12 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠨᠠᠮ ᠤᠨ | ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ | ᠹᠸᠢ ᠯᠦ ᠵᠢᠴᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ | ᠬᠤᠰᠢᠭᠤ ᠤᠯᠤᠰ ᠲᠥᠷᠤ ᠶᠢᠨ ᠵᠥᠪᠯᠡᠯᠭᠡᠨ ᠤ ᠲᠠᠷᠢᠭᠦᠯᠡᠭᠴᠢ ᠬᠤᠤ ᠸᠧᠶ ᠵᠢᠴᠢ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠰᠤᠯᠠ ᠤᠷᠤᠯᠴᠠᠪᠠ᠃ | | | | | | | ᠬᠤᠷᠠᠯ ᠠᠴᠠ᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ | ᠲᠣᠭᠤᠷᠢᠨ ᠪᠠᠶᠢᠴᠠᠭᠠᠯᠲᠠ ᠶᠢᠨ ᠠᠷᠪᠠᠨ ᠭᠤᠷᠪᠠᠳᠤᠭᠠᠷ ᠲᠤᠭᠤᠷᠢᠨ ᠪᠠᠶᠢᠴᠠᠭᠠᠯᠳᠠ ᠶᠢᠨ ᠲᠤᠭᠤᠶᠢᠯᠠᠩ ᠤᠨ ᠬᠠᠷᠢᠭᠤ | ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠳᠤᠮᠳᠠᠳᠤ ᠤᠯᠤᠰ ᠤᠨ ᠡᠪ ᠬᠠᠮᠲᠤ | ᠨᠠᠮ ᠤᠨ ᠥᠥᠰᠢᠨ ᠬᠤᠰᠢᠭᠤᠨ ᠤ ᠬᠤᠷᠢᠶ᠎ᠠ ᠶᠢᠨ ᠮᠡᠳᠡᠭᠦᠯᠦᠯᠲᠡ︾᠂ ︽ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ | ᠰᠠᠶᠢᠵᠢᠷᠠᠭᠤᠯᠤᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠭᠤᠤᠯᠳᠠᠯᠭ᠎ᠠ ᠲᠠᠢ ᠠᠰᠠᠭᠤᠳᠠᠯ ᠤᠨ | ᠴᠡᠭᠴᠡᠯᠡᠨ ᠰᠠᠶᠢᠵᠢᠷᠠᠭᠤᠯᠤᠯᠳᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠳᠤᠮᠳᠠᠳᠤ ᠤᠯᠤᠰ ᠤᠨ ᠡᠪ | ᠬᠠᠮᠲᠤ ᠨᠠᠮ ᠤᠨ ᠥᠥᠰᠢᠨ ᠬᠤᠰᠢᠭᠤᠨ ᠤ ᠬᠤᠷᠢᠶ᠎ᠠ ᠶᠢᠨ ᠮᠡᠳᠡᠭᠦᠯᠥᠯᠳᠠ︾᠂ ︽ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠲᠤᠭᠤᠷᠢᠨ ᠪᠠᠶᠢᠴᠠᠭᠠᠯᠳᠠ ᠶᠢᠨ ᠲᠤᠭᠤᠶᠢᠯᠠᠩ ᠤᠨ ᠬᠠᠷᠢᠭᠤ | ᠲᠤᠰᠬᠠᠭᠰᠠᠨ ᠰᠠᠨᠠᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠳᠤᠮᠳᠠᠳᠤ ᠤᠯᠤᠰ | ᠤᠨ ᠡᠪ ᠬᠠᠮᠲᠤ ᠨᠠᠮ ᠤᠨ ᠥᠥᠰᠢᠨ ᠬᠤᠰᠢᠭᠤᠨ ᠤ ᠬᠤᠷᠢᠶ᠎ᠠ ᠶᠢᠨ ᠱᠦᠵᠢ ᠶᠢᠨ ᠮᠡᠳᠡᠭᠦᠯᠦᠯᠲᠡ︾ ᠪᠠ 2019 | ᠣᠨ ᠤ ᠬᠤᠰᠢᠭᠤᠨ ᠠᠴᠠ ᠰᠤᠮᠤ ᠪᠠᠯᠭᠠᠰᠤᠨ ᠤ ᠪᠣᠳᠠᠲᠤ ᠥᠷ᠎ᠠ ᠪᠥᠳᠥᠮᠵᠢ ᠶᠢ ᠬᠢᠨᠠᠨ ᠰᠢᠯᠭᠠᠬᠤ ᠭᠥᠢᠴᠡᠳᠭᠡᠯ | ᠲᠤᠭ᠎ᠠ᠂ 2019 ᠣᠨ ᠤ ᠬᠤᠰᠢᠭᠤᠨ ᠠᠴᠠ ᠰᠠᠯᠠᠭ᠎ᠠ ᠮᠥᠴᠢᠷ ᠤᠨ ᠪᠣᠳᠠᠲᠤ ᠥᠷ᠎ᠠ ᠪᠥᠳᠥᠮᠵᠢ ᠶᠢ ᠬᠢᠨᠠᠨ | ᠰᠢᠯᠭᠠᠬᠤ ᠭᠥᠢᠴᠡᠳᠭᠡᠯ ᠲᠤᠭ᠎ᠠ ᠪᠤᠯᠤᠨ 2019 ᠣᠨ ᠤ ᠬᠤᠰᠢᠭᠤᠨ ᠠᠴᠠ ᠰᠤᠮᠤ ᠪᠠᠯᠭᠠᠰᠤ ᠪᠠ ᠰᠠᠯᠠᠭ᠎ᠠ | ᠮᠥᠴᠢᠷ ᠤᠨ ᠪᠣᠳᠠᠲᠤ ᠥᠷ᠎ᠠ ᠪᠥᠳᠥᠮᠵᠢ ᠶᠢ ᠬᠢᠨᠠᠨ ᠰᠢᠯᠭᠠᠬᠤ ᠪᠠᠶᠢᠭᠤᠯᠭ᠎ᠠ ᠨᠢᠭᠡᠴᠢ ᠶᠢᠨ ᠨᠡᠷᠡᠰ ᠢ ᠬᠢᠨᠠᠨ | ᠵᠥᠪᠯᠡᠪᠡ᠃ | ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠨ ᠭᠤᠷᠪᠠᠳᠤᠭᠠᠷ ᠲᠤᠭᠤᠷᠢᠨ ᠪᠠᠶᠢᠴᠠᠭᠠᠯᠳᠠ ᠶᠢᠨ ᠲᠤᠭᠤᠶᠢᠯᠠᠩ ᠬᠠᠷᠢᠭᠤ ᠲᠤᠰᠬᠠᠭᠰᠠᠨ ᠠᠴᠠ ᠨᠠᠰᠢ ᠪᠥᠬᠦ | ᠬᠤᠰᠢᠭᠤᠨ ᠤ ᠡᠯ᠎ᠡ ᠬᠠᠮᠢᠶ᠎ᠠ ᠪᠦᠬᠦᠢ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠤ ᠤᠳᠤᠷᠢᠳᠤᠯᠭ᠎ᠠ᠂ | ᠬᠠᠷᠢᠭᠤᠴᠠᠯᠭᠠᠲᠤ ᠨᠢᠭᠡᠴᠢ ᠶᠡᠭᠡ ᠬᠡᠮᠵᠢᠶᠡᠨ ᠤ ᠠᠵᠢᠯ ᠢ ᠭᠢᠵᠤ ᠲᠣᠭᠤᠷᠢᠨ ᠪᠠᠶᠢᠴᠠᠭᠠᠯᠲᠠ ᠳᠤ ᠬᠠᠷᠢᠭᠤ | ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠱᠠᠲᠤᠴᠢ ᠴᠢᠨᠠᠷᠲᠠᠶ ᠦᠷ᠎ᠡ ᠪᠦᠲᠦᠮᠵᠢ ᠤᠯᠤᠭᠰᠠᠨ | ᠪᠠᠶᠢᠨ᠎ᠠ ᠭᠡᠵᠠᠢ᠃ ᠲᠡᠷᠡ ᠴᠢᠬᠤᠯᠠᠴᠢᠯᠠᠭᠰᠠᠨ ᠨᠢ᠂ ᠬᠤᠶᠢᠰᠢᠳᠠ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠬᠤᠯᠠ | ᠶᠡᠭᠡ ᠤᠯᠤᠰ ᠲᠥᠷᠥ ᠶᠢᠨ ᠡᠭᠦᠷᠭᠡ ᠪᠠᠨ ᠪᠤᠯᠭᠠᠵᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ | ᠳᠠᠭᠠᠭᠤᠯᠤᠨ ᠬᠤᠪᠢᠶᠠᠷᠢᠯᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠠᠵᠢᠯ ᠤᠨ ᠡᠷᠴᠢᠮ ᠢᠶᠠᠨ ᠴᠢᠩᠭᠠᠷᠠᠭᠤᠯᠵᠤ | ᠠᠬᠢᠴᠠ ᠲᠠᠢ ᠠᠷᠭ᠎ᠠ ᠬᠡᠮᠵᠢᠶ᠎ᠡ ᠲᠠᠢ ᠪᠠᠶᠢᠬᠤ ᠶᠢ ᠪᠠᠳᠤᠯᠠᠨ ᠲᠣᠭᠤᠷᠢᠨ ᠪᠠᠶᠢᠴᠠᠭᠠᠯᠲᠠ ᠳᠤ ᠲᠤᠰᠬᠠᠭᠰᠠᠨ ᠰᠠᠨᠠᠯ ᠢ | ᠴᠡᠭᠴᠡᠯᠡᠨ ᠰᠠᠶᠢᠵᠢᠷᠠᠭᠤᠯᠤᠭᠰᠠᠨ ᠰᠢᠨ᠎ᠡ ᠦᠷ᠎ᠡ ᠪᠦᠲᠦᠮᠵᠢ ᠭᠠᠷᠭᠠᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ | ᠭᠡᠵᠡᠶ ᠭᠡᠵᠡᠢ᠃ | ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠪᠣᠳᠠᠲᠤ ᠥᠷ᠎ᠠ ᠪᠥᠳᠥᠮᠵᠢ ᠶᠢ ᠬᠢᠨᠠᠨ ᠰᠢᠯᠭᠠᠬᠤ ᠪᠣᠯ ᠠᠵᠢᠯ | ᠬᠢᠵᠦ ᠥᠢᠯᠡᠰ ᠪᠣᠰᠬᠠᠬᠤ ᠶᠢ ᠬᠡᠮᠵᠢᠬᠦ ᠴᠢᠬᠤᠯᠠ ᠠᠷᠭ᠎ᠠ ᠪᠠᠷᠢᠯ ᠮᠥᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠲᠡᠭᠡᠭᠰᠢᠯᠠᠭᠦᠯᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ | ᠠᠬᠢᠭᠤᠯᠵᠤ ᠬᠢᠨᠠᠨ ᠰᠢᠯᠭᠠᠬᠤ ᠪᠠᠷ ᠬᠥᠭᠵᠢᠯᠲᠡ ᠶᠢ ᠠᠭᠢᠭᠤᠯᠤᠨ ᠠᠵᠤ ᠠᠬᠤᠶ ᠨᠡᠶᠢᠬᠡᠮ ᠤᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠶ᠃ ᠬᠢᠨᠠᠨ ᠰᠢᠯᠭᠠᠬᠤ ᠬᠠᠨᠳᠤᠯᠭᠠᠲᠤ ᠴᠢᠨᠠᠷ | ᠢ ᠴᠢᠩᠭᠠᠳᠬᠠᠨ ᠶᠠᠰᠤ ᠴᠢᠨᠠᠷ ᠢ ᠲᠡᠭᠡᠭᠰᠢᠯᠠᠭᠦᠯᠵᠤ ᠭᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ | ᠴᠢᠩᠭᠠᠳᠬᠠᠨ ᠡᠯ᠎ᠡ ᠲᠥᠷᠤᠯ ᠤᠨ ᠠᠵᠢᠯ ᠤᠨ ᠲᠣᠭᠲᠠᠭᠤᠨ ᠡᠮᠬᠢ ᠵᠢᠷᠤᠮ ᠲᠠᠢ ᠠᠬᠢᠬᠤ ᠶᠢ ᠪᠠᠲᠤᠯᠠᠬᠤ ᠬᠡᠷᠡᠭᠲᠡᠶ | ᠭᠡᠵᠡᠢ᠃ | ᠡᠷᠳᠡᠨᠢᠪᠢᠯᠢᠭ ᠱᠠᠭᠠᠷᠳᠠᠬᠤ ᠳᠤ ᠪᠠᠨ᠂ ᠵᠢᠯ ᠤᠨ ᠡᠬᠢᠨ ᠤ ᠬᠠᠷᠠᠯᠲᠠ ᠡᠭᠦᠷᠭᠡ ᠲᠠᠢ ᠬᠠᠷᠢᠴᠠᠭᠤᠯᠵᠤ | ᠳᠤᠲᠠᠭᠤᠳᠠᠯ ᠢ ᠪᠠᠶᠢᠴᠠᠭᠠᠨ ᠨᠥᠬᠦᠪᠥᠷᠢᠯᠡᠵᠦ ᠪᠦᠬᠦ ᠵᠢᠯ ᠤᠨ ᠡᠯ᠎ᠡ ᠲᠥᠷᠤᠯ ᠤᠨ ᠬᠠᠷᠠᠯᠲᠠ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠬᠦ ᠬᠡᠷᠡᠭᠲᠡᠶ᠃ ᠬᠤᠲᠠ ᠠᠴᠠ ᠬᠤᠰᠢᠭᠤᠨ ᠤ ︽ᠲᠠᠪᠤ ᠶᠢ ᠨᠢᠭᠡ ᠴᠣᠭᠴᠠᠴᠢᠯᠠᠭᠤᠯᠬᠤ︾ | ᠶᠡᠷᠦᠩᠬᠡᠢ ᠪᠠᠶᠢᠷᠢᠰᠢᠭᠤᠯᠤᠯᠲᠠ ᠬᠢᠨᠠᠨ ᠰᠢᠯᠭᠠᠯᠳᠠ ᠰᠢᠯᠭᠠᠨ ᠬᠤᠷᠢᠶᠠᠯᠳᠠ ᠶᠢ ᠤᠭᠳᠤᠬᠤ ᠪᠡᠯᠡᠳᠬᠡᠯ ᠠᠵᠢᠯ ᠢ | ᠭᠤᠤᠯᠳᠠᠯᠭ᠎ᠠ ᠲᠠᠢ ᠬᠢᠵᠦ ᠡᠯ᠎ᠡ ᠲᠥᠷᠤᠯ ᠤᠨ ᠬᠢᠨᠠᠨ ᠰᠢᠯᠭᠠᠬᠤ ᠡᠭᠦᠷᠭᠡ ᠶᠢ ᠬᠠᠨᠳᠤᠯᠭᠠᠲᠤ ᠴᠢᠨᠠᠷᠲᠠᠶ ᠪᠠᠷ | ᠪᠡᠶᠡᠯᠡᠭᠦᠯᠬᠦ ᠬᠡᠷᠡᠭᠲᠡᠶ᠃ ᠡᠯ᠎ᠡ ᠡᠭᠦᠷᠭᠡ ᠡᠭᠦᠷᠭᠡᠯᠡᠭᠰᠡᠨ ᠰᠠᠯᠠᠭ᠎ᠠ ᠮᠥᠴᠢᠷ ᠤᠳ ᠬᠤᠲᠠ ᠶᠢᠨ ᠭᠢᠨᠠᠨ ᠰᠢᠯᠭᠠᠬᠤ | ᠨᠢᠭᠡᠴᠢ᠂ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠪᠠᠨ ᠴᠢᠩᠭᠠᠳᠬᠠᠨ ᠲᠡᠭᠡᠳᠤ ᠱᠠᠲᠤᠨ ᠤ ᠰᠠᠯᠠᠭ᠎ᠠ | ᠮᠥᠴᠢᠷ ᠲᠤ ᠰᠠᠨᠠᠭᠠᠴᠢᠯᠠᠭ᠎ᠠ ᠠᠴᠠ ᠪᠠᠨ ᠠᠵᠢᠯ ᠢᠶᠠᠨ ᠬᠠᠷᠢᠭᠤ ᠮᠡᠳᠡᠭᠦᠯᠵᠦ ᠭᠢᠨᠠᠨ ᠰᠢᠯᠭᠠᠬᠤ ᠬᠠᠷᠠᠯᠲᠠ ᠪᠣᠯᠤᠨ | ᠠᠵᠢᠯ ᠤᠨ ᠭᠤᠤᠯᠳᠠᠯᠭ᠎ᠠ ᠪᠠᠨ ᠲᠣᠳᠣᠷᠬᠠᠶᠢᠯᠠᠨ ᠡᠯ᠎ᠡ ᠲᠥᠷᠤᠯ ᠤᠨ ᠭᠢᠨᠠᠨ ᠰᠢᠯᠭᠠᠬᠤ ᠬᠠᠷᠠᠯᠲᠠ ᠡᠭᠦᠷᠭᠡ ᠪᠠᠨ | ᠠᠮᠵᠢᠯᠳᠠ ᠲᠠᠢ ᠪᠡᠶᠡᠯᠡᠭᠦᠯᠬᠦ ᠬᠡᠷᠡᠭᠲᠡᠶ᠃ ᠢᠷᠡᠬᠦ ᠵᠢᠯ ᠤᠨ ᠠᠵᠤ ᠠᠬᠤᠶ ᠨᠡᠶᠢᠬᠡᠮ ᠤᠨ ᠬᠥᠭᠵᠢᠯᠲᠡ ᠶᠢᠨ ᠡᠯ᠎ᠡ | ᠲᠥᠷᠤᠯ ᠤᠨ ᠠᠵᠢᠯ ᠢ ᠤᠷᠢᠳᠴᠢᠯᠠᠨ ᠲᠥᠯᠥᠪᠵᠢᠭᠦᠯᠵᠦ ᠢᠷᠡᠬᠦ ᠵᠢᠯ ᠤᠨ ᠠᠵᠢᠯ ᠢᠶᠠᠨ ᠰᠠᠶᠢᠲᠤᠷ ᠡᠭᠢᠯᠠᠭᠦᠯᠭᠦ ᠶᠢ | ᠪᠠᠲᠤᠯᠠᠬᠤ ᠬᠡᠷᠡᠭᠲᠡᠶ ᠭᠡᠵᠡᠢ᠃ |