12 ᠰᠠᠷ᠎ᠠ ᠶᠢᠨ 9 ᠤ ᠡᠳᠦᠷ᠂ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2019 ᠣᠨ ᠤ ᠳᠥᠷᠪᠡᠳᠦᠭᠡᠷ ᠤᠳᠠᠭᠠᠨ ᠤ ᠬᠤᠷᠠᠯ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ | ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠤ ᠪᠤᠯᠤᠨ ᠬᠤᠰᠢᠭᠤ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤ ᠶᠠᠳᠠᠭᠤ ᠶᠢ ᠲᠡᠳᠬᠦᠬᠦ ᠠᠯᠪᠠᠨ ᠭᠡᠷ᠂ ᠤᠰᠤᠨ | ᠠᠰᠢᠭᠯᠠᠯᠲᠠ ᠶᠢᠨ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠤᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠥᠥᠰᠢᠨ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ | ᠠᠵᠢᠯ ᠤᠨ ︽ᠡᠷᠭᠢᠨ ᠬᠠᠷᠠᠬᠤ︾ ᠪᠠᠶᠢᠴᠠᠭᠠᠯᠲᠠ ᠶᠢᠨ ᠳᠤᠭᠤᠶᠢᠯᠠᠩ ᠨᠢ ᠮᠠᠨ ᠤ ᠬᠤᠰᠢᠭᠤᠨ ᠤ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ︽ᠡᠷᠭᠢᠨ ᠬᠠᠷᠠᠬᠤ︾ ᠪᠠᠶᠢᠴᠠᠭᠠᠯᠲᠠ ᠶᠢᠨ ᠠᠵᠢᠯ ᠢ | ᠥᠷᠨᠢᠭᠦᠯᠦᠭᠰᠡᠨ ᠪᠠᠶᠢᠳᠠᠯ ᠤᠨ ᠲᠤᠬᠠᠶ ᠨᠠᠷᠢᠨ ᠲᠣᠳᠣᠷᠬᠠᠶ ᠬᠠᠷᠢᠭᠤ ᠮᠡᠳᠡᠭᠦᠯᠦᠯᠲᠡ ᠬᠢᠪᠡ᠃ | ᠰᠤᠷᠭᠠᠯᠲᠤ ᠴᠢᠬᠤᠯᠠᠴᠢᠯᠠᠬᠤ ᠳᠠᠭᠠᠨ᠂ ᠤᠯᠤᠰ ᠲᠥᠷᠥ ᠶᠢᠨ ᠵᠤᠭᠰᠤᠴᠠ ᠪᠠᠨ ᠳᠡᠭᠡᠭᠰᠢᠯᠡᠭᠦᠯᠵᠦ | ᠪᠠᠶᠢᠴᠠᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠪᠣᠳᠠᠲᠠᠶ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠣᠶᠢᠷ᠎ᠠ ᠶᠢᠨ ᠬᠤᠭᠤᠴᠠᠭᠠᠨ | ᠤ ᠭᠤᠤᠯᠳᠠᠯᠭ᠎ᠠ ᠲᠠᠢ ᠠᠵᠢᠯ ᠢ ᠴᠢᠩᠭ᠎ᠠ ᠠᠳᠬᠤᠨ ︽ᠡᠷᠭᠢᠨ ᠬᠠᠷᠠᠬᠤ︾ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠬᠦ ᠬᠡᠷᠡᠭᠲᠡᠢ᠃ ︽ᠡᠷᠭᠢᠨ ᠬᠠᠷᠠᠬᠤ︾ ᠠᠵᠢᠯ ᠢ ᠥᠷᠨᠢᠭᠦᠯᠬᠦ ᠪᠣᠯ ᠲᠥᠪ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ᠂ ᠣᠳᠣᠬᠠᠨ ᠤ ᠣᠷᠣᠰᠢᠵᠤ ᠪᠠᠶᠢᠭ᠎ᠠ | ᠲᠤᠪᠤᠶᠢᠮ᠎ᠠ ᠠᠰᠠᠭᠤᠳᠠᠯ ᠢ ᠰᠢᠶᠳᠪᠦᠷᠢᠯᠡᠬᠦ ᠬᠦᠴᠦᠲᠡᠶ ᠭᠠᠷᠳᠠᠴᠠ ᠮᠥᠨ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠡᠯ᠎ᠡ ᠵᠦᠶᠯ ᠤᠨ ᠠᠵᠢᠯ ᠢ ᠪᠦᠬᠦ ᠲᠠᠯ᠎ᠠ ᠪᠠᠷ ᠪᠠᠶᠢᠴᠠᠭᠠᠵᠤ ᠰᠢᠰᠲ᠋ᠧᠮ ᠲᠠᠢ ᠡᠮᠬᠢᠯᠡᠬᠦ | ᠬᠡᠷᠡᠭᠲᠡᠶ᠃ ᠣᠨᠴᠠᠭᠠᠶᠢᠯᠠᠨ ︽ᠭᠤᠷᠪᠠ ᠶᠢ ᠨᠠᠶᠢᠳᠠᠪᠤᠷᠢᠵᠢᠭᠤᠯᠬᠤ︾᠂ ︽ᠭᠤᠷᠪᠠᠨ ᠣᠨᠣᠪᠴᠢᠲᠠᠢ︾ ᠵᠡᠷᠭᠡ ᠲᠠᠯ᠎ᠠ | ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠭᠦᠢᠴᠡᠳᠬᠡᠬᠦ ᠬᠡᠷᠡᠭᠲᠡᠢ᠃ ᠡᠨᠡᠬᠦ ᠲᠣᠬᠢᠶᠠᠯ ᠢ ᠪᠠᠷᠢᠮᠲᠠᠯᠠᠨ ᠪᠠᠶᠢᠳᠠᠯ ᠢ | ᠣᠶᠢᠯᠠᠭᠠᠵᠤ ᠳᠤᠲᠠᠭᠤᠳᠠᠯ ᠢᠶᠠᠨ ᠨᠥᠬᠦᠪᠦᠷᠢᠯᠡᠨ ᠠᠰᠠᠭᠤᠳᠠᠯ ᠢ ᠰᠢᠶᠳᠪᠦᠷᠢᠯᠡᠵᠦ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ᠃ | ᠬᠤᠷᠠᠯ ᠤᠨ ᠳᠠᠷᠠᠭ᠎ᠠ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠳᠠᠷᠤᠶ ᠲᠦᠷᠭᠡᠨ ᠬᠥᠳᠡᠯᠦᠯᠴᠡᠵᠦ ︽ᠲᠠᠪᠤ | ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢᠨ ᠬᠢᠨᠠᠨ ᠰᠢᠯᠭᠠᠬᠤ ᠨᠠᠷᠢᠨ ᠳᠦᠷᠢᠮ ᠲᠠᠢ | ᠬᠢᠨᠠᠮᠠᠭᠠᠶ ᠬᠠᠷᠢᠴᠠᠭᠤᠯᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ︽ᠡᠷᠭᠢᠵᠦ ᠬᠠᠷᠠᠬᠤ︾ ᠠᠵᠢᠯ ᠢ ᠰᠠᠶᠢᠲᠤᠷ ᠥᠷᠨᠢᠭᠦᠯᠵᠦ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠰᠢᠨ᠎ᠡ ᠳᠡᠭᠲᠡᠷ ᠰᠢᠨ᠎ᠡ ᠲᠦᠪᠰᠢᠨ ᠳᠤ ᠬᠦᠷᠭᠡᠬᠦ | ᠶᠢ ᠠᠬᠢᠭᠤᠯᠬᠤ ᠬᠡᠷᠡᠭᠲᠡᠶ ᠭᠡᠵᠡᠢ᠃ |