ᠬᠤᠰᠢᠭᠤ ᠣᠯᠣᠰ ᠳᠦᠷᠦ ᠶᠢᠨ ᠵᠦᠪᠯᠡᠯᠬᠡᠨ ᠤ ︽  ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠣ ᠴᠡᠬᠡᠵᠢᠯᠡᠬᠦ︾ ᠭᠤᠣᠯ ᠰᠡᠳᠣᠪᠲᠣ ᠬᠦᠮᠦᠵᠢᠯ ᠤᠨ ᠠᠷᠠᠳᠴᠢᠯᠠᠯ ᠤᠨ ᠠᠮᠢᠳᠣᠷᠠᠯ ᠎ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-12-13
     12 ᠰᠠᠷ᠎ᠠ ᠶᠢᠨ 9᠎ ᠤ ᠡᠳᠦᠷ᠂ ᠬᠤᠰᠢᠭᠤ ᠣᠯᠣᠰ ᠳᠦᠷᠦ ᠶᠢᠨ ᠵᠦᠪᠯᠡᠯᠬᠡᠨ ᠤ ︽ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠣ ᠴᠡᠬᠡᠵᠢᠯᠡᠬᠦ︾ ᠭᠤᠣᠯ ᠰᠡᠳᠣᠪᠲᠣ ᠬᠦᠮᠦᠵᠢᠯ ᠤᠨ ᠠᠷᠠᠳᠴᠢᠯᠠᠯ ᠤᠨ ᠠᠮᠢᠳᠣᠷᠠᠯ ᠤᠨ ᠬᠤᠷᠠᠯ  ᠬᠤᠷᠠᠯᠳᠣᠪᠠ᠃ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠨᠠᠮ ᠎ ᠤᠨ ᠤᠳᠤᠷᠢᠳᠬᠤ ᠳᠣᠭᠤᠶᠢᠯᠠᠩ ᠤᠨ ᠱᠦᠵᠢ ᠳᠡᠷᠢᠬᠦᠯᠡᠭᠴᠢ ᠬᠤᠣ ᠸᠧᠢ᠂ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠨᠠᠮ ᠤᠨ ᠤᠳᠤᠷᠢᠳᠬᠤ ᠳᠣᠭᠤᠶᠢᠯᠠᠩ ᠤᠨ ᠳᠡᠳ᠋ ᠱᠦᠵᠢ ᠠᠯᠳᠠᠨᠳᠣᠶᠠᠭ᠎ᠠ᠂ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠯᠧᠢ · ᠬᠠᠰ᠂ ᠸᠠᠩ ᠭᠠᠩ ᠪᠤᠯᠤᠨ ᠬᠤᠰᠢᠭᠤ ᠣᠯᠣᠰ ᠳᠦᠷᠦ ᠎ ᠶᠢᠨ ᠵᠦᠪᠯᠡᠯᠬᠡᠨ ᠤ ᠨᠠᠮ ᠤᠨ ᠤᠳᠤᠷᠢᠳᠬᠤ ᠳᠣᠭᠤᠶᠢᠯᠠᠩ ᠤᠨ ᠬᠡᠰᠢᠬᠦᠳ᠂ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠪᠠᠶᠢᠭᠤᠯᠭ᠎ᠠ ᠶᠢᠨ ᠣᠳᠣᠷᠢᠳᠬᠤ ᠪᠠᠭ ᠤᠨ ᠬᠡᠰᠢᠬᠦᠳ ᠵᠢᠴᠢ ᠬᠤᠰᠢᠭᠤ ᠭᠤᠣᠯ ᠰᠡᠳᠣᠪᠲᠣ ᠬᠦᠮᠦᠵᠢᠯ ᠎ ᠤᠨ ᠳᠣᠯᠣᠳᠣᠭᠠᠷ ᠵᠢᠯᠣᠭᠤᠳᠬᠤ ᠳᠣᠭᠤᠶᠢᠯᠠᠩ ᠤᠨ ᠬᠢᠨ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠬᠤᠣ ᠸᠧᠢ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠨᠠᠮ ᠤᠨ ᠤᠳᠤᠷᠢᠳᠬᠤ ᠳᠣᠭᠤᠶᠢᠯᠠᠩ ᠤᠨ ᠣᠳᠣᠷᠢᠳᠬᠤ ᠪᠠᠭ ᠢ ᠳᠦᠯᠦᠬᠡᠯᠡᠨ ᠬᠠᠷᠢᠴᠠᠭᠤᠯᠣᠭᠰᠠᠨ ᠪᠠᠶᠢᠴᠠᠭᠠᠯᠳᠠ ᠬᠢᠵᠦ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠪᠠᠶᠢᠭᠤᠯᠭ᠎ᠠ ᠶᠢᠨ ᠣᠳᠣᠷᠢᠳᠬᠤ ᠪᠠᠭ ᠤᠨ ᠬᠠᠷᠢᠭᠤᠴᠠᠯᠭᠠᠳᠠᠨ ᠬᠠᠷᠢᠴᠠᠭᠤᠯᠣᠭᠰᠠᠨ ᠪᠠᠶᠢᠴᠠᠭᠠᠯᠳᠠ ᠬᠢᠪᠡ᠃ ᠣᠯᠣᠰ ᠳᠦᠷᠦ ᠶᠢᠨ ᠵᠦᠪᠯᠡᠯᠬᠡᠨ ᠤ ᠨᠠᠮ ᠤᠨ ᠳᠣᠭᠤᠶᠢᠯᠠᠩ ᠤᠨ ᠬᠡᠰᠢᠬᠦᠳ ᠪᠠ ᠣᠯᠣᠰ ᠳᠦᠷᠦ ᠶᠢᠨ ᠵᠦᠪᠯᠡᠯᠬᠡᠨ ᠤ ᠪᠠᠶᠢᠭᠤᠯᠭ᠎ᠠ ᠶᠢᠨ ᠣᠳᠣᠷᠢᠳᠬᠤ ᠪᠠᠭ ᠤᠨ ᠬᠡᠰᠢᠬᠦᠳ ᠳᠡᠰ ᠳᠠᠷᠠᠭᠠᠯᠠᠨ ᠬᠠᠷᠢᠴᠠᠭᠤᠯᠣᠭᠰᠠᠨ ᠪᠠᠶᠢᠴᠠᠭᠠᠯᠳᠠ ᠬᠢᠵᠦ ᠰᠢᠬᠦᠮᠵᠢᠯᠡᠯ ᠪᠠ ᠦᠪᠡᠷ ᠤᠨ ᠰᠢᠬᠦᠮᠵᠢᠯᠡᠯ ᠬᠢᠪᠡ᠃ ᠬᠤᠰᠢᠭᠤ ᠭᠤᠣᠯ ᠰᠡᠳᠣᠪᠲᠣ ᠬᠦᠮᠦᠵᠢᠯ ᠤᠨ ᠳᠣᠯᠣᠳᠣᠭᠠᠷ ᠵᠢᠯᠣᠭᠤᠳᠬᠤ ᠳᠣᠭᠤᠶᠢᠯᠠᠩ ᠠᠴᠠ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠪᠠᠶᠢᠭᠤᠯᠭ᠎ᠠ ᠶᠢᠨ ᠣᠳᠣᠷᠢᠳᠬᠤ ᠪᠠᠭ ᠤᠨ ᠬᠡᠰᠢᠬᠦᠳ ᠲᠤ ᠦᠨᠡᠯᠡᠯᠳᠡ ᠬᠢᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠭᠤᠣᠯ ᠰᠡᠳᠣᠪᠲᠣ ᠬᠦᠮᠦᠵᠢᠯ ᠤᠨ ᠱᠠᠭᠠᠷᠳᠠᠯᠭ᠎ᠠ ᠶᠣᠰᠣᠭᠠᠷ ᠳᠦᠷᠪᠡ ᠶᠢ ᠡᠷᠡᠰ ᠲᠤᠭᠤᠰᠢᠯᠠᠭᠤᠯᠬᠤ ᠶᠢ ᠦᠷᠬᠦᠯᠵᠢᠯᠡᠨ ᠠᠳᠬᠤᠵᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠶᠢ ᠬᠦᠨᠵᠡᠬᠡᠢ ᠰᠣᠷᠣᠯᠴᠠᠵᠦ ᠨᠠᠮ ᠎ ᠤᠨ ᠠᠷᠪᠠ ᠶᠢᠰᠦᠳᠦᠬᠡᠷ ᠶᠡᠭᠡ ᠬᠤᠷᠠᠯ ᠵᠢᠴᠢ ᠬᠤᠶᠠᠳᠣᠭᠠᠷ ᠪᠦᠬᠦᠳᠡ ᠬᠤᠷᠠᠯ᠂ ᠭᠤᠷᠪᠠᠳᠣᠭᠠᠷ ᠪᠦᠬᠦᠳᠡ ᠬᠤᠷᠠᠯ᠂ ᠳᠦᠷᠪᠡᠳᠦᠬᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠰᠣᠷᠣᠯᠴᠠᠵᠦ ᠨᠠᠮ ᠤᠨ ᠳᠦᠷᠢᠮ᠂ ︽ᠳᠦᠷᠢᠮ︾᠂ ︽ᠳᠣᠭᠳᠠᠭᠠᠯ︾ ᠵᠡᠷᠭᠡ ᠶᠢ ᠬᠦᠨᠵᠡᠬᠡᠢ ᠰᠣᠷᠣᠯᠴᠠᠬᠤ ᠬᠡᠷᠡᠭᠲᠡᠢ᠃ ︽ᠳᠦᠷᠪᠡᠨ ᠣᠬᠠᠮᠰᠠᠷ︾᠎ ᠢ ᠴᠢᠩᠭᠠᠳᠬᠠᠵᠦ ︽ᠳᠦᠷᠪᠡᠨ ᠢᠳᠡᠭᠡᠯ︾᠎ ᠢᠶᠠᠨ ᠪᠠᠳᠣᠳᠬᠠᠵᠦ ︽ᠬᠤᠶᠠᠷ ᠢ ᠬᠠᠮᠠᠭᠠᠯᠠᠬᠤ︾᠎ ᠶᠢ  ᠪᠠᠶᠠᠯᠠᠭᠦᠯᠤᠨ ᠣᠯᠣᠰ ᠳᠦᠷᠦ ᠶᠢᠨ ᠵᠦᠪᠯᠡᠯᠭᠡᠨ ᠤ ᠠᠵᠢᠯ ᠢ ᠰᠠᠶᠢᠨ ᠬᠢᠵᠦ ᠡᠨᠡ ᠣᠳᠠᠭᠠᠨ ᠤ ᠬᠤᠷᠠᠯ ᠳᠤ ᠳᠣᠰᠬᠠᠭᠰᠠᠨ ᠠᠰᠠᠭᠤᠳᠠᠯ ᠢ ᠣᠯᠠᠮ ᠨᠢᠬᠡ ᠠᠯᠬᠤᠮ ᠴᠡᠭᠴᠡᠯᠡᠨ ᠵᠠᠰᠠᠵᠦ ᠰᠢᠨ᠎ᠡ ᠬᠠᠭᠤᠴᠢᠨ ᠠᠰᠠᠭᠤᠳᠠᠯ ᠢ ᠵᠡᠷᠭᠡᠪᠡᠷ ᠰᠢᠢᠳᠪᠤᠷᠢᠯᠠᠵᠤ ᠣᠷᠳᠣ ᠬᠤᠭᠤᠴᠠᠭᠠᠨ ᠤ ᠲᠤᠭᠳᠠᠯᠴᠠᠭ᠎ᠠ ᠶᠢ ᠪᠥᠷᠢᠯᠳᠤᠭᠦᠯᠤᠨ ᠠᠰᠠᠭᠤᠳᠠᠯ ᠪᠦᠷᠢ ᠶᠢ ᠰᠠᠶᠢᠳᠣᠷ ᠰᠢᠢᠳᠪᠤᠷᠢᠯᠠᠭᠦ ᠶᠢ ᠪᠠᠳᠣᠯᠠᠬᠤ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号