠨ ᠠᠩᠭᠢ ᠶᠢ ᠡᠷᠬᠢᠯᠡᠵᠣ ᠶᠠᠪᠣᠭ᠎ᠠ ᠤᠶᠤᠨᠳᠠᠨ᠎ᠠ ᠭᠡᠤᠭᠡᠳ ᠪᠠᠭᠠᠴᠤᠳ ᠲᠤ ᠮᠤᠳᠧᠯ ᠣᠷᠠᠯᠢᠭ ᠤᠨ ᠭᠤᠸ᠎ᠠ ᠰᠠᠶᠢᠬᠠᠨ ᠤ ᠲᠠᠭᠠᠰᠢᠶᠠᠯ ᠢ ᠬᠦᠷᠳᠡᠭᠡᠵᠦ ᠲᠡᠳᠡᠨ ᠳᠤ ᠦᠪᠡᠷ ᠢ ᠪᠠᠨ ᠳᠠᠶᠢᠰᠠᠨ ᠳᠡᠭᠡᠷ᠎ᠡ ᠮᠤᠳᠧᠯ ᠣᠷᠠᠯᠢᠭ ᠢᠶᠠᠷ ᠳᠡᠯᠬᠡᠨ ᠦᠵᠡᠬᠦᠯᠬᠦ  ᠲᠠᠪᠴᠠᠩ ᠢ  ᠬᠠᠨᠭ᠍ᠭᠠᠵᠤ ᠪᠠᠶᠢᠨ᠎ᠠ᠃      ᠣᠶᠢᠷ᠎ᠠ ᠶᠢᠨ ᠡᠳᠣᠷ᠂ ᠪᠡᠭᠡᠵᠢᠩ ᠬᠤᠳᠠ ᠶᠢᠨ ᠤᠷᠤᠰᠬᠠᠯ ᠲᠠᠭᠠᠭᠰᠠᠨ ᠪᠠᠭᠠᠴᠤᠳ ᠤᠨ ᠮᠣᠳᠧᠯ ᠤᠨ ᠤᠷᠤᠯᠳᠤᠭᠠᠨ ᠤ ᠦᠤᠰᠢᠨ ᠬᠤᠰᠢᠭᠤᠨ ᠳᠠᠬᠢ ᠬᠤᠪᠢᠶᠠᠷᠢ ᠲᠠᠯᠠᠪᠠᠢ ᠶᠢᠨ ᠤᠷᠤᠯᠳᠤᠭᠠᠨ ᠢ ︽ᠴᠣᠣ ᠢ ᠰᠢᠩ︾ ᠭᠡᠤᠭᠡᠳ ᠪᠠᠭᠠᠴᠤᠳ ᠤᠨ ᠮᠤᠳᠧᠯ ᠤᠨ ᠠᠩᠭᠢ ᠶᠢᠨ ᠬᠢᠨ ᠡᠷᠬᠢᠯᠡᠨ ᠬᠢᠵᠣ ᠳᠣᠰ ᠠᠩᠬᠢ ᠶᠢᠨ ᠰᠤᠷᠤᠭᠴᠢᠳ ᠠᠴᠠ ᠴᠠᠭ ᠡᠷᠡᠨ ᠤ ᠬᠦᠭᠵᠢᠯᠳᠡ ᠶᠢ ᠬᠠᠷᠠᠭᠤᠯᠣᠭᠰᠠᠨ ᠤᠨᠴᠠᠯᠢᠭᠳᠤ ᠬᠤᠪᠴᠠᠰᠤ ᠵᠠᠰᠠᠯ ᠵᠢᠴᠢ ᠮᠤᠩᠭᠤᠯ ᠦᠨᠳᠤᠰᠤᠳᠡᠨ ᠤ ᠦᠪᠡᠷᠮᠢᠴᠡ ᠤᠨᠴᠠᠯᠢᠭᠳᠤ ᠬᠤᠪᠴᠠᠰᠤ ᠵᠠᠰᠠᠯ ᠢᠶᠠᠷ ᠢᠶᠠᠨ ᠭᠤᠶᠤᠯᠠᠨ ᠬᠦᠭᠵᠢᠶᠡᠨᠳᠥ ᠠᠶᠠᠰ ᠢ ᠎ ᠲᠠᠭᠠᠨ ᠴᠤᠭ ᠵᠢᠪᠬᠤᠭᠠᠯᠢᠭ ᠠᠯᠬᠤᠵᠤ ᠤᠳᠠᠭᠠᠨ ᠬᠤᠭᠤᠴᠠᠭᠠᠨ ᠤ ᠪᠤᠯᠪᠠᠰᠤᠷᠠᠯ ᠢᠶᠠᠷ ᠲᠠᠮᠵᠢᠨ ᠰᠤᠷᠤᠭᠰᠠᠨ ᠵᠦᠢᠯ ᠢᠶᠠᠨ ᠤᠯᠠᠨ ᠳᠦᠮᠡᠨ ᠳᠤ ᠬᠠᠷᠢᠭᠤ ᠮᠡᠳᠡᠭᠦᠯᠣᠨ ᠳᠣᠭᠯᠠᠯᠳᠠ ᠭᠠᠷᠭᠠᠯ᠎ᠠ᠃        ᠭᠡᠷ ᠤᠨ ᠠᠬᠠᠮᠠᠳ ᠤᠶᠤᠨ᠎ᠠ᠄ ︽ᠮᠠᠨ ᠤ ᠬᠤᠶᠠᠷ ᠬᠡᠥᠬᠡᠳ ᠡᠨᠡ ᠠᠩᠬᠢ ᠳᠤ ᠤᠷᠤᠭᠠᠳ ᠬᠡᠳᠦᠨ ᠰᠠᠷ᠎ᠠ ᠎ ᠶᠢᠨ ᠬᠤᠭᠤᠴᠠᠭ᠎ᠠ ᠪᠤᠯᠵᠤ ᠪᠠᠶᠢᠨ᠎ᠠ᠃ ᠡᠨᠡ ᠬᠡᠳᠦᠨ ᠰᠠᠷ᠎ᠠ ᠶᠢᠨ ᠪᠤᠯᠪᠠᠰᠤᠷᠠᠯ ᠢᠶᠠᠷ ᠲᠠᠮᠵᠢᠭᠠᠳ ᠬᠡᠥᠬᠡᠳ ᠤᠯᠠᠮ ᠴᠤᠪᠤᠭᠤ ᠲᠡᠭᠵᠢᠨ ᠵᠢᠪᠬᠤᠭᠠᠯᠢᠭ ᠪᠤᠯᠵᠤ ᠪᠡᠶᠡᠨ ᠳᠤ ᠪᠠᠨ ᠤᠯᠠᠮ ᠢᠲᠡᠭᠡᠯ ᠲᠠᠢ ᠪᠤᠯᠤᠯ᠎ᠠ᠃ ᠡᠨᠡ ᠤᠳᠠᠭ᠎ᠠ ᠡᠶᠢᠮᠦ ᠶᠡᠭᠡ  ᠬᠡᠪᠴᠢᠶᠡᠨ ᠤ ᠤᠷᠤᠯᠳᠤᠭᠠᠨ ᠢ ᠵᠤᠬᠢᠶᠠᠨ ᠪᠠᠶᠢᠭᠤᠯᠵᠤ ᠬᠡᠥᠬᠡᠳ ᠤᠳ ᠲᠤ ᠲᠠᠪᠲᠠᠨ ᠪᠤᠯᠪᠠᠰᠤᠷᠠᠭᠤᠯᠬᠤ ᠲᠠᠪᠴᠠᠩ ᠬᠠᠩᠭᠠᠵᠤ ᠦᠭᠭᠦᠭᠰᠡᠨ ᠳᠤ ᠲᠤᠩ ᠪᠠᠶᠠᠷᠯᠠᠵᠤ ᠪᠠᠶᠢᠨ᠎ᠠ︾ ᠭᠡᠵᠤ ᠶᠠᠷᠢᠵᠤ ᠪᠠᠶᠢᠯ᠎ᠠ᠃        ᠡᠨᠡ ᠤᠳᠠᠭᠠᠨ ᠤ ᠮᠤᠳᠧᠯ ᠤᠨ ᠤᠷᠤᠯᠳᠤᠭᠠᠨ ᠢ ᠭᠤᠤᠯᠯᠠᠨ ᠵᠤᠬᠢᠶᠠᠨ ᠪᠠᠶᠢᠭᠤᠯᠵᠣ ᠪᠠᠶᠢᠭ᠎ᠠ ᠬᠦᠮᠦᠨ ᠤ ᠨᠢᠭᠡᠨ ᠨᠢ ᠪᠣᠯᠬᠤ ᠤᠶᠤᠨᠳᠠᠨ᠎ᠠ ᠪᠣᠯ ᠦᠪᠡᠷ ᠢᠶᠠᠨ ᠭᠠᠯᠠᠭᠤᠳᠣ ᠪᠠᠯᠭᠠᠰᠣᠨ ᠲᠡᠭᠡᠷ᠎ᠡ ︽ᠪᠤᠮᠪᠠᠷᠳᠡᠢ︾ ᠭᠡᠤᠭᠡᠳ ᠤᠨ ᠬᠤᠪᠴᠠᠰᠤᠨ ᠲᠡᠯᠭᠡᠭᠦᠷ ᠡᠵᠡᠭᠨᠡᠵᠦ ᠪᠠᠶᠢᠬᠤ ᠶᠢᠨ ᠬᠠᠮᠳᠣ ᠪᠠᠰᠠ ︽ᠴᠣᠣ ᠢ ᠰᠢᠩ︾  ᠭᠡᠤᠭᠡᠳ ᠪᠠᠭᠠᠴᠤᠳ ᠤᠨ ᠮᠣᠳᠧᠯ ᠤᠨ ᠠᠩᠭᠢ ᠶᠢ ᠡᠷᠬᠢᠯᠡᠵᠤ ᠪᠠᠶᠢᠭ᠎ᠠ ᠣᠶᠢᠯᠡᠰ ᠪᠣᠰᠬᠠᠭᠴᠢ ᠪᠣᠯᠣᠨ᠎ᠠ᠃ ᠲᠡᠷᠡ ᠭᠡᠣᠭᠡᠳ ᠪᠠᠭᠠᠴᠣᠣᠨ ᠤᠨ ᠦᠪᠡᠷ ᠤᠨ  ᠪᠡᠶ᠎ᠡ ᠳᠤ ᠪᠠᠨ ᠢᠳᠡᠬᠡᠯ ᠦᠭᠡᠢ᠂ ᠬᠦᠮᠦᠨ ᠲᠠᠢ ᠵᠣᠭᠤᠭᠳᠠᠵᠣ ᠶᠠᠷᠢᠯᠴᠠᠬᠤ ᠲᠤᠷ᠎ᠡ ᠦᠭᠡᠢ ᠪᠠᠶᠢᠬᠤ ᠵᠡᠷᠭᠡ ᠪᠣᠳᠡᠳᠡᠢ ᠪᠠᠶᠢᠳᠡᠯ ᠳᠤ ᠴᠢᠭᠯᠡᠬᠦᠯᠣᠨ ᠡᠨ᠋ᠨ ᠵᠢᠯ ᠤᠨ ᠡᠬᠢ ᠪᠠᠷ ︽ᠴᠣᠣ ᠢ ᠰᠢᠩ︾ ᠭᠡᠤᠭᠡᠳ ᠪᠠᠭᠠᠴᠤᠳ ᠤᠨ ᠮᠤᠳᠧᠯ ᠤᠨ ᠠᠩᠭᠢ ᠶᠢ ᠡᠬᠦᠰᠬᠡᠨ ᠡᠷᠬᠢᠯᠡᠵᠣ ᠪᠠᠭᠠᠴᠣᠣᠨ ᠭᠡᠣᠭᠡᠣᠨ ᠤᠨ ᠦᠪᠡᠷ ᠤᠨ ᠪᠡᠶ᠎ᠠ ᠳᠤ ᠎ ᠪᠠᠨ ᠢᠳᠡᠭᠡᠯ ᠳᠡᠬᠦᠯᠳᠡᠷ ᠪᠠᠶᠢᠬᠤ ᠶᠢ ᠵᠣᠷᠢᠭᠵᠢᠭᠤᠯᠣᠯ᠎ᠠ᠃      ᠤᠶᠢᠯᠠᠭᠠᠭᠰᠠᠨ ᠢᠶᠠᠷ᠂ ᠣᠶᠣᠨᠳᠠᠨ᠎ᠠ ᠶᠢᠨ ᠡᠷᠬᠢᠯᠡᠭᠰᠡᠨ ᠪᠤᠯᠪᠠᠰᠤᠷᠠᠯ ᠤᠨ ᠠᠩᠭᠢ ᠨᠢ 4᠎ ᠠᠴᠠ 14 ᠪᠦᠭᠦᠯᠢ ᠨᠠᠰᠤᠨ ᠤ ᠰᠤᠷᠤᠭᠴᠢ ᠶᠢ ᠡᠯᠰᠡᠨ ᠭᠠᠷᠠᠭ ᠤᠨ ᠵᠢᠷᠭᠤᠭᠠᠨ᠂ ᠭᠠᠷᠠᠭ ᠤᠨ ᠡᠳᠤᠷ ᠤᠨ ᠠᠮᠠᠷᠠᠯᠳᠡ ᠶᠢᠨ ᠴᠠᠭ ᠢᠶᠠᠷ ᠬᠢᠴᠢᠶᠡᠯᠯᠡᠭᠡ ᠬᠢᠵᠦ ᠤᠳᠣᠬᠠᠨ ᠳᠤ ᠨᠠᠶᠢᠳᠠ 80 ᠭᠠᠷᠤᠢ ᠰᠤᠷᠤᠭᠴᠢ ᠲᠠᠢ ᠪᠠᠶᠢᠵᠤ ᠭᠤᠷᠪᠠᠨ ᠲᠤᠰᠬᠠᠢ ᠮᠡᠷᠭᠡᠵᠢᠯ ᠤᠨ ᠪᠠᠭᠰᠢ ᠶᠢ ᠤᠷᠢᠵᠤ ᠡᠭᠡᠯᠵᠢᠯᠡᠭᠦᠯᠥᠨ ᠬᠢᠴᠢᠶᠡᠯᠯᠡᠭᠦᠯᠳᠡᠭ ᠪᠠᠶᠢᠨ᠎ᠠ᠃      ᠤᠶᠢᠯᠡᠰᠴᠢ ᠬᠦᠮᠦᠨ ᠢ ᠠᠮᠢᠳᠤᠷᠠᠯ ᠲᠡᠳᠭᠦᠨ᠎ᠡ ᠭᠡᠳᠡᠭ ᠢᠶᠠᠷ ᠵᠠᠯᠠᠭᠤ ᠣᠶᠢᠯᠡᠰᠴᠢ ᠣᠶᠣᠨᠳᠠᠨ᠎ᠠ ᠮᠤᠳᠧᠯ ᠣᠷᠠᠯᠢᠭ ᠤᠨ ᠭᠤᠸ᠎ᠠ ᠰᠠᠶᠢᠬᠠᠨ ᠳᠠᠭᠠᠰᠢᠶᠠᠯ ᠢ ᠭᠡᠣᠭᠡᠳ ᠪᠠᠭᠠᠴᠣᠣᠨ ᠲᠤ ᠡᠳ᠋ᠯᠡᠬᠦᠯᠬᠦ ᠪᠠᠷ ᠣᠶᠢᠯᠡᠰ ᠤᠨ ᠬᠠᠷᠭᠤᠢ ᠎ ᠪᠠᠨ ᠪᠣᠰᠬᠠᠵᠣ ᠬᠡᠣᠬᠡᠳ ᠪᠠᠭᠠᠴᠣᠣᠨ ᠤᠨ ᠣᠶᠣᠨ ᠣᠬᠠᠭᠠᠨ ᠳᠤ ᠢᠳᠡᠭᠡᠯ ᠤᠨ ᠬᠦᠴᠣᠨ ᠨᠦᠬᠦᠵᠣ ᠶᠠᠪᠣᠨ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号