12 ᠰᠠᠷ᠎ᠠ ᠶᠢᠨ 10 ᠤ ᠡᠳᠦᠷ᠂ ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠲᠤᠭᠤᠶᠢᠯᠠᠩ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠰᠬᠠᠶ | ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠤ ᠳᠠᠷᠤᠭ᠎ᠠ ᠵᠤᠤ ᠹᠧᠶ ᠯᠦ ᠬᠤᠷᠠᠯ ᠡᠷᠬᠢᠯᠡᠵᠦ᠂ ᠬᠤᠰᠢᠭᠤ ᠵᠠᠰᠠᠭ ᠤᠨ ᠣᠷᠳᠣᠨ ᠤ ᠨᠠᠮ | ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠬᠡᠰᠢᠬᠦᠨ ᠬᠤᠷᠠᠯ ᠳᠤ ᠣᠷᠣᠯᠴᠠᠪᠠ᠃ ᠬᠤᠷᠠᠯ ᠠᠴᠠ | ᠡᠮᠦᠨ᠎ᠡ ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠬᠡᠰᠢᠬᠦᠳ | ᠭᠤᠤᠯ ᠰᠡᠳᠦᠪ ᠤᠨ ᠲᠣᠭᠤᠷᠢᠨ ᠳᠤ ᠨᠠᠷᠢᠨ ᠬᠢᠨᠠᠮᠠᠭᠠᠶ ᠰᠤᠷᠤᠯᠴᠠᠯᠭ᠎ᠠ ᠰᠤᠳᠤᠯᠤᠨ ᠶᠠᠷᠢᠯᠴᠠᠭ᠎ᠠ ᠥᠷᠨᠢᠭᠦᠯᠵᠦ | ᠨᠡᠶᠢᠬᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠭᠰᠠᠨ ᠪᠥᠭᠡᠳ ︽ᠳᠥᠷᠪᠡ ᠶᠢ | ᠵᠠᠪᠠᠯ ᠶᠠᠷᠢᠯᠴᠠᠬᠤ︾ ᠱᠠᠭᠠᠷᠳᠠᠯᠭ᠎ᠠ ᠶᠣᠰᠣᠭᠠᠷ ᠰᠡᠳᠬᠢᠯ ᠤᠨ ᠦᠭᠡ ᠪᠠᠨ ᠶᠠᠷᠢᠯᠴᠠᠵᠤ᠂ ︽ᠳᠥᠷᠪᠡ ᠲᠠᠢ | ᠬᠠᠷᠢᠴᠠᠭᠤᠯᠬᠤ︾᠂ ︽ᠳᠥᠷᠪᠡ ᠶᠢ ᠡᠷᠢᠵᠦ ᠣᠯᠬᠤ︾ ᠲᠠᠯ᠎ᠠ ᠠᠴᠠ ᠭᠤᠤᠯᠳᠠᠯᠭ᠎ᠠ ᠲᠠᠢ ᠪᠠᠶᠢᠴᠠᠭᠠᠯᠳᠠ ᠵᠠᠳᠠᠯᠤᠯᠳᠠ | ᠶᠢᠨ ᠮᠠᠲ᠋ᠧᠷᠢᠶᠠᠯ ᠢ ᠨᠠᠷᠢᠨ ᠬᠢᠨᠠᠮᠠᠭᠠᠶ ᠲᠤᠭᠤᠷᠪᠢᠵᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ | ᠢ ᠰᠠᠶᠢᠲᠤᠷ ᠬᠤᠷᠠᠯᠳᠤᠭᠤᠯᠬᠤ ᠳᠤ ᠪᠠᠲᠤ ᠪᠠᠬᠢ ᠰᠠᠭᠤᠷᠢ ᠲᠠᠯᠪᠢᠪᠠ᠃ | | | | | | | ᠬᠤᠷᠠᠯ ᠠᠴᠠ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ | 2018 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠲᠡᠭᠡᠷ᠎ᠡ ᠲᠤᠷᠠᠳᠤᠭᠰᠠᠨ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠭᠤᠤᠯ ᠰᠡᠳᠦᠪᠲᠦ ᠬᠥᠮᠦᠵᠢᠯ ᠤᠨ ᠰᠠᠨᠠᠯ ᠰᠠᠨᠠᠭᠤᠯᠭ᠎ᠠ | ᠬᠤᠷᠢᠶᠠᠭᠰᠠᠨ ᠪᠠᠶᠢᠳᠠᠯ ᠢ ᠮᠡᠳᠡᠭᠳᠡᠪᠡ᠃ ᠵᠤᠤ ᠹᠧᠶ ᠯᠦ ᠨᠠᠮ ᠤᠨ ᠤᠳᠤᠷᠢᠳᠬᠤ ᠲᠤᠭᠤᠶᠢᠯᠠᠩ ᠢ ᠲᠥᠯᠥᠭᠡᠯᠡᠨ | ᠪᠠᠶᠢᠴᠠᠭᠠᠯᠳᠠ ᠵᠠᠳᠠᠯᠤᠯᠳᠠ ᠬᠢᠵᠦ ᠡᠯ᠎ᠡ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠬᠡᠰᠢᠬᠦᠨ | ᠪᠠᠶᠢᠴᠠᠭᠠᠯᠳᠠ ᠵᠠᠳᠠᠯᠤᠯᠳᠠ ᠬᠢᠨ ᠬᠠᠷᠢᠯᠴᠠᠨ ᠰᠢᠭᠦᠮᠵᠢᠯᠠᠯ ᠪᠠ ᠥᠪᠠᠷ ᠤᠨ ᠰᠢᠭᠦᠮᠵᠢᠯᠠᠯ ᠥᠷᠨᠢᠭᠦᠯᠥᠭᠰᠠᠨ ᠪᠠᠶᠢᠨ᠎ᠠ᠃ | | ᠵᠤᠤ ᠹᠧᠶ ᠯᠦ ᠳ᠋ᠦᠩᠨᠡᠯᠲᠡ ᠶᠢᠨ ᠶᠠᠷᠢᠶᠠᠨ ᠳᠠᠭᠠᠨ ᠵᠢᠭᠠᠬᠤ ᠳᠤ ᠪᠠᠨ᠂ ᠨᠠᠮ ᠤᠨ ᠤᠳᠤᠷᠢᠳᠬᠤ | ᠲᠤᠭᠤᠶᠢᠯᠠᠩ ᠤᠨ ᠡᠯ᠎ᠡ ᠪᠦᠷᠢᠯᠳᠦᠬᠦᠨ ᠬᠡᠰᠢᠬᠦᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠡᠨᠡ ᠬᠦ | ᠭᠤᠤᠯ ᠱᠤᠭᠤᠮ ᠲᠠᠢ ᠨᠢᠭᠲᠠ ᠤᠶᠠᠯᠳᠤᠭᠤᠯᠵᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ | ᠪᠠᠨ ᠪᠠᠲᠤ ᠴᠡᠭᠡᠵᠢᠯᠡᠬᠦ︾ ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ ᠣᠯᠤᠯᠲᠠ ᠪᠠᠨ ᠳ᠋ᠦᠩᠨᠡᠨ | ᠣᠷᠣᠰᠢᠵᠤ ᠪᠠᠶᠢᠭ᠎ᠠ ᠠᠰᠠᠭᠤᠳᠠᠯ ᠢ ᠪᠠᠶᠢᠴᠠᠭᠠᠵᠤ ᠡᠭᠦᠰᠦᠭᠰᠡᠨ ᠰᠢᠯᠲᠠᠭᠠᠨ ᠢ ᠭᠥᠨᠵᠡᠭᠡᠢ ᠵᠠᠳᠠᠯᠵᠤ ᠪᠣᠳᠠᠲᠠᠶ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠤᠭᠰᠠᠨ ᠪᠥᠭᠡᠳ ᠴᠢᠩ ᠦᠨᠡᠨᠴᠢ ᠪᠠᠷ ᠬᠠᠷᠢᠯᠴᠠᠨ | ᠰᠢᠭᠦᠮᠵᠢᠯᠡᠵᠦ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ︽ᠳᠥᠷᠪᠡᠨ ᠤᠬᠠᠮᠰᠠᠷ︾ ᠢᠶᠠᠨ ᠨᠡᠮᠡᠭᠳᠡᠭᠦᠯᠭᠦ᠂ ︽ | ᠳᠥᠷᠪᠡᠨ ᠢᠲᠡᠭᠡᠯ︾ ᠢᠶᠠᠨ ᠪᠠᠳᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠠᠶᠠᠯᠠᠭᠦᠯᠭᠦ ᠶᠢ ᠠᠭᠢᠭᠤᠯᠵᠤ ᠵᠠᠰᠠᠭ | ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ | ᠪᠦᠯᠬᠦᠮᠳᠡᠨ ᠲᠡᠮᠡᠴᠡᠵᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠵᠣᠷᠢᠯᠭ᠎ᠠ ᠳᠤ ᠭᠥᠷᠥᠭᠰᠠᠨ | ᠪᠠᠶᠢᠨ᠎ᠠ ᠭᠡᠵᠡᠢ᠃ | ᠵᠤᠤ ᠹᠧᠶ ᠯᠦ ᠱᠠᠭᠠᠷᠳᠠᠭᠰᠠᠨ ᠨᠢ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ | ᠰᠠᠶᠢᠲᠤᠷ ᠠᠳᠬᠤᠵᠤ ᠪᠠᠶᠢᠴᠠᠭᠠᠨ ᠭᠠᠷᠭᠠᠭᠰᠠᠨ ᠠᠰᠠᠭᠤᠳᠠᠯ ᠲᠠᠢ ᠬᠠᠷᠢᠴᠠᠭᠤᠯᠤᠨ ᠪᠠᠶᠢᠴᠠᠭᠠᠯᠲᠠ ᠵᠠᠳᠠᠯᠤᠯᠳᠠ ᠬᠢᠨ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ ᠡᠭᠦᠷᠭᠡ ᠶᠢᠨ ᠨᠠᠷᠢᠨ ᠳᠠᠩᠰᠠ ᠶᠢ ᠵᠦᠶᠯ | ᠳᠠᠷᠠᠭᠠᠯᠠᠨ ᠵᠢᠭᠰᠠᠭᠠᠵᠤ ᠴᠡᠭᠴᠡᠯᠡᠨ ᠰᠠᠶᠢᠵᠢᠷᠠᠭᠤᠯᠬᠤ ᠳᠠᠩᠰᠠ ᠶᠢ ᠪᠠᠶᠢᠭᠤᠯᠤᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠶ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠲᠣᠰ ᠪᠡᠶ᠎ᠡ ᠶᠢᠨ | ᠪᠠᠶᠢᠭᠤᠯᠤᠯᠲᠠ ᠪᠠᠨ ᠦᠨᠡᠨᠬᠦ ᠴᠢᠩᠭᠠᠳᠬᠠᠨ ᠤᠯᠤᠰ ᠲᠥᠷᠥ ᠶᠢᠨ ᠵᠤᠭᠰᠤᠴᠠ ᠪᠠᠨ ᠴᠢᠷᠮᠠᠶᠢᠨ ᠳᠡᠭᠡᠭᠰᠢᠯᠡᠭᠦᠯᠵᠦ | ᠣᠨᠣᠯ ᠤᠨ ᠰᠤᠷᠤᠯᠴᠠᠯᠭ᠎ᠠ ᠪᠠᠨ ᠴᠢᠩᠭᠠᠳᠬᠠᠨ ᠪᠦᠯᠬᠦᠮᠳᠡᠨ ᠬᠠᠮᠵᠢᠯᠴᠠᠬᠤ ᠳᠠᠭᠠᠨ ᠴᠢᠳᠠᠮᠠᠭᠠᠶ ᠪᠠᠶᠢᠵᠤ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠵᠤ ᠵᠠᠰᠠᠭ ᠤᠨ ᠣᠷᠳᠣᠨ ᠤ ᠰᠢᠰᠲ᠋ᠧᠮ ᠳᠤ ᠦᠨᠡᠨᠬᠦ ᠰᠠᠶᠢᠨ | ᠲᠠᠭᠠᠭᠤᠯᠤᠭᠴᠢ ᠪᠣᠯᠵᠤ ᠲᠠᠭᠤᠷᠢᠶᠠᠯ ᠲᠠᠭᠠᠭᠤᠯᠤᠭᠴᠢ ᠶᠢᠨ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠶ᠃ | ᠴᠢᠳᠠᠪᠭᠢᠳᠤ ᠥᠢᠯᠡᠳᠤᠯ ᠢᠶᠠᠨ ᠭᠦᠶᠴᠡᠳ ᠪᠠᠳᠠᠷᠠᠭᠤᠯᠵᠤ ᠨᠢᠭᠡᠳᠦᠯᠲᠡᠶ ᠲᠥᠯᠥᠪᠵᠢᠭᠦᠯᠬᠦ ᠲᠠᠯ᠎ᠠ ᠪᠠᠷ ᠰᠢᠨ᠎ᠡ | ᠬᠤᠪᠢᠷᠠᠯᠲᠠ ᠲᠠᠢ ᠵᠣᠬᠢᠴᠠᠭᠤᠯᠤᠨ ᠬᠠᠮᠵᠢᠯᠴᠠᠬᠤ ᠲᠠᠯ᠎ᠠ ᠪᠠᠷ ᠰᠢᠨ᠎ᠡ ᠠᠮᠵᠢᠯᠲᠠ ᠪᠦᠲᠦᠮᠵᠢ ᠲᠠᠢ᠂ ᠠᠵᠢᠯ ᠤᠨ | ᠠᠬᠢᠯᠲᠠ ᠶᠢᠨ ᠲᠠᠯ᠎ᠠ ᠪᠠᠷ ᠰᠢᠨ᠎ᠡ ᠠᠷᠭ᠎ᠠ ᠪᠠᠷᠢᠯ ᠲᠠᠢ᠂ ᠬᠠᠷᠢᠭᠤᠴᠠᠯᠭ᠎ᠠ ᠡᠭᠦᠷᠭᠡᠯᠡᠬᠦ ᠲᠠᠯ᠎ᠠ ᠪᠠᠷ ᠰᠢᠨ᠎ᠡ ᠠᠮᠵᠢᠯᠲᠠ | ᠪᠦᠲᠦᠮᠵᠢ ᠲᠠᠢ᠂ ᠨᠠᠮ ᠢ ᠴᠢᠩᠭ᠎ᠠ ᠵᠠᠰᠠᠬᠤ ᠲᠠᠯ᠎ᠠ ᠪᠠᠷ ᠰᠢᠨ᠎ᠡ ᠠᠵᠢᠯᠯᠠᠭ᠎ᠠ ᠲᠠᠢ ᠪᠠᠶᠢᠬᠤ ᠬᠡᠷᠡᠭᠲᠡᠶ᠃ ᠪᠦᠬᠦ ᠲᠠᠯ᠎ᠠ | ᠪᠠᠷ ᠨᠠᠮ ᠢ ᠴᠢᠩᠭ᠎ᠠ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ ᠰᠠᠬᠢᠯᠭ᠎ᠠ ᠪᠠᠲᠤ ᠪᠣᠯᠤᠨ ᠶᠣᠰᠣ ᠳᠦᠷᠢᠮ | ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠲᠥᠪ ᠤᠨ ᠨᠠᠶᠮᠠᠨ ᠲᠦᠷᠦᠯ ᠤᠨ ᠲᠣᠭᠲᠠᠭᠠᠯ ᠵᠢᠴᠢ ᠬᠡᠷᠡᠭᠵᠢᠭᠦᠯᠬᠦ | ᠨᠠᠷᠢᠨ ᠳᠦᠷᠢᠮ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ | ᠲᠥᠭᠦᠷᠴᠢᠯᠡᠭᠰᠠᠨ ᠲᠣᠭᠲᠠᠭᠠᠯ ᠢ ᠴᠢᠩᠭ᠎ᠠ ᠬᠡᠷᠡᠭᠵᠢᠭᠦᠯᠵᠦ ᠲᠣᠰ ᠲᠣᠰ ᠤᠨ ᠬᠤᠪᠢᠳᠠᠨ ᠬᠠᠮᠢᠶᠠᠷᠴᠤ ᠪᠠᠶᠭ᠎ᠠ | ᠬᠦᠷᠢᠶᠡᠨ ᠳᠠᠬᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ | ᠲᠡᠮᠡᠴᠡᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ | ᠰᠠᠶᠢᠲᠤᠷ ᠨᠠᠶᠢᠳᠠᠪᠤᠷᠢᠵᠢᠭᠤᠯᠵᠤ ᠠᠵᠢᠯ ᠬᠢᠵᠦ ᠦᠶᠯᠡᠰ ᠪᠣᠰᠬᠠᠬᠤ ᠤᠪᠤᠷ ᠲᠥᠪ ᠰᠤᠷᠳᠠᠯ ᠴᠢᠬᠡᠴᠢ ᠠᠭᠤᠷ | ᠠᠮᠢᠰᠬᠤᠯ ᠢ ᠪᠣᠶ ᠪᠣᠯᠭᠠᠬᠤ ᠬᠡᠷᠡᠭᠲᠡᠶ᠃ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠡᠯ᠎ᠡ ᠵᠦᠶᠯ ᠤᠨ | ᠪᠣᠳᠠᠲᠠᠶ ᠠᠵᠢᠯ ᠢ ᠰᠠᠶᠢᠲᠤᠷ ᠠᠳᠬᠤᠬᠤ ᠳᠡᠭᠡᠷ᠎ᠡ ᠢᠯᠡᠷᠡᠭᠦᠯᠵᠦ ᠦᠵᠡᠯ ᠰᠠᠨᠠᠭ᠎ᠠ ᠣᠶᠢᠯᠠᠭᠠᠭᠳᠠᠬᠤᠨ ᠢᠶᠠᠨ | ᠲᠠᠰᠤᠷᠠᠯᠲᠠ ᠦᠭᠡᠢ ᠬᠤᠪᠢᠷᠠᠭᠤᠯᠤᠨ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ ᠲᠤᠭᠳᠠᠯᠴᠠᠭ᠎ᠠ ᠪᠠᠨ | ᠲᠡᠭᠦᠯᠳᠡᠷᠵᠢᠭᠦᠯᠵᠦ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ︽ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ︾᠂ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ | ᠵᠡᠷᠭᠡ ᠠᠵᠢᠯ ᠢ ᠠᠬᠢᠭᠤᠯᠬᠤ ᠬᠦᠴᠦᠲᠡᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ ᠵᠠᠰᠠᠭ ᠤᠨ ᠣᠷᠳᠣᠨ ᠤ ᠡᠯ᠎ᠡ | ᠵᠦᠶᠯ ᠤᠨ ᠬᠠᠷᠠᠯᠲᠠ ᠡᠭᠦᠷᠭᠡ ᠶᠢ ᠪᠦᠲᠦᠮᠵᠢᠲᠡᠶ ᠪᠥᠭᠡᠳ ᠡᠮᠬᠢ ᠵᠢᠷᠤᠮ ᠲᠠᠢ ᠠᠬᠢᠭᠤᠯᠵᠤ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠳᠤ ᠢᠳᠡᠪᠬᠢᠲᠡᠢ ᠬᠤᠪᠢ | ᠨᠡᠮᠡᠷᠢ ᠦᠵᠡᠭᠦᠯᠬᠦ ᠬᠡᠷᠡᠭᠲᠡᠶ ᠭᠡᠵᠡᠢ᠃ | |