ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠳ ᠤᠨ ᠤᠳᠤᠷᠢᠳᠬᠤ ᠪᠠᠭ ᠤᠨ ︽ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠳᠣᠰᠬᠠᠢ ᠰᠡᠳᠣᠪᠲᠣ ᠠᠷᠠᠳᠴᠢᠯᠠᠯ ᠤᠨ ᠠᠮᠢᠳᠣᠷᠠᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019-12-13
     ᠬᠤᠳᠠ ᠶᠢᠨ ᠨᠠᠮ ᠤᠨ ᠬᠤᠷᠢᠶᠠᠨ ᠤ ︽ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠳᠣᠰᠬᠠᠢ ᠰᠡᠳᠣᠪᠲᠣ ᠬᠦᠮᠦᠵᠢᠯ ᠤᠨ ᠨᠢᠬᠡᠳᠦᠯᠳᠡᠢ ᠪᠠᠶᠢᠷᠢᠯᠠᠭᠤᠯᠣᠯᠲᠠ ᠪᠠᠷ 12 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠳ ᠤᠨ ᠤᠳᠤᠷᠢᠳᠬᠤ ᠪᠠᠭ ᠤᠨ ︽ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠳᠣᠰᠬᠠᠢ ᠰᠡᠳᠣᠪᠲᠣ ᠠᠷᠠᠳᠴᠢᠯᠠᠯ ᠤᠨ ᠠᠮᠢᠳᠣᠷᠠᠯ ᠤᠨ ᠬᠤᠷᠠᠯ   ᠢ ᠬᠤᠷᠠᠯᠳᠤᠭᠤᠯᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭᠠᠨ ᠤ ᠭᠤᠣᠯ ᠱᠣᠭᠤᠮ ᠲᠠᠢ ᠨᠢᠭᠲᠠ ᠤᠶᠠᠯᠳᠤᠭᠤᠯᠵᠤ ︽ᠳᠦᠷᠪᠡ ᠲᠠᠢ ᠬᠠᠷᠢᠴᠠᠭᠤᠯᠬᠤ︾ ︽ᠳᠦᠷᠪᠡ ᠶᠢ ᠡᠷᠢᠬᠦ︾ ᠱᠠᠭᠠᠷᠳᠠᠯᠭ᠎ᠠ ᠶᠣᠰᠣᠭᠠᠷ ᠨᠠᠷᠢᠨ ᠬᠢᠨᠠᠮᠠᠭᠠᠢ ᠪᠠᠶᠢᠴᠠᠭᠠᠯᠳᠠ ᠵᠠᠳᠠᠯᠤᠯᠳᠠ ᠬᠢᠨ ᠰᠢᠬᠦᠮᠵᠢᠯᠡᠯ ᠪᠠ ᠦᠪᠡᠷ ᠤᠨ ᠰᠢᠬᠦᠮᠵᠢᠯᠡᠯ ᠥᠷᠨᠢᠭᠦᠯᠵᠤ ᠴᠢᠷᠮᠠᠶᠢᠬᠤ ᠴᠢᠭᠯᠡᠯ ᠪᠠ ᠴᠡᠭᠴᠡᠯᠡᠬᠦ ᠠᠷᠭ᠎ᠠ ᠪᠠᠷᠢᠯ ᠢᠶᠠᠨ ᠳᠣᠳᠣᠳᠬᠠᠭᠰᠠᠨ ᠪᠠᠶᠢᠨ᠎ᠠ᠃
     ᠬᠤᠳᠠ ᠶᠢᠨ ᠨᠠᠮ ᠤᠨ ᠬᠤᠷᠢᠶᠠᠨ ᠤ ᠳᠣᠭᠤᠷᠢᠨ ᠪᠠᠶᠢᠴᠠᠭᠠᠵᠦ ᠵᠢᠯᠣᠭᠤᠳᠬᠤ ᠬᠤᠶᠠᠳᠣᠭᠠᠷ ᠳᠣᠭᠤᠶᠢᠯᠠᠩ  ᠤᠨ ᠳᠠᠷᠤᠭ᠎ᠠ  ᠬᠤᠳᠠ ᠶᠢᠨ ᠣᠯᠣᠰ ᠳᠦᠷᠦ ᠶᠢᠨ ᠵᠦᠪᠯᠡᠯᠬᠡᠨ ᠤ ᠰᠣᠶᠣᠯ ᠳᠡᠣᠬᠡ ᠶᠢᠨ ᠵᠦᠪᠯᠡᠯ ᠤᠨ ᠡᠷᠬᠢᠯᠡᠭᠴᠢ ᠬᠤᠸᠠᠨ ᠵᠢᠶᠠᠨ ᠵᠢᠶᠦ᠋ᠨ  ᠂  ᠬᠤᠳᠠ ᠶᠢᠨ ᠨᠠᠮ ᠤᠨ ᠬᠤᠷᠢᠶᠠᠨ ᠤ ᠳᠣᠭᠤᠷᠢᠨ ᠪᠠᠶᠢᠴᠠᠭᠠᠵᠦ ᠵᠢᠯᠣᠭᠤᠳᠬᠤ ᠬᠤᠶᠠᠳᠣᠭᠠᠷ ᠳᠣᠭᠤᠶᠢᠯᠠᠩ ᠤᠨ ᠳᠡᠳ᠋ ᠳᠠᠷᠤᠭ᠎ᠠ ᠬᠤᠳᠠ ᠶᠢᠨ ᠨᠠᠮ ᠤᠨ ᠬᠤᠷᠢᠶᠠᠨ ᠤ ᠳᠦᠷᠦ ᠶᠢᠨ ᠪᠣᠳᠣᠯᠭ᠎ᠠ ᠶᠢ ᠰᠣᠳᠣᠯᠬᠤ ᠠᠯᠪᠠᠨ ᠬᠡᠷ ᠤᠨ ᠳᠡᠳ᠋ ᠡᠷᠬᠢᠯᠡᠭᠴᠢ ᠶᠠᠩ ᠶᠦᠨ ᠨᠠᠷ ᠬᠤᠷᠠᠯ ᠳᠤ ᠣᠷᠣᠯᠴᠠᠵᠦ ᠵᠢᠯᠣᠭᠤᠳᠣᠯᠭ᠎ᠠ ᠬᠢᠪᠡ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠣ᠋ ᠵᠢᠴᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠡᠯ᠎ᠡ ᠬᠡᠰᠢᠬᠦᠳ ᠬᠤᠷᠠᠯ ᠳᠤ ᠣᠷᠣᠯᠴᠠᠵᠦ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠡᠷᠬᠢᠯᠡᠭᠴᠢ ᠪᠣᠶᠠᠨᠮᠠᠨᠳᠣᠬᠤ᠂ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠳᠡᠷᠢᠬᠦᠯᠡᠭᠴᠢ ᠬᠤᠣ ᠸᠧᠢ ᠬᠤᠷᠠᠯ ᠳᠤ ᠰᠣᠯᠠ ᠣᠷᠣᠯᠴᠠᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠣᠰ ᠣᠳᠠᠭᠠᠨ ᠤ ᠬᠤᠷᠠᠯ ᠢ ᠳᠦᠢᠯ ᠢᠶᠠᠷ ᠴᠢᠬᠤᠯᠠᠴᠢᠯᠠᠵᠦ  ᠰᠠᠶᠢᠲᠤᠷ ᠪᠡᠯᠡᠳᠬᠡᠨ ᠳᠣᠰ ᠣᠳᠠᠭᠠᠨ ᠤ ᠬᠤᠷᠠᠯ ᠢ ᠬᠤᠷᠠᠯᠳᠣᠭᠤᠯᠬᠤ ᠳᠤ ᠪᠠᠳᠣ ᠪᠠᠬᠢ ᠰᠠᠭᠤᠷᠢ ᠳᠠᠯᠪᠢᠭᠰᠠᠨ ᠪᠠᠶᠢᠨ᠎ᠠ᠃      ᠬᠤᠷᠠᠯ ᠳᠡᠭᠡᠷ᠎ᠡ᠂ ᠡᠷᠳᠡᠨᠢᠪᠢᠯᠢᠭ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ 2018 ᠣᠨ ᠤ ᠠᠷᠠᠳᠴᠢᠯᠠᠯ ᠤᠨ ᠠᠮᠢᠳᠣᠷᠠᠯ ᠤᠨ ᠬᠤᠷᠠᠯ ᠲᠡᠭᠡᠷ᠎ᠡ ᠲᠤᠷᠠᠳᠤᠭᠰᠠᠨ ᠠᠰᠠᠭᠤᠳᠠᠯ ᠢ ᠴᠡᠭᠴᠡᠯᠡᠨ ᠵᠠᠰᠠᠵᠦ ᠨᠠᠶᠢᠳᠠᠪᠣᠷᠢᠵᠢᠭᠤᠯᠣᠭᠰᠠᠨ ᠪᠠᠶᠢᠳᠠᠯ ᠪᠠ ᠳᠣᠰᠬᠠᠢ ᠰᠡᠳᠣᠪᠲᠣ ᠠᠷᠠᠳᠴᠢᠯᠠᠯ ᠤᠨ ᠠᠮᠢᠳᠣᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠤᠨ ᠳᠣᠬᠠᠢ ᠨᠡᠶᠢᠳᠡᠯᠡᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠤᠨ ᠣᠳᠣᠷᠢᠳᠬᠤ ᠪᠠᠭ ᠢ ᠳᠦᠯᠦᠬᠡᠯᠡᠨ ᠪᠠᠶᠢᠴᠠᠭᠠᠯᠳᠠ  ᠵᠠᠳᠠᠯᠤᠯᠳᠠ ᠬᠢᠬᠦ ᠶᠢᠨ ᠬᠠᠮᠲᠣ ᠲᠥᠷᠤᠭᠦᠯᠠᠨ ᠬᠤᠪᠢ ᠭᠥᠮᠤᠨ  ᠤ ᠪᠠᠶᠢᠴᠠᠭᠠᠯᠲᠠ ᠵᠠᠳᠠᠯᠤᠯᠳᠠ ᠬᠢᠪᠡ᠃ ᠵᠣᠣ ᠹᠧᠢ ᠯᠣ᠋ ᠪᠠ ᠪᠣᠰᠣᠳ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠬᠡᠰᠢᠬᠦᠳ ᠳᠡᠰ ᠳᠠᠷᠠᠭᠠᠯᠠᠨ ᠬᠤᠪᠢ ᠭᠥᠮᠤᠨ ᠤ ᠪᠠᠶᠢᠴᠠᠭᠠᠯᠲᠠ ᠵᠠᠳᠠᠯᠤᠯᠳᠠ ᠬᠢᠵᠦ᠂ ᠰᠢᠬᠦᠮᠵᠢᠯᠡᠯ ᠪᠠ ᠦᠪᠡᠷ  ᠤᠨ ᠰᠢᠬᠦᠮᠵᠢᠯᠡᠯ ᠥᠷᠨᠢᠭᠦᠯᠥᠭᠰᠠᠨ ᠪᠠᠶᠢᠨ᠎ᠠ᠃      ᠬᠤᠸᠠᠨ ᠵᠢᠶᠠᠨ ᠵᠢᠶᠦ᠋ᠨ ᠮᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠳ ᠤᠨ ᠤᠳᠤᠷᠢᠳᠬᠤ ᠪᠠᠭ ᠤᠨ ︽ ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠳᠣᠰᠬᠠᠢ ᠰᠡᠳᠣᠪᠲᠣ ᠠᠷᠠᠳᠴᠢᠯᠠᠯ ᠤᠨ ᠠᠮᠢᠳᠣᠷᠠᠯ ᠤᠨ ᠬᠤᠷᠠᠯ ᠳᠤ ᠦᠨᠳᠦᠷ ᠦᠨᠡᠯᠡᠯᠳᠡ ᠦᠭᠬᠦ ᠶᠢᠨ ᠬᠠᠮᠲᠣ ᠴᠢᠬᠤᠯᠠᠴᠢᠯᠠᠬᠤ ᠳᠠᠭᠠᠨ᠂  ᠦᠷᠬᠦᠯᠵᠢᠯᠡᠨ ᠤᠶᠤᠨ ᠤᠬᠠᠭᠠᠨ ᠢᠶᠠᠨ ᠵᠡᠪᠰᠡᠭᠯᠡᠵᠦ ᠦᠵᠡᠯ ᠰᠠᠨᠠᠭᠠᠨ ᠤ ᠰᠠᠭᠤᠷᠢ ᠶᠢ ᠰᠠᠶᠢᠨ ᠳᠠᠯᠪᠢᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ  ᠲᠠᠢ ᠨᠡᠶᠢᠬᠡᠮ ᠵᠢᠷᠣᠮ ᠤᠨ ᠦᠵᠡᠯ ᠰᠠᠨᠠᠭᠠᠨ ᠤ ᠳᠣᠬᠠᠢ ᠳᠠᠨᠢᠯᠳᠠ ᠪᠠᠨ ᠣᠯᠠᠮ ᠬᠦᠨᠵᠡᠬᠡᠶᠢᠷᠡᠬᠦᠯᠵᠦ ︽ᠳᠦᠷᠪᠡᠨ ᠣᠬᠠᠮᠰᠠᠷ︾ ᠢᠶᠠᠨ ᠨᠡᠮᠡᠭᠳᠡᠭᠦᠯᠭᠦ ᠭᠡᠷᠡᠭᠳᠠᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ ᠳᠣᠰᠬᠠᠢ ᠰᠡᠳᠣᠪᠲᠣ ᠠᠷᠠᠳᠴᠢᠯᠠᠯ ᠤᠨ ᠠᠮᠢᠳᠣᠷᠠᠯ ᠤᠨ ᠬᠤᠷᠠᠯ ᠤᠨ ᠳᠠᠷᠠᠭᠠᠬᠢ ᠠᠰᠠᠭᠤᠳᠠᠯ ᠢ ᠴᠡᠭᠴᠡᠯᠡᠨ ᠰᠢᠢᠳᠪᠦᠷᠢᠯᠡᠬᠦ ᠶᠢ ᠴᠢᠩᠭ᠎ᠠ ᠠᠳᠬᠠᠣᠵᠦ ᠳᠣᠰᠬᠠᠢ ᠰᠡᠳᠣᠪᠲᠣ ᠬᠦᠮᠦᠵᠢᠯ ᠤᠨ ᠥᠷ᠎ᠠ ᠪᠥᠳᠥᠭᠡᠯ ᠢ ᠪᠠᠳᠣᠳᠬᠠᠨ ᠳᠡᠬᠡᠭᠰᠢᠯᠡᠬᠦᠯᠬᠦ ᠶᠢᠨ ᠴᠢᠬᠤᠯᠠ ᠠᠷᠭ᠎ᠠ ᠪᠠᠷᠢᠯ ᠪᠤᠯᠭᠠᠬᠤ ᠭᠡᠷᠡᠭᠳᠠᠢ᠃ ᠰᠠᠨᠠᠭᠠᠴᠢᠯᠠᠭ᠎ᠠ ᠠᠴᠠ ᠪᠠᠨ ᠡᠭᠦᠷᠭᠡᠯᠠᠨ ᠭᠤᠤᠯ ᠠᠵᠢᠯ ᠢ ᠠᠭᠢᠭᠤᠯᠵᠤ ᠨᠠᠮ ᠤᠨ ᠲᠤᠳᠤᠭᠠᠳᠤ ᠶᠢᠨ ᠤᠯᠤᠰ ᠲᠥᠷᠥ ᠶᠢᠨ ᠠᠮᠢᠲᠤᠷᠠᠯ ᠢ ᠲᠥᠪ ᠴᠢᠩᠭ᠎ᠠ ᠪᠤᠯᠭᠠᠬᠤ ᠭᠡᠷᠡᠭᠳᠠᠢ ᠬᠡᠪᠡ᠃      ᠡᠷᠳᠡᠨᠢᠪᠢᠯᠢᠭ ᠳ᠋ᠥᠩᠨᠡᠯᠳᠠ ᠶᠢᠨ ᠶᠠᠷᠢᠶᠠᠨ ᠳᠤ ᠪᠠᠨ ᠢᠯᠡᠷᠬᠡᠶᠢᠯᠡᠬᠦ ᠳᠡᠭᠡᠨ᠂ ᠳᠣᠰ ᠣᠳᠠᠭᠠᠨ ᠤ ᠠᠷᠠᠳᠴᠢᠯᠠᠯ  ᠤᠨ ᠠᠮᠢᠳᠣᠷᠠᠯ ᠤᠨ ᠬᠤᠷᠠᠯ ᠨᠢ ᠭᠤᠣᠯᠳᠠᠯᠭ᠎ᠠ ᠪᠠᠨ ᠳᠣᠪᠣᠶᠢᠯᠭᠠᠵᠦ ᠨᠠᠷᠢᠨ ᠬᠢᠨᠠᠮᠠᠭᠠᠢ ᠪᠠᠷ ᠠᠰᠠᠭᠤᠳᠠᠯ ᠢ ᠪᠠᠶᠢᠴᠠᠭᠠᠨ ᠵᠠᠳᠠᠯᠵᠦ ᠰᠢᠬᠦᠮᠵᠢᠯᠡᠯ ᠪᠠ ᠦᠪᠡᠷ ᠤᠨ ᠰᠢᠬᠦᠮᠵᠢᠯᠡᠯ ᠢ ᠭᠢᠨᠠᠮᠠᠭᠠᠢ ᠥᠷᠨᠢᠭᠦᠯᠤᠨ ᠲᠠᠨᠢᠯᠳᠠ ᠪᠠᠨ ᠭᠥᠨᠵᠡᠭᠡᠶᠢᠷᠠᠭᠦᠯᠥᠭᠰᠠᠨ᠂ ᠪᠦᠯᠬᠦᠮᠳᠡᠯ ᠢ   ᠠᠭᠢᠭᠤᠯᠤᠭᠰᠠᠨ᠂ ᠭᠥᠴᠤᠨ ᠢᠶᠠᠨ ᠬᠠᠮᠳᠤᠳᠬᠠᠭᠰᠠᠨ ᠬᠠᠷᠠᠯᠳᠠ ᠳᠤ ᠪᠠᠨ ᠭᠥᠷᠥᠭᠰᠠᠨ ᠪᠠᠶᠢᠨ᠎ᠠ ᠬᠡᠪᠡ᠃ ᠳᠡᠷᠡ ᠴᠢᠬᠤᠯᠠᠴᠢᠯᠠᠬᠤ ᠳᠠᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ  ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠭᠤᠯᠵᠦ ᠤᠶᠤᠨ ᠤᠬᠠᠭᠠᠨ ᠢᠶᠠᠨ ᠵᠡᠪᠰᠡᠭᠯᠡᠵᠦ ᠰᠣᠷᠣᠯᠴᠠᠯᠭ᠎ᠠ ᠪᠠᠷ ᠠᠵᠢᠯ ᠢᠶᠠᠨ ᠠᠬᠢᠭᠤᠯᠵᠦ ᠤᠭ ᠰᠠᠨᠠᠭ᠎ᠠ ᠪᠠᠨ ᠪᠠᠳᠤ ᠰᠠᠭᠢᠨ᠂ ︽ᠬᠡᠨ ᠤ ᠳᠦᠯᠦᠬᠡ︖︾ ︽ᠬᠡᠨ ᠳᠤ ᠳᠦᠰᠢᠬᠦ ᠪᠣᠢ︖︾ ᠬᠡᠳᠡᠭ ᠠᠰᠠᠭᠤᠳᠠᠯ ᠤᠨ ᠳᠣᠭᠤᠷᠢᠨ ᠳᠤ ︽ᠬᠤᠶᠠᠷ  ᠢ ᠬᠠᠮᠠᠭᠠᠯᠠᠬᠤ︾ ᠳᠤ ᠭᠠᠪᠰᠢᠭᠠᠶᠢᠯᠠᠵᠦ ᠨᠠᠮ ᠤᠨ ᠬᠡᠰᠢᠬᠦᠨ ᠺᠠᠳ᠋ᠷᠴᠣᠳ ᠤᠨ ᠦᠨᠡᠨᠴᠢ ᠰᠢᠳᠣᠷᠭᠤ ᠠᠷᠢᠭᠤᠨ ᠴᠢᠬᠡᠴᠢ ᠣᠯᠣᠰ ᠳᠦᠷᠦ ᠶᠢᠨ ᠰᠣᠷᠳᠠᠯ ᠢ ᠬᠦᠮᠦᠵᠢᠬᠦᠯᠵᠦ ᠪᠠᠶᠢᠴᠠᠭᠠᠯᠳᠠ ᠶᠢᠨ ᠳᠣᠮᠳᠠ ᠢᠯᠡᠷᠡᠬᠦᠯᠦᠭᠰᠡᠨ ᠬᠤᠪᠢ ᠬᠦᠮᠦᠨ ᠪᠠ ᠣᠳᠣᠷᠢᠳᠬᠤ ᠪᠠᠭ ᠤᠨ ᠠᠰᠠᠭᠤᠳᠠᠯ ᠵᠢᠴᠢ ᠬᠤᠷᠢᠶᠠᠭᠰᠠᠨ ᠰᠠᠨᠠᠯ ᠢ ᠡᠮᠬᠢᠳᠬᠡᠨ ᠳᠢᠭᠯᠢᠵᠦ ᠨᠢᠬᠡᠳ ᠨᠢᠬᠡᠳ ᠴᠡᠭᠴᠡᠯᠡᠨ ᠰᠶᠢᠳᠪᠦᠷᠢᠯᠡᠵᠦ ᠣᠯᠠᠨ ᠲᠦᠮᠡᠨ ᠤ ᠬᠠᠯᠠᠮᠵᠢᠯᠠᠵᠦ ᠪᠠᠶᠢᠭ᠎ᠠ ᠠᠰᠠᠭᠤᠳᠠᠯ ᠢ ᠰᠠᠶᠢᠳᠣᠷ ᠰᠢᠢᠳᠪᠦᠷᠢᠯᠡᠨ ︽ᠴᠢᠨᠠᠷ ᠰᠠᠶᠢᠳᠠᠢ ᠬᠦᠭᠵᠢᠯᠳᠡ ᠶᠢ ᠠᠬᠢᠭᠤᠯᠣᠨ ᠨᠤᠮᠢᠨ ᠲᠠᠩᠰᠤᠭ ᠭᠥᠭᠵᠢᠨ ᠮᠠᠨᠳᠣᠯᠳᠠ ᠶᠢ ᠪᠡᠶᠡᠯᠡᠬᠦᠯᠬᠦ︾ ᠳᠡᠭᠡᠷ᠎ᠡ ᠨᠡᠩ ᠶᠡᠭᠡ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠨᠠᠮ ᠢ ᠪᠥᠭᠦ ᠲᠠᠯ᠎ᠠ ᠪᠠᠷ ᠴᠢᠩᠭ᠎ᠠ ᠵᠠᠰᠠᠬᠤ ᠲᠡᠭᠡᠷ᠎ᠡ ᠲᠠᠭᠤᠷᠢᠶᠠᠯ ᠪᠤᠯᠵᠤ ᠪᠠᠶᠢᠩᠭᠤ ᠶᠢᠨ ᠬᠤᠷᠢᠶᠠᠨ ᠤ ᠬᠡᠰᠢᠬᠦᠳ ᠣᠯᠣᠰ ᠳᠦᠷᠦ ᠶᠢᠨ ᠡᠬᠦᠷᠭᠡ ᠪᠠᠨ ᠳᠦᠷᠦᠬᠦᠯᠡᠨ ᠡᠬᠦᠷᠭᠡᠯᠡᠵᠦ ᠴᠢᠬᠤᠯᠠ ᠶᠡᠭᠡ ᠠᠵᠢᠯ ᠪᠠ ᠴᠢᠬᠤᠯᠠ ᠶᠡᠭᠡ ᠠᠰᠠᠭᠤᠳᠠᠯ ᠳᠡᠭᠡᠷ᠎ᠡ ᠪᠡᠶ᠎ᠡ ᠪᠠᠷ ᠢᠶᠠᠨ ᠤᠷᠤᠯᠴᠠᠨ ᠰᠠᠬᠢᠯᠭ᠎ᠠ ᠪᠠᠳᠣ ᠪᠠ ᠳᠦᠷᠢᠮ ᠳᠣᠭᠳᠠᠭᠠᠯ ᠢ ᠣᠬᠠᠮᠰᠠᠷ ᠠᠴᠠ ᠪᠠᠨ ᠴᠢᠩᠭ᠎ᠠ ᠰᠠᠬᠢᠵᠦ ᠪᠣᠳᠠᠳᠣ ᠠᠵᠢᠯᠯᠠᠭ᠎ᠠ ᠪᠠᠷ ᠢᠶᠠᠨ ᠠᠷᠢᠭᠤᠨ ᠴᠢᠬᠡᠴᠢ ᠰᠠᠶᠢᠨ ᠰᠠᠶᠢᠬᠠᠨ ᠲᠥᠷᠢ ᠪᠠᠶᠢᠳᠠᠯ ᠢ ᠪᠣᠢ ᠪᠣᠯᠭᠠᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号