ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/12/13
     12 ᠰᠠᠷ᠎ᠠ ᠶᠢᠨ 10 ᠤ ᠡᠳᠦᠷ᠂ ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠪᠠ᠃ ᠬᠤᠰᠢᠭᠤ ᠨᠠᠮ  ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠤᠤ ᠹᠧᠶ ᠯᠦ ᠬᠤᠷᠠᠯ ᠡᠷᠬᠢᠯᠡᠵᠦ᠂ ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠬᠡᠰᠢᠬᠦᠨ ᠬᠤᠷᠠᠯ ᠳᠤ ᠣᠷᠣᠯᠴᠠᠪᠠ᠃ ᠬᠤᠷᠠᠯ ᠠᠴᠠ ᠡᠮᠦᠨ᠎ᠡ ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠬᠡᠰᠢᠬᠦᠳ ᠭᠤᠤᠯ ᠰᠡᠳᠦᠪ ᠤᠨ ᠲᠣᠭᠤᠷᠢᠨ ᠳᠤ ᠨᠠᠷᠢᠨ ᠬᠢᠨᠠᠮᠠᠭᠠᠶ ᠰᠤᠷᠤᠯᠴᠠᠯᠭ᠎ᠠ ᠰᠤᠳᠤᠯᠤᠨ ᠶᠠᠷᠢᠯᠴᠠᠭ᠎ᠠ ᠥᠷᠨᠢᠭᠦᠯᠵᠦ ᠨᠡᠶᠢᠬᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠭᠰᠠᠨ ᠪᠥᠭᠡᠳ ︽ᠳᠥᠷᠪᠡ ᠶᠢ ᠵᠠᠪᠠᠯ ᠶᠠᠷᠢᠯᠴᠠᠬᠤ︾ ᠱᠠᠭᠠᠷᠳᠠᠯᠭ᠎ᠠ ᠶᠣᠰᠣᠭᠠᠷ ᠰᠡᠳᠬᠢᠯ ᠤᠨ ᠦᠭᠡ ᠪᠠᠨ ᠶᠠᠷᠢᠯᠴᠠᠵᠤ᠂ ︽ᠳᠥᠷᠪᠡ ᠲᠠᠢ ᠬᠠᠷᠢᠴᠠᠭᠤᠯᠬᠤ︾᠂ ︽ᠳᠥᠷᠪᠡ ᠶᠢ ᠡᠷᠢᠵᠦ ᠣᠯᠬᠤ︾ ᠲᠠᠯ᠎ᠠ ᠠᠴᠠ ᠭᠤᠤᠯᠳᠠᠯᠭ᠎ᠠ ᠲᠠᠢ ᠪᠠᠶᠢᠴᠠᠭᠠᠯᠳᠠ ᠵᠠᠳᠠᠯᠤᠯᠳᠠ ᠶᠢᠨ ᠮᠠᠲ᠋ᠧᠷᠢᠶᠠᠯ ᠢ ᠨᠠᠷᠢᠨ ᠬᠢᠨᠠᠮᠠᠭᠠᠶ ᠲᠤᠭᠤᠷᠪᠢᠵᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠪᠠᠲᠤ ᠪᠠᠬᠢ ᠰᠠᠭᠤᠷᠢ ᠲᠠᠯᠪᠢᠪᠠ᠃
     ᠬᠤᠷᠠᠯ ᠠᠴᠠ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ 2018 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠲᠡᠭᠡᠷ᠎ᠡ ᠲᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠭᠤᠤᠯ ᠰᠡᠳᠦᠪᠲᠦ ᠬᠥᠮᠦᠵᠢᠯ ᠤᠨ ᠰᠠᠨᠠᠯ ᠰᠠᠨᠠᠭᠤᠯᠭ᠎ᠠ ᠬᠤᠷᠢᠶᠠᠭᠰᠠᠨ ᠪᠠᠶᠢᠳᠠᠯ ᠢ ᠮᠡᠳᠡᠭᠳᠡᠪᠡ᠃ ᠵᠤᠤ ᠹᠧᠶ ᠯᠦ ᠨᠠᠮ ᠤᠨ ᠤᠳᠤᠷᠢᠳᠬᠤ ᠲᠤᠭᠤᠶᠢᠯᠠᠩ ᠢ ᠲᠥᠯᠥᠭᠡᠯᠡᠨ ᠪᠠᠶᠢᠴᠠᠭᠠᠯᠳᠠ ᠵᠠᠳᠠᠯᠤᠯᠳᠠ ᠬᠢᠵᠦ ᠡᠯ᠎ᠡ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠬᠡᠰᠢᠬᠦᠨ ᠪᠠᠶᠢᠴᠠᠭᠠᠯᠳᠠ ᠵᠠᠳᠠᠯᠤᠯᠳᠠ ᠬᠢᠨ ᠬᠠᠷᠢᠯᠴᠠᠨ ᠰᠢᠭᠦᠮᠵᠢᠯᠠᠯ ᠪᠠ ᠥᠪᠠᠷ ᠤᠨ ᠰᠢᠭᠦᠮᠵᠢᠯᠠᠯ ᠥᠷᠨᠢᠭᠦᠯᠥᠭᠰᠠᠨ ᠪᠠᠶᠢᠨ᠎ᠠ᠃      ᠵᠤᠤ ᠹᠧᠶ ᠯᠦ ᠳ᠋ᠦᠩᠨᠡᠯᠲᠡ ᠶᠢᠨ ᠶᠠᠷᠢᠶᠠᠨ ᠳᠠᠭᠠᠨ ᠵᠢᠭᠠᠬᠤ ᠳᠤ ᠪᠠᠨ᠂ ᠨᠠᠮ ᠤᠨ ᠤᠳᠤᠷᠢᠳᠬᠤ ᠲᠤᠭᠤᠶᠢᠯᠠᠩ ᠤᠨ ᠡᠯ᠎ᠡ ᠪᠦᠷᠢᠯᠳᠦᠬᠦᠨ ᠬᠡᠰᠢᠬᠦᠨ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠡᠨᠡ ᠬᠦ ᠭᠤᠤᠯ ᠱᠤᠭᠤᠮ ᠲᠠᠢ ᠨᠢᠭᠲᠠ ᠤᠶᠠᠯᠳᠤᠭᠤᠯᠵᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ ᠣᠯᠤᠯᠲᠠ ᠪᠠᠨ ᠳ᠋ᠦᠩᠨᠡᠨ ᠣᠷᠣᠰᠢᠵᠤ ᠪᠠᠶᠢᠭ᠎ᠠ ᠠᠰᠠᠭᠤᠳᠠᠯ ᠢ ᠪᠠᠶᠢᠴᠠᠭᠠᠵᠤ ᠡᠭᠦᠰᠦᠭᠰᠡᠨ ᠰᠢᠯᠲᠠᠭᠠᠨ ᠢ ᠭᠥᠨᠵᠡᠭᠡᠢ ᠵᠠᠳᠠᠯᠵᠤ ᠪᠣᠳᠠᠲᠠᠶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠤᠭᠰᠠᠨ ᠪᠥᠭᠡᠳ ᠴᠢᠩ ᠦᠨᠡᠨᠴᠢ ᠪᠠᠷ ᠬᠠᠷᠢᠯᠴᠠᠨ ᠰᠢᠭᠦᠮᠵᠢᠯᠡᠵᠦ ᠨᠠᠮ  ᠤᠨ ᠭᠡᠰᠢᠭᠦᠨ ᠤᠳᠤᠷᠢᠳᠬᠤ ᠺᠠᠳ᠋ᠷ ᠤᠨ ︽ᠳᠥᠷᠪᠡᠨ ᠤᠬᠠᠮᠰᠠᠷ︾ ᠢᠶᠠᠨ ᠨᠡᠮᠡᠭᠳᠡᠭᠦᠯᠭᠦ᠂ ︽ᠳᠥᠷᠪᠡᠨ ᠢᠲᠡᠭᠡᠯ︾ ᠢᠶᠠᠨ ᠪᠠᠳᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠠᠶᠠᠯᠠᠭᠦᠯᠭᠦ ᠶᠢ ᠠᠭᠢᠭᠤᠯᠵᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ ᠪᠦᠯᠬᠦᠮᠳᠡᠨ ᠲᠡᠮᠡᠴᠡᠵᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠵᠣᠷᠢᠯᠭ᠎ᠠ ᠳᠤ ᠭᠥᠷᠥᠭᠰᠠᠨ ᠪᠠᠶᠢᠨ᠎ᠠ ᠭᠡᠵᠡᠢ᠃      ᠵᠤᠤ ᠹᠧᠶ ᠯᠦ ᠱᠠᠭᠠᠷᠳᠠᠭᠰᠠᠨ ᠨᠢ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠪᠠᠶᠢᠴᠠᠭᠠᠨ ᠭᠠᠷᠭᠠᠭᠰᠠᠨ ᠠᠰᠠᠭᠤᠳᠠᠯ ᠲᠠᠢ ᠬᠠᠷᠢᠴᠠᠭᠤᠯᠤᠨ ᠪᠠᠶᠢᠴᠠᠭᠠᠯᠲᠠ ᠵᠠᠳᠠᠯᠤᠯᠳᠠ ᠬᠢᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ ᠡᠭᠦᠷᠭᠡ ᠶᠢᠨ ᠨᠠᠷᠢᠨ ᠳᠠᠩᠰᠠ ᠶᠢ ᠵᠦᠶᠯ ᠳᠠᠷᠠᠭᠠᠯᠠᠨ ᠵᠢᠭᠰᠠᠭᠠᠵᠤ ᠴᠡᠭᠴᠡᠯᠡᠨ ᠰᠠᠶᠢᠵᠢᠷᠠᠭᠤᠯᠬᠤ ᠳᠠᠩᠰᠠ ᠶᠢ ᠪᠠᠶᠢᠭᠤᠯᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠶ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠲᠣᠰ ᠪᠡᠶ᠎ᠡ ᠶᠢᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠨ ᠤᠯᠤᠰ ᠲᠥᠷᠥ ᠶᠢᠨ ᠵᠤᠭᠰᠤᠴᠠ ᠪᠠᠨ ᠴᠢᠷᠮᠠᠶᠢᠨ ᠳᠡᠭᠡᠭᠰᠢᠯᠡᠭᠦᠯᠵᠦ ᠣᠨᠣᠯ ᠤᠨ ᠰᠤᠷᠤᠯᠴᠠᠯᠭ᠎ᠠ ᠪᠠᠨ ᠴᠢᠩᠭᠠᠳᠬᠠᠨ ᠪᠦᠯᠬᠦᠮᠳᠡᠨ ᠬᠠᠮᠵᠢᠯᠴᠠᠬᠤ ᠳᠠᠭᠠᠨ ᠴᠢᠳᠠᠮᠠᠭᠠᠶ ᠪᠠᠶᠢᠵᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠵᠤ ᠵᠠᠰᠠᠭ ᠤᠨ ᠣᠷᠳᠣᠨ ᠤ ᠰᠢᠰᠲ᠋ᠧᠮ ᠳᠤ ᠦᠨᠡᠨᠬᠦ ᠰᠠᠶᠢᠨ ᠲᠠᠭᠠᠭᠤᠯᠤᠭᠴᠢ ᠪᠣᠯᠵᠤ ᠲᠠᠭᠤᠷᠢᠶᠠᠯ ᠲᠠᠭᠠᠭᠤᠯᠤᠭᠴᠢ ᠶᠢᠨ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠶ᠃ ᠴᠢᠳᠠᠪᠭᠢᠳᠤ ᠥᠢᠯᠡᠳᠤᠯ ᠢᠶᠠᠨ ᠭᠦᠶᠴᠡᠳ ᠪᠠᠳᠠᠷᠠᠭᠤᠯᠵᠤ ᠨᠢᠭᠡᠳᠦᠯᠲᠡᠶ ᠲᠥᠯᠥᠪᠵᠢᠭᠦᠯᠬᠦ ᠲᠠᠯ᠎ᠠ ᠪᠠᠷ ᠰᠢᠨ᠎ᠡ ᠬᠤᠪᠢᠷᠠᠯᠲᠠ ᠲᠠᠢ ᠵᠣᠬᠢᠴᠠᠭᠤᠯᠤᠨ ᠬᠠᠮᠵᠢᠯᠴᠠᠬᠤ ᠲᠠᠯ᠎ᠠ ᠪᠠᠷ ᠰᠢᠨ᠎ᠡ ᠠᠮᠵᠢᠯᠲᠠ ᠪᠦᠲᠦᠮᠵᠢ  ᠲᠠᠢ᠂ ᠠᠵᠢᠯ ᠤᠨ ᠠᠬᠢᠯᠲᠠ ᠶᠢᠨ ᠲᠠᠯ᠎ᠠ ᠪᠠᠷ ᠰᠢᠨ᠎ᠡ ᠠᠷᠭ᠎ᠠ  ᠪᠠᠷᠢᠯ ᠲᠠᠢ᠂ ᠬᠠᠷᠢᠭᠤᠴᠠᠯᠭ᠎ᠠ ᠡᠭᠦᠷᠭᠡᠯᠡᠬᠦ ᠲᠠᠯ᠎ᠠ ᠪᠠᠷ ᠰᠢᠨ᠎ᠡ ᠠᠮᠵᠢᠯᠲᠠ ᠪᠦᠲᠦᠮᠵᠢ ᠲᠠᠢ᠂ ᠨᠠᠮ  ᠢ ᠴᠢᠩᠭ᠎ᠠ ᠵᠠᠰᠠᠬᠤ ᠲᠠᠯ᠎ᠠ ᠪᠠᠷ ᠰᠢᠨ᠎ᠡ ᠠᠵᠢᠯᠯᠠᠭ᠎ᠠ ᠲᠠᠢ ᠪᠠᠶᠢᠬᠤ ᠬᠡᠷᠡᠭᠲᠡᠶ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ ᠰᠠᠬᠢᠯᠭ᠎ᠠ ᠪᠠᠲᠤ ᠪᠣᠯᠤᠨ ᠶᠣᠰᠣ ᠳᠦᠷᠢᠮ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠲᠥᠪ ᠤᠨ ᠨᠠᠶᠮᠠᠨ ᠲᠦᠷᠦᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠲᠥᠭᠦᠷᠴᠢᠯᠡᠭᠰᠠᠨ ᠲᠣᠭᠲᠠᠭᠠᠯ ᠢ ᠴᠢᠩᠭ᠎ᠠ ᠬᠡᠷᠡᠭᠵᠢᠭᠦᠯᠵᠦ ᠲᠣᠰ ᠲᠣᠰ ᠤᠨ ᠬᠤᠪᠢᠳᠠᠨ ᠬᠠᠮᠢᠶᠠᠷᠴᠤ ᠪᠠᠶᠭ᠎ᠠ ᠬᠦᠷᠢᠶᠡᠨ ᠳᠠᠬᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠰᠠᠶᠢᠲᠤᠷ ᠨᠠᠶᠢᠳᠠᠪᠤᠷᠢᠵᠢᠭᠤᠯᠵᠤ ᠠᠵᠢᠯ ᠬᠢᠵᠦ ᠦᠶᠯᠡᠰ ᠪᠣᠰᠬᠠᠬᠤ ᠤᠪᠤᠷ ᠲᠥᠪ ᠰᠤᠷᠳᠠᠯ ᠴᠢᠬᠡᠴᠢ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠡᠯ᠎ᠡ ᠵᠦᠶᠯ ᠤᠨ ᠪᠣᠳᠠᠲᠠᠶ ᠠᠵᠢᠯ ᠢ ᠰᠠᠶᠢᠲᠤᠷ ᠠᠳᠬᠤᠬᠤ ᠳᠡᠭᠡᠷ᠎ᠡ ᠢᠯᠡᠷᠡᠭᠦᠯᠵᠦ ᠦᠵᠡᠯ ᠰᠠᠨᠠᠭ᠎ᠠ ᠣᠶᠢᠯᠠᠭᠠᠭᠳᠠᠬᠤᠨ  ᠢᠶᠠᠨ ᠲᠠᠰᠤᠷᠠᠯᠲᠠ ᠦᠭᠡᠢ ᠬᠤᠪᠢᠷᠠᠭᠤᠯᠤᠨ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ ᠲᠤᠭᠳᠠᠯᠴᠠᠭ᠎ᠠ ᠪᠠᠨ ᠲᠡᠭᠦᠯᠳᠡᠷᠵᠢᠭᠦᠯᠵᠦ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠂ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠠᠵᠢᠯ ᠢ ᠠᠬᠢᠭᠤᠯᠬᠤ ᠬᠦᠴᠦᠲᠡᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ ᠵᠠᠰᠠᠭ ᠤᠨ ᠣᠷᠳᠣᠨ ᠤ ᠡᠯ᠎ᠡ ᠵᠦᠶᠯ ᠤᠨ ᠬᠠᠷᠠᠯᠲᠠ ᠡᠭᠦᠷᠭᠡ ᠶᠢ ᠪᠦᠲᠦᠮᠵᠢᠲᠡᠶ ᠪᠥᠭᠡᠳ ᠡᠮᠬᠢ ᠵᠢᠷᠤᠮ ᠲᠠᠢ ᠠᠬᠢᠭᠤᠯᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠢ᠃
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ