ᠨᠢᠭᠡ᠂ ᠤᠳᠤᠷᠢᠳᠬᠤ ᠪᠠᠭ | ᠬᠤᠷᠢᠶᠠᠯᠲᠤ ︵ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | ︶ | ᠱᠧ ᠵᠢᠶᠦ᠋ᠨ ︵ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠬᠦᠨ᠂ | ᠲᠣᠪᠴᠢᠶᠠᠨ ᠳᠡᠳ᠋ ᠳᠠᠷᠤᠭ᠎ᠠ︶ | ᠬᠥ᠋ ᠽᠢ ᠳ᠋ᠦᠩ ︵ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠬᠦᠨ᠂ | ᠲᠣᠪᠴᠢᠶᠠᠨ ᠳᠡᠳ᠋ ᠳᠠᠷᠤᠭ᠎ᠠ︶ | ᠭᠤᠤ ᠵᠢᠶᠠᠨ ᠸᠧᠨ ︵ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠬᠦᠨ︶ | | ᠴᠧᠨ ᠵᠢᠶᠠᠨ ᠴᠢᠩ ︵ᠵᠢᠩᠬᠢᠨᠢ ᠰᠠᠯᠠᠭᠠᠨ ᠲᠡᠰ ᠤᠨ ᠤᠳᠤᠷᠢᠳᠬᠤ ᠲᠤᠰᠢᠶᠠᠯ ᠤᠨ ᠬᠠᠷᠠᠭᠠᠯᠵᠠᠯ ᠲᠠᠢ︶ | ᠮᠠᠨᠳᠤᠯ᠎ᠠ ︵ᠳᠡᠳ᠋ ᠰᠠᠯᠠᠭᠠᠨ ᠲᠡᠰ ᠤᠨ ᠤᠳᠤᠷᠢᠳᠬᠤ ᠲᠤᠰᠢᠶᠠᠯ ᠤᠨ ᠬᠠᠷᠠᠭᠠᠯᠵᠠᠯ ᠲᠠᠢ︶ | ᠨᠢᠦ ᠳ᠋ᠦᠩ ᠢ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠭᠡᠶᠢᠯᠡᠭᠰᠡᠨ ᠬᠠᠦᠯᠢ ᠬᠡᠷᠡᠭᠵᠢᠬᠦᠯᠬᠦ ᠲᠤᠪᠴᠢᠶᠠᠨ | ᠤ ᠲᠤᠪᠴᠢᠶᠠᠨ ᠳᠠᠷᠤᠭ᠎ᠠ︶ | ᠬᠤᠶᠠᠷ᠂ ᠦᠤᠰᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶᠠᠨ ᠤ ᠡᠭᠦᠷᠭᠡ | ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ | ᠲᠣᠭᠲᠠᠭᠠᠯ | ᠨᠢᠭᠡᠳᠦᠭᠡᠷ ᠵᠤᠷᠪᠤᠰ ᠣᠷᠳᠣᠰ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠵᠥᠪᠰᠢᠶᠡᠷᠡᠭᠰᠡᠨ ︽ᠦᠤᠰᠢᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ | ᠪᠣᠯᠤᠨ ᠦᠤᠰᠢᠨ ᠬᠤᠰᠢᠭᠤᠨ ᠤ ᠳᠠᠷᠤᠮᠠᠯᠯᠠᠨ ᠲᠠᠷᠬᠠᠭᠠᠭᠰᠠᠨ ︽ᠦᠤᠰᠢᠨ ᠬᠤᠰᠢᠭᠤᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ ᠲᠤᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠤᠷᠪᠤᠰ ᠦᠤᠰᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠣᠯ | ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ ᠪᠠᠶᠢᠵᠤ ᠵᠢᠩᠬᠢᠨᠢ | ᠰᠠᠯᠠᠭᠠᠨ ᠳᠡᠰ ᠪᠣᠯᠤᠨ᠎ᠠ᠃ | ᠭᠤᠷᠪᠠᠳᠤᠭᠠᠷ ᠵᠤᠷᠪᠤᠰ ᠦᠤᠰᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠵᠠᠮ | ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ | ᠪᠣᠳᠣᠯᠭ᠎ᠠ ᠶᠢ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶ᠎ᠠ ᠪᠣᠯᠤᠨ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠵᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠪᠠ ᠴᠢᠩᠭᠠᠳᠬᠠᠨ᠎ᠠ᠃ | ᠭᠤᠣᠯ ᠡᠭᠦᠷᠭᠡ ᠬᠠᠷᠢᠭᠤᠴᠠᠯᠭ᠎ᠠ ᠪᠤᠯ᠄ | ︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠦᠷᠢᠮ ᠪᠣᠯᠤᠨ ᠥᠪᠡᠷᠲᠡᠭᠡᠨ ᠵᠠᠰᠠᠬᠤ ᠣᠷᠣᠨ ᠤ | ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ | ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠬᠥᠭᠵᠢᠯᠲᠡ ᠶᠢᠨ ᠲᠦᠯᠦᠪᠵᠢᠬᠦᠯᠭᠡ᠂ ᠲᠥᠰᠦᠯ᠂ ᠬᠡᠷᠡᠭᠵᠢᠭᠦᠯᠬᠦ | ᠠᠷᠭ᠎ᠠ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠤᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠬᠦ ᠪᠠ ᠤᠬᠠᠭᠤᠯᠬᠤ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ | ᠲᠤᠭᠤᠷᠪᠢᠨ ᠲᠣᠭᠲᠠᠭᠠᠵᠤ᠂ ᠪᠠᠷᠠᠭᠠᠨ ᠬᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ | ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ ᠬᠠᠮᠢᠶ᠎ᠠ ᠪᠦᠬᠦᠢ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠠᠵᠢᠯ ᠢ | ᠡᠭᠦᠷᠭᠡᠯᠡᠨ᠎ᠡ᠃ | ︵ᠬᠤᠶᠠᠷ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠬᠢᠨᠠᠨ ᠬᠠᠮᠢᠶᠠᠷᠤᠨ᠎ᠠ᠃ ᠬᠠᠮᠢᠶ᠎ᠠ ᠪᠦᠬᠦᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ᠂ | ᠪᠡᠯᠡ ᠮᠥᠩᠭᠦ ᠵᠢᠴᠢ ᠡᠳ᠋ ᠤᠨ ᠵᠠᠰᠠᠭ᠂ ᠭᠠᠵᠠᠷ ᠰᠢᠷᠣᠶ᠂ ᠦᠨ᠎ᠡ ᠬᠠᠩᠰᠢ᠂ ᠪᠡᠯᠡ ᠮᠦᠩᠭᠦ ᠴᠤᠭᠯᠠᠭᠤᠯᠬᠤ ᠵᠡᠷᠭᠡ | ᠲᠠᠯ᠎ᠠ ᠳᠤ ᠬᠤᠯᠪᠣᠭᠳᠠᠬᠤ ᠪᠤᠰᠤᠳ ᠰᠠᠨᠠᠭᠤᠯᠭ᠎ᠠ ᠶᠢ ᠳᠤᠷᠠᠳᠴᠤ᠂ ᠬᠠᠮᠢᠶ᠎ᠠ ᠪᠦᠬᠦᠢ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠵᠤ᠂ ᠵᠠᠰᠠᠭ ᠤᠨ ᠣᠷᠳᠣᠨ ᠤ ᠴᠢᠨᠠᠷᠲᠠᠶ ᠥᠷᠢ | ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ | ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠭᠤᠷᠪᠠ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ | ᠠᠵᠢᠯ ᠢ ᠬᠢᠨᠠᠵᠤ ᠬᠠᠮᠢᠶᠠᠷᠤᠨ᠎ᠠ᠃ ᠬᠢᠵᠠᠭᠠᠷᠯᠠᠯ ᠠᠴᠠ ᠬᠡᠲᠦᠷᠡᠭᠰᠡᠨ ᠲᠡᠭᠡᠭᠡᠪᠦᠷᠢ᠂ ᠵᠠᠮ ᠳᠤ ᠬᠤᠯᠪᠣᠭᠳᠠᠬᠤ ᠪᠠᠷᠢᠯᠭ᠎ᠠ | ᠪᠣᠯᠤᠨ ᠰᠦᠢᠳᠬᠡᠯ ᠬᠤᠷᠢᠶᠠᠬᠤ ᠵᠠᠰᠠᠮᠠᠯ ᠵᠠᠮ ᠤᠨ ᠬᠠᠮᠢᠶ᠎ᠠ ᠪᠦᠬᠦᠢ ᠵᠦᠢᠯ ᠢ ᠬᠠᠮᠢᠶᠠᠷᠴᠤ᠂ ᠵᠠᠰᠠᠮᠠᠯ ᠵᠠᠮ ᠢ | ᠠᠷᠠᠴᠢᠯᠠᠨ ᠬᠠᠮᠠᠭᠠᠯᠠᠬᠤ᠂ ᠵᠠᠮ ᠤᠨ ᠶᠠᠪᠤᠳᠠᠯ᠂ ᠡᠵᠡᠩᠨᠡᠯᠲᠡ ᠶᠢᠨ ᠦᠢᠯᠡᠴᠢᠯᠡᠭᠡ ᠵᠡᠷᠭᠡ ᠠᠵᠢᠯ ᠢ ᠵᠢᠯᠤᠭᠤᠳᠤᠨ᠎ᠠ᠃ | ᠵᠠᠰᠠᠮᠠᠯ ᠵᠠᠮ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ ᠵᠠᠮ ᠤᠨ ᠲᠣᠣᠷ ᠰᠦᠯᠵᠢᠶ᠎ᠡ ᠶᠢ ᠬᠢᠨᠠᠨ ᠬᠡᠮᠵᠢᠬᠦ ᠠᠵᠢᠯ ᠢ | ᠡᠭᠦᠷᠭᠡᠯᠡᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶ᠎ᠠ ᠪᠦᠬᠦᠢ ᠠᠵᠢᠯ ᠢ ᠳᠠᠭᠠᠭᠠᠨ ᠡᠷᠬᠢᠯᠡᠨ᠎ᠡ᠃ | ︵ᠲᠦᠷᠪᠡ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ | ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠢᠨᠠᠨ ᠬᠠᠮᠢᠶᠠᠷᠤᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠠᠨ | ᠳᠤ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ | ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠦᠨ᠎ᠡ ᠶᠢ ᠲᠣᠭᠲᠠᠭᠠᠬᠤ᠂ ᠳᠠᠭᠠᠭᠠᠴᠢᠯᠠᠯᠲᠠ ᠵᠠᠷᠯᠠᠵᠤ | ᠬᠦᠯᠢᠶᠡᠬᠦ᠂ ᠠᠵᠢᠯ ᠡᠷᠬᠢᠯᠡᠬᠦ ᠬᠢᠷᠢ ᠬᠡᠮ᠂ ᠶᠠᠰᠤ ᠴᠢᠨᠠᠷ ᠤᠨ ᠬᠢᠨᠠᠯᠲᠠ᠂ ᠪᠠᠷᠢᠯᠭ᠎ᠠ ᠳᠠᠭᠤᠰᠴᠤ ᠰᠢᠯᠭᠠᠨ ᠠᠪᠬᠤ | ᠵᠡᠷᠭᠡ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠲᠠᠪᠤ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ | ᠬᠠᠮᠢᠶᠠᠷᠤᠯᠲᠠ ᠶᠢᠨ ᠠᠵᠢᠯ ᠢ ᠬᠢᠨᠠᠨ ᠬᠠᠮᠢᠶᠠᠷᠤᠨ᠎ᠠ᠃ ᠬᠤᠰᠢᠭᠤ ᠠᠯᠤᠰᠯᠠᠭᠰᠠᠨ ᠣᠷᠣᠨ ᠤ ᠵᠠᠮ ᠤᠨ ᠠᠶᠠᠨᠴᠢᠳ ᠤᠨ | ᠲᠡᠭᠡᠭᠡᠪᠦᠷᠢ᠂ ᠠᠭᠠᠷ ᠠᠶᠠᠯᠠᠯ ᠤᠨ ᠠᠭᠠᠷ ᠢᠶᠠᠷ ᠨᠡᠪᠲᠡᠷᠡᠬᠦ ᠨᠥᠬᠦᠴᠡᠯ ᠤᠨ ᠨᠥᠯᠥᠭᠡᠯᠡᠯ ᠢ ᠦᠨᠡᠯᠡᠨ ᠬᠠᠮᠢᠶᠠᠷᠬᠤ ᠶᠢ | ᠬᠠᠷᠢᠭᠤᠴᠠᠨ᠎ᠠ᠃ ᠵᠠᠰᠠᠮᠠᠯ ᠵᠠᠮ ᠤᠰᠤᠨ ᠵᠠᠮ ᠤᠨ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ᠂ | ᠠᠶᠠᠨᠴᠢᠳ ᠤᠨ ᠪᠠᠷᠠᠭᠠᠨ ᠤ ᠲᠡᠭᠡᠭᠡᠪᠦᠷᠢ ᠶᠢᠨ ᠥᠷᠲᠡᠭᠡ ᠶᠢᠨ ᠡᠵᠡᠩᠨᠡᠯᠲᠡ᠂ ᠮᠠᠰᠢᠨ ᠬᠦᠳᠡᠯᠭᠡᠭᠦᠷᠲᠦ ᠲᠡᠷᠭᠡ ᠶᠢ | ᠰᠡᠯᠪᠢᠨ ᠵᠠᠰᠠᠬᠤ᠂ ᠡᠵᠡᠩᠨᠡᠯᠲᠡ ᠶᠢᠨ ᠲᠡᠷᠭᠡᠨ ᠤ ᠶᠡᠷᠦᠩᠬᠡᠶᠢᠯᠡᠭᠰᠡᠨ ᠴᠢᠳᠠᠪᠤᠷᠢ ᠶᠢ ᠪᠠᠶᠢᠴᠠᠭᠠᠨ ᠬᠡᠮᠵᠢᠬᠦ᠂ ᠮᠠᠰᠢᠨ | ᠬᠦᠳᠡᠯᠭᠡᠭᠦᠷᠲᠦ ᠲᠡᠷᠭᠡᠨ ᠤ ᠵᠢᠯᠣᠭᠤᠴᠢ ᠶᠢᠨ ᠪᠣᠯᠪᠠᠰᠤᠷᠠᠭᠤᠯᠤᠯ᠂ ᠠᠵᠢᠯᠯᠠᠭᠴᠢᠳ ᠤᠨ ᠬᠠᠮᠢᠶᠠᠷᠤᠯᠲᠠ ᠵᠡᠷᠭᠡ | ᠠᠵᠢᠯ ᠢ ᠬᠢᠨᠠᠯᠲᠠ ᠲᠠᠯᠪᠢᠨ ᠵᠢᠯᠣᠭᠤᠳᠤᠨ᠎ᠠ᠃ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ | ᠮᠠᠰᠢᠨ ᠲᠡᠷᠭᠡ ᠲᠦᠷᠢᠶᠡᠰᠦᠯᠡᠬᠦ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠵᠡᠷᠭᠡ ᠬᠤᠲᠠ ᠶᠢᠨ ᠠᠶᠠᠨᠴᠢᠳ ᠤᠨ | ᠲᠡᠭᠡᠭᠡᠪᠦᠷᠢ ᠶᠢᠨ ᠬᠠᠮᠢᠶᠠᠷᠤᠯᠲᠠ ᠶᠢ ᠵᠢᠯᠣᠭᠤᠳᠤᠨ᠎ᠠ᠃ ᠠᠭᠠᠷ ᠠᠶᠠᠯᠠᠯ ᠤᠨ ᠵᠠᠮ᠂ ᠣᠯᠣᠮ᠂ ᠭᠠᠷᠠᠮ ᠤᠨ | ᠠᠷᠠᠴᠢᠯᠠᠯᠲᠠ ᠶᠢ ᠵᠢᠯᠣᠭᠤᠳᠴᠤ ᠣᠩᠭᠤᠴᠠ ᠶᠢ ᠳᠠᠩᠰᠠᠯᠠᠬᠤ᠂ ᠰᠢᠯᠭᠠᠨ ᠪᠠᠶᠢᠴᠠᠭᠠᠬᠤ ᠪᠠ ᠣᠩᠭᠤᠴᠠᠨ ᠤ | ᠠᠵᠢᠯᠲᠠᠨ ᠤ ᠬᠠᠮᠢᠶᠠᠷᠤᠯᠲᠠ ᠶᠢ ᠵᠢᠯᠣᠭᠤᠳᠤᠨ᠎ᠠ᠃ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ | ᠡᠵᠡᠩᠨᠡᠯᠲᠡ ᠬᠠᠮᠢᠶᠠᠷᠤᠯᠲᠠ ᠶᠢ ᠵᠢᠯᠣᠭᠤᠳᠴᠤ᠂ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶ᠎ᠠ | ᠪᠦᠬᠦᠢ ᠲᠦᠬᠦᠭᠡᠷᠦᠮᠵᠢ ᠶᠢᠨ ᠲᠦᠯᠦᠪᠵᠢᠬᠦᠯᠭᠡ ᠪᠣᠯᠤᠨ ᠬᠠᠮᠢᠶᠠᠷᠤᠯᠲᠠ ᠶᠢᠨ ᠠᠵᠢᠯ ᠳᠤ ᠤᠷᠤᠯᠴᠠᠨ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ᠂ ᠳᠦᠷᠢᠮ ᠪᠣᠯᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ | ᠬᠢᠨᠠᠯᠲᠠ ᠲᠠᠯᠪᠢᠨ ᠬᠡᠷᠡᠭᠵᠢᠬᠦᠯᠦᠨ᠎ᠡ᠃ | ︵ᠵᠢᠷᠭᠤᠭ᠎ᠠ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠠᠶᠤᠯᠬᠦᠢ | ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠬᠢᠨᠠᠨ ᠬᠠᠮᠢᠶᠠᠷᠤᠨ᠎ᠠ᠃ | ᠵᠠᠰᠠᠮᠠᠯ ᠵᠠᠮ ᠤᠰᠤᠨ ᠵᠠᠮ ᠤᠨ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠣᠯᠤᠨ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠬᠦᠯᠦᠨ᠎ᠡ᠃ | ᠬᠠᠮᠢᠶ᠎ᠠ ᠪᠦᠬᠦᠢ ᠵᠠᠮ ᠤᠨ ᠰᠦᠯᠵᠢᠶᠠᠨ ᠤ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ | ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠨ᠎ᠡ᠃ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠰᠢᠭᠤᠨ ᠤ ᠭᠤᠣᠯᠳᠠᠯᠭ᠎ᠠ ᠲᠠᠢ ᠡᠳ᠋ ᠪᠠᠷᠠᠭ᠎ᠠ᠂ ᠠᠶᠠᠨᠴᠢᠳ | ᠤᠨ ᠪᠠᠴᠢᠮ ᠪᠠᠷᠠᠭᠠᠨ ᠤ ᠲᠡᠭᠡᠭᠡᠪᠦᠷᠢ ᠶᠢ ᠲᠤᠬᠢᠷᠠᠭᠤᠯᠤᠨ ᠡᠵᠡᠮᠳᠡᠬᠦ ᠶᠢ ᠬᠠᠷᠢᠭᠤᠴᠠᠨ᠎ᠠ᠃ | ︵ᠳᠣᠯᠤᠭ᠎ᠠ︶ ᠬᠤᠰᠢᠭᠤ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠠᠨ ᠳᠤ | ᠪᠥᠬᠦ ᠬᠤᠰᠢᠭᠤᠨ ᠤ ᠴᠢᠨᠠᠷᠲᠠᠢ ᠵᠠᠰᠠᠮᠠᠯ ᠵᠠᠮ ᠤᠨ ᠶᠠᠪᠤᠳᠠᠯ᠂ ᠵᠠᠮ ᠲᠡᠭᠡᠭᠡᠪᠦᠷᠢ ᠶᠢᠨ ᠶᠠᠪᠤᠳᠠᠯ᠂ ᠤᠰᠤᠨ ᠵᠠᠮ ᠤᠨ | ᠲᠡᠭᠡᠭᠡᠪᠦᠷᠢ ᠶᠢᠨ ᠶᠠᠪᠤᠳᠠᠯ᠂ ᠣᠷᠣᠨ ᠨᠤᠲᠤᠭ ᠤᠨ ᠳᠠᠯᠠᠢ ᠶᠢᠨ ᠶᠠᠪᠤᠳᠠᠯ ᠤᠨ ᠵᠠᠰᠠᠭ ᠵᠠᠬᠢᠷᠭ᠎ᠠ᠂ ᠪᠠᠷᠢᠯᠭ᠎ᠠ ᠶᠢᠨ | ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠵᠡᠷᠭᠡ ᠬᠦᠷᠢᠶᠡᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠪᠠᠶᠢᠴᠠᠭᠠᠨ ᠰᠢᠢᠳᠪᠦᠷᠢᠯᠡᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠬᠡᠷᠡᠭ ᠢ ᠰᠢᠢᠳᠪᠦᠷᠢᠯᠡᠨ᠎ᠡ᠃ ᠰᠤᠮᠤ | ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠵᠤ | ᠬᠠᠮᠢᠶᠠᠷᠤᠨ᠎ᠠ᠃ | ︵ᠨᠠᠢᠮᠠ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ | ᠬᠠᠮᠢᠶᠠᠷᠤᠨ᠎ᠠ᠃ | ︵ᠶᠢᠰᠦ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠦᠨ ᠳᠡᠯᠭᠡᠷᠡᠭᠦᠯᠬᠦ ᠶᠢ ᠵᠢᠯᠣᠭᠤᠳᠴᠤ᠂ ᠮᠡᠳᠡᠭᠡ ᠵᠠᠩᠭᠢᠴᠢᠯᠠᠯᠲᠠ᠂ | ᠪᠠᠷᠢᠮᠵᠢᠶᠠᠵᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ︵ᠠᠷᠪᠠ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠥᠭᠡᠷᠡᠴᠢᠯᠡᠯᠲᠡ ᠶᠢᠨ | ᠠᠵᠢᠯ ᠪᠠ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃ | ︵ᠠᠷᠪᠠᠨ ᠨᠢᠭᠡ︶ ᠵᠠᠮ ᠬᠠᠷᠢᠯᠴᠠᠭᠠᠨ ᠤ ᠪᠠᠶᠢᠯᠳᠤᠬᠤ ᠪᠤᠳᠤᠯᠭ᠎ᠠ ᠶᠢᠨ ᠲᠠᠯ᠎ᠠ ᠳᠠᠬᠢ ᠬᠠᠮᠢᠶ᠎ᠠ ᠪᠦᠬᠦᠢ ᠠᠵᠢᠯ ᠢ | ᠬᠠᠷᠢᠭᠤᠴᠠᠨ᠎ᠠ᠃ | ︵ᠠᠷᠪᠠᠨ ᠬᠤᠶᠠᠷ︶ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠭᠤᠷᠪᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ⒈ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠄ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠬᠠᠶᠢᠨ | ᠪᠠᠶᠢᠴᠠᠭᠠᠵᠤ ᠵᠢᠷᠤᠭᠯᠠᠨ ᠲᠥᠯᠥᠪᠯᠡᠬᠦ ᠶᠢ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠬᠦ ᠶᠢ ᠬᠠᠷᠢᠭᠤᠴᠠᠵᠤ᠂ | ᠪᠠᠷᠢᠯᠭ᠎ᠠ ᠶᠢᠨ ᠶᠠᠪᠤᠭᠳᠠᠭᠤᠰᠢᠲᠠᠢ ᠰᠤᠳᠤᠯᠤᠯ ᠤᠨ ᠮᠡᠳᠡᠭᠦᠯᠦᠯᠲᠡ ᠶᠢᠨ ᠠᠵᠢᠯ ᠲᠥᠷᠥᠯ ᠤᠨ ᠬᠢᠨᠠᠨ ᠪᠠᠶᠢᠴᠠᠭᠠᠬᠤ | ᠰᠠᠨᠠᠯ ᠢ ᠳᠤᠷᠠᠳᠤᠨ᠎ᠠ᠃ ᠬᠤᠰᠢᠭᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠵᠠᠰᠠᠮᠠᠯ ᠵᠠᠮ ᠤᠰᠤᠨ | ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠵᠤ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ | | ⒉ᠤᠰᠤᠨ ᠳᠡᠭᠡᠷᠡᠬᠢ ᠵᠠᠮ ᠬᠠᠷᠢᠯᠴᠠᠭᠠᠨ ᠤ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠄ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠵᠢᠭᠠᠰᠤᠨ | ᠭᠠᠷᠠᠮ ᠤᠨ ᠤᠰᠤᠨ ᠣᠷᠣᠨ ᠤ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠡᠶ᠎ᠡ ᠲᠠᠮᠢᠷ ᠤᠨ | ᠰᠠᠯᠠᠭ᠎ᠠ ᠮᠥᠴᠢᠷ ᠨᠢ ᠤᠷᠤᠯᠳᠤᠭᠠᠨ ᠳᠤ ᠣᠷᠣᠯᠴᠠᠭᠰᠠᠨ ᠪᠡᠶ᠎ᠡ ᠲᠠᠮᠢᠷ ᠤᠨ ᠬᠥᠳᠡᠯᠭᠡᠭᠡᠨ ᠤ ᠣᠩᠭᠤᠴᠠ ᠶᠢᠨ | ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ | ᠮᠥᠴᠢᠷ ᠨᠢ ᠪᠤᠰᠤᠳ ᠣᠩᠭᠤᠴᠠ ᠵᠢᠴᠢ ᠵᠦᠪᠰᠢᠶᠡᠷᠡᠯ ᠢᠶᠠᠷ ᠳᠠᠮᠵᠢᠨ ᠠᠶᠠᠨᠴᠢᠳ ᠤᠨ ᠲᠡᠭᠡᠭᠡᠪᠦᠷᠢ ᠡᠷᠬᠢᠯᠡᠵᠦ | ᠪᠠᠶᠢᠭ᠎ᠠ ᠵᠢᠭᠠᠰᠤ ᠠᠩᠨᠠᠬᠤ ᠤᠩᠭᠤᠴᠠᠨ ᠤ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠪᠠ ᠠᠭᠠᠷ ᠢᠶᠠᠷ ᠨᠡᠪᠲᠡᠷᠡᠬᠦ | ᠤᠰᠤᠨ ᠣᠷᠣᠨ ᠤ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠰᠤᠮᠤ ᠪᠠᠯᠭᠠᠰᠤᠨ ᠤ | ᠲᠡᠭᠡᠭᠡᠪᠦᠷᠢ ᠶᠢᠨ ᠪᠤᠰᠤ ᠣᠩᠭᠤᠴᠠ ᠶᠢ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠰᠢᠶᠠᠩ | ᠪᠠᠯᠭᠠᠰᠤᠨ ᠤ ᠲᠡᠭᠡᠭᠡᠪᠦᠷᠢ ᠶᠢᠨ ᠤᠩᠭᠤᠴᠠᠨ ᠤ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ | ᠲᠣᠭᠲᠠᠭᠠᠯ ᠢᠶᠠᠷ ᠯᠠᠪᠯᠠᠯᠲᠠ ᠪᠣᠯᠭᠠᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠲᠠ ᠶᠢᠨ | ᠴᠡᠴᠡᠷᠯᠢᠭ ᠤᠨ ᠤᠰᠤᠨ ᠣᠷᠣᠨ ᠤ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢ ᠬᠤᠰᠢᠭᠤ ᠬᠤᠲᠠ ᠶᠢᠨ ᠴᠡᠴᠡᠷᠯᠢᠭ | ᠤᠨ ᠤᠰᠤᠨ ᠣᠷᠣᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ᠎ᠠ᠃ | ⒊ ᠭᠤᠤᠯ ᠤᠨ ᠵᠠᠮ ᠤᠨ ᠬᠠᠶᠢᠷ ᠡᠯᠡᠰᠦ ᠮᠠᠯᠲᠠᠬᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ᠄ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠭᠤᠤᠯ ᠤᠨ ᠵᠠᠮ ᠠᠴᠠ ᠬᠠᠶᠢᠷ ᠡᠯᠡᠰᠤ | ᠮᠠᠯᠲᠠᠵᠤ ᠤᠰᠤᠨ ᠴᠥᠭᠦᠷᠥᠮ ᠤᠨ ᠠᠮᠤᠷ ᠲᠦᠪᠰᠢᠨ ᠢ ᠨᠥᠯᠥᠭᠡᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ ᠤᠰᠤᠨ | ᠠᠰᠢᠭᠯᠠᠯᠲᠠ ᠶᠢᠨ ᠰᠠᠯᠠᠭ᠎ᠠ ᠮᠥᠴᠢᠷ ᠭᠤᠤᠯ ᠤᠨ ᠵᠠᠮ ᠠᠴᠠ ᠬᠠᠶᠢᠷ ᠡᠯᠡᠰᠦ ᠮᠠᠯᠲᠠᠬᠤ ᠠᠵᠢᠯ ᠢ ᠬᠢᠨᠠᠨ | ᠬᠠᠮᠢᠶᠠᠷᠬᠤ ᠶᠢ ᠬᠠᠷᠢᠭᠤᠴᠠᠵᠤ᠂ ᠭᠤᠤᠯ ᠤᠨ ᠵᠠᠮ ᠠᠴᠠ ᠬᠠᠶᠢᠷ ᠡᠯᠡᠰᠦ ᠮᠠᠯᠲᠠᠬᠤ ᠲᠦᠯᠦᠪᠵᠢᠬᠦᠯᠭᠡ ᠪᠣᠯᠤᠨ | ᠲᠥᠯᠥᠪᠯᠡᠭᠡ ᠶᠢ ᠨᠠᠶᠢᠷᠠᠭᠤᠯᠤᠨ ᠲᠤᠭᠲᠠᠭᠠᠬᠤ ᠶᠢ ᠵᠢᠯᠣᠭᠤᠳᠤᠨ᠎ᠠ᠃ | ᠳᠥᠷᠪᠡᠳᠦᠭᠡᠷ ᠵᠤᠷᠪᠤᠰ ᠦᠤᠰᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ | ᠳᠣᠣᠷᠠᠬᠢ ᠳᠣᠲᠣᠭᠠᠳᠤ ᠪᠠᠶᠢᠭᠤᠯᠤᠮᠵᠢ ᠶᠢ ᠳᠤᠬᠢᠷᠠᠭᠤᠯᠪᠠ᠄ | ︵ᠨᠢᠭᠡ︶ ᠠᠯᠪᠠᠨ ᠭᠡᠷ | ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠶᠡᠷᠦᠩᠬᠡᠶᠢᠯᠡᠭᠰᠡᠨ ᠴᠢᠨᠠᠷᠲᠠᠶ ᠡᠬᠡ | ᠪᠢᠴᠢᠭ ᠲᠤᠭᠤᠷᠪᠢᠬᠤ᠂ ᠬᠤᠷᠠᠯ ᠤᠨ ᠶᠠᠪᠤᠳᠠᠯ᠂ ᠨᠢᠭᠤᠴᠠ ᠪᠢᠴᠢᠭ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ | ᠵᠠᠰᠠᠭ ᠤᠨ ᠶᠠᠪᠤᠳᠠᠯ ᠢ ᠱᠠᠭᠠᠷᠳᠠᠨ ᠭᠦᠢᠴᠡᠳᠬᠡᠯᠭᠡᠬᠦ᠂ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ | ᠠᠵᠢᠯ ᠢ ᠬᠠᠷᠢᠭᠤᠴᠠᠵᠤ ᠮᠡᠳᠡᠭᠡ ᠵᠠᠩᠭᠢ ᠶᠢ ᠢᠯᠡ ᠪᠣᠯᠭᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠠᠵᠢᠯ | ᠲᠥᠷᠥᠯ ᠤᠨ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠢ ᠵᠢᠯᠣᠭᠤᠳᠤᠨ᠎ᠠ᠃ ᠪᠠᠶᠢᠭᠤᠯᠭ᠎ᠠ ᠶᠢᠨ | ᠪᠠᠶᠢᠭᠤᠯᠤᠮᠵᠢ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠲᠣᠮᠢᠯᠠᠵᠤ ᠪᠠᠭᠤᠯᠭᠠᠬᠤ᠂ ᠺᠠᠳ᠋ᠷ ᠲᠤ ᠬᠢᠨᠠᠯᠲᠠ | ᠲᠠᠯᠪᠢᠬᠤ᠂ ᠴᠠᠯᠢᠩ ᠪᠠ ᠨᠡᠶᠢᠭᠡᠮ ᠤᠨ ᠪᠠᠲᠤᠯᠠᠭ᠎ᠠ᠂ ᠤᠨ ᠤ ᠬᠢᠨᠠᠨ ᠰᠢᠯᠭᠠᠯᠲᠠ᠂ ᠭᠠᠳᠠᠭᠠᠳᠤ ︵ᠬᠢᠯᠢ︶ ᠳᠤ | ᠭᠠᠷᠬᠤ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠵᠤ᠂ ᠬᠠᠷᠢᠶ᠎ᠠ ᠨᠢᠭᠡᠴᠢ ᠶᠢᠨ ᠬᠠᠮᠢᠶ᠎ᠠ ᠪᠦᠬᠦᠢ ᠠᠵᠢᠯ ᠳᠤ | ᠬᠢᠨᠠᠯᠲᠠ ᠲᠠᠯᠪᠢᠨ ᠵᠢᠯᠣᠭᠤᠳᠤᠨ᠎ᠠ᠃ ᠪᠠᠶᠢᠭᠤᠯᠭ᠎ᠠ ᠶᠢᠨ ᠺᠠᠳ᠋ᠷ ᠠᠵᠢᠯᠲᠠᠨ ᠢ ᠪᠣᠯᠪᠠᠰᠤᠷᠠᠭᠤᠯᠤᠨ ᠬᠥᠮᠦᠵᠢᠭᠦᠯᠬᠦ | ᠠᠵᠢᠯ ᠢ ᠬᠠᠷᠢᠭᠤᠴᠠᠵᠤ᠂ ᠲᠤᠰ ᠰᠢᠰᠲ᠋ᠧᠮ ᠤᠨ ᠠᠵᠢᠯᠲᠠᠨ ᠢ ᠪᠣᠯᠪᠠᠰᠤᠷᠠᠭᠤᠯᠤᠨ ᠬᠥᠮᠦᠵᠢᠭᠦᠯᠬᠦ ᠬᠠᠮᠢᠶ᠎ᠠ ᠪᠦᠬᠦᠢ | ᠠᠵᠢᠯ ᠢ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠲᠤᠰᠬᠠᠶ ᠮᠡᠷᠭᠡᠵᠢᠯ ᠤᠨ | ᠠᠵᠢᠯᠲᠠᠨ ᠤ ᠬᠢᠷᠢ ᠬᠡᠮ ᠢ ᠬᠢᠨᠠᠨ ᠲᠣᠭᠲᠠᠭᠠᠬᠤ ᠪᠠ ᠠᠵᠢᠯᠴᠢᠨ ᠤ ᠮᠡᠷᠭᠡᠵᠢᠯ ᠤᠨ ᠵᠡᠷᠭᠡ ᠳᠡᠰ ᠢ ᠬᠢᠨᠠᠨ ᠰᠢᠯᠭᠠᠵᠤ | ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠨ᠎ᠡ᠃ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡᠨ ᠤ | ᠪᠠᠶᠢᠭᠤᠯᠤᠯᠲᠠ ᠶᠢ ᠵᠢᠯᠣᠭᠤᠳᠤᠨ᠎ᠠ᠃ ᠪᠠᠶᠢᠭᠤᠯᠭ᠎ᠠ ᠶᠢᠨ ᠠᠵᠢᠯ ᠠᠴᠠ ᠠᠮᠠᠷᠠᠵᠤ ᠠᠵᠢᠯ ᠠᠴᠠ ᠪᠠᠭᠤᠭᠰᠠᠨ | ᠬᠥᠮᠦᠰ ᠤᠨ ᠠᠵᠢᠯ ᠢ ᠬᠠᠷᠢᠭᠤᠴᠠᠵᠤ᠂ ᠬᠠᠷᠢᠶ᠎ᠠ ᠨᠢᠭᠡᠴᠢ ᠤᠨ ᠢᠶᠠᠨ ᠠᠵᠢᠯ ᠠᠴᠠ ᠠᠮᠠᠷᠠᠵᠤ ᠠᠵᠢᠯ ᠠᠴᠠ ᠪᠠᠭᠤᠭᠰᠠᠨ | ᠬᠥᠮᠦᠰ ᠤᠨ ᠠᠵᠢᠯ ᠢ ᠵᠢᠯᠣᠭᠤᠳᠤᠨ᠎ᠠ᠃ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠨᠢᠭᠲᠠᠯᠠᠨ ᠪᠣᠳᠣᠬᠤ ᠳᠦᠷᠢᠮ | ᠪᠣᠯᠤᠨ ᠲᠥᠰᠦᠪ ᠤᠨ ᠬᠠᠮᠢᠶᠠᠷᠤᠯᠲᠠ ᠶᠢᠨ ᠳᠦᠷᠢᠮ ᠢ ᠲᠤᠭᠲᠠᠭᠠᠬᠤ ᠶᠢ ᠬᠠᠷᠢᠭᠤᠴᠠᠨ᠎ᠠ᠃ ᠲᠤᠰᠬᠠᠶ ᠲᠦᠷᠦᠯ ᠤᠨ | ᠪᠡᠯᠡ ᠮᠥᠩᠭᠦ᠂ ᠲᠥᠰᠦᠪ ᠤᠨ ᠲᠣᠬᠢᠷᠠᠭᠤᠯᠤᠯᠲᠠ ᠶᠢᠨ ᠰᠠᠨᠠᠭᠤᠯᠭ᠎ᠠ ᠪᠠ ᠲᠥᠰᠦᠪ ᠤᠨ ᠬᠦᠢᠴᠡᠳᠬᠡᠯ ᠢ | ᠨᠠᠶᠢᠷᠠᠭᠤᠯᠤᠨ ᠵᠣᠬᠢᠶᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠢᠲᠡᠭᠡᠮᠵᠢᠲᠦ ᠵᠢᠭᠡᠯᠡᠯᠭᠡ᠂ ᠭᠠᠳᠠᠭᠠᠳᠤ | ᠪᠡᠯᠡ ᠶᠢ ᠠᠰᠢᠭᠯᠠᠬᠤ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ | ᠶᠢᠨ ᠠᠵᠢᠯ ᠢ ᠡᠭᠦᠷᠭᠡᠯᠡᠵᠦ ᠬᠠᠷᠢᠶ᠎ᠠ ᠨᠢᠭᠡᠴᠢ ᠤᠨ ᠢᠶᠠᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ | ᠵᠢᠯᠣᠭᠤᠳᠤᠨ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ | ᠶᠢ ᠬᠠᠷᠢᠭᠤᠴᠠᠨ᠎ᠠ᠃ | ︵ᠬᠤᠶᠠᠷ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠠᠰᠤᠭ ︵ᠬᠢᠨᠠᠨ ᠪᠠᠶᠢᠴᠠᠭᠠᠬᠤ ᠳᠠᠰᠤᠭ︶ | ᠲᠣᠭᠲᠠᠭᠠᠭᠰᠠᠨ ᠡᠷᠬᠡ ᠮᠡᠳᠡᠯ ᠤᠨ ᠬᠡᠪᠴᠢᠶᠠᠨ ᠳᠤ ᠲᠤᠪᠴᠢᠶᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ | ᠵᠥᠪᠰᠢᠶᠡᠷᠡᠯ ᠭᠤᠶᠤᠴᠢᠯᠠᠬᠤ᠂ ᠨᠤᠲᠠᠯᠠᠨ ᠵᠥᠪᠰᠢᠶᠡᠷᠡᠬᠦ᠂ ᠱᠠᠩᠨᠠᠬᠤ᠂ ᠲᠤᠭᠠᠴᠢᠨ ᠤᠯᠭᠤᠬᠤ ᠬᠡᠷᠡᠭ ᠤᠴᠢᠷ ᠢ | ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ᠂ ᠰᠢᠯᠵᠢᠭᠦᠯᠦᠨ ᠮᠡᠳᠡᠭᠦᠯᠬᠦ ᠵᠡᠷᠭᠡ ᠠᠵᠢᠯ ᠪᠠ ᠡᠳᠦᠷ | ᠲᠤᠲᠤᠮ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠷᠥᠯ ᠵᠡᠷᠭᠡ ᠶᠠᠪᠤᠳᠠᠯ ᠢ ᠬᠢᠨᠠᠨ ᠬᠠᠷᠭᠤᠭᠤᠯᠬᠤ᠂ | ᠵᠥᠪᠰᠢᠶᠡᠷᠡᠬᠦ᠂ ᠳᠠᠩᠰᠠᠯᠠᠬᠤ ᠵᠡᠷᠭᠡ ᠠᠵᠢᠯ ᠢ ᠡᠭᠦᠷᠭᠡᠯᠡᠨ᠎ᠡ᠃ ᠡᠯ᠎ᠡ ᠲᠤᠬᠠᠶᠢᠯᠠᠭᠰᠠᠨ ᠠᠵᠢᠯ ᠤᠨ ᠲᠠᠰᠤᠭ ᠤᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠶᠠᠪᠤᠳᠠᠯ ᠤᠨ ᠠᠷᠤ ᠲᠠᠯ᠎ᠠ ᠶᠢᠨ ᠠᠵᠢᠯ ᠢ ᠳᠡᠮᠵᠢᠬᠦ ᠶᠢ ᠵᠤᠬᠢᠴᠠᠭᠤᠯᠤᠨ | ᠬᠠᠷᠢᠭᠤᠴᠠᠨ᠎ᠠ᠃ ᠲᠥᠷᠥ ᠶᠢᠨ ᠪᠣᠳᠣᠯᠭ᠎ᠠ ᠶᠢᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠵᠤ᠂ | ᠵᠣᠬᠢᠴᠠᠭᠤᠯᠤᠨ ᠥᠭᠡᠷᠡᠴᠢᠯᠡᠬᠦ ᠲᠠᠯ᠎ᠠ ᠶᠢᠨ ᠠᠵᠢᠯ ᠢ ᠡᠭᠦᠷᠭᠡᠯᠡᠨ᠎ᠡ᠃ ᠠᠵᠢᠯ ᠲᠥᠷᠥᠯ ᠤᠨ ᠬᠠᠤᠯᠢ ᠶᠣᠰᠣᠭᠠᠷ ᠵᠠᠰᠠᠭ | ᠶᠠᠪᠤᠭᠤᠯᠬᠤ ᠪᠠ ᠬᠠᠤᠯᠢ ᠲᠦᠭᠡᠮᠡᠯᠵᠢᠭᠦᠯᠬᠦ ᠠᠵᠢᠯ ᠢ ᠵᠢᠯᠣᠭᠤᠳᠴᠤ᠂ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ | ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢ ᠵᠣᠬᠢᠴᠠᠭᠤᠯᠤᠨ᠎ᠠ᠃ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ | ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ | ᠪᠣᠯᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠠᠵᠢᠯ | ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠎ᠠ᠃ | ᠵᠢᠭᠠᠰᠤᠨ ᠠᠵᠤ ᠦᠢᠯᠡᠰ ᠤᠨ ᠤᠩᠭᠤᠴᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ | ᠬᠠᠷᠢᠭᠤᠴᠠᠨ᠎ᠠ᠃ ᠺᠠᠳ᠋ᠷ ᠠᠵᠢᠯᠲᠠᠨ ᠤ ᠠᠵᠢᠯ ᠤᠨ ᠰᠠᠬᠢᠯᠭ᠎ᠠ ᠪᠠᠲᠤ ᠶᠢ ᠵᠢᠷᠤᠮᠯᠠᠭᠰᠠᠨ ᠪᠠᠶᠢᠳᠠᠯ᠂ ᠣᠯᠠᠨ ᠲᠦᠮᠡᠨ ᠤ | ᠠᠵᠢᠯ ᠶᠠᠪᠤᠳᠠᠯ ᠬᠦᠢᠴᠡᠳᠭᠡᠬᠦ ᠬᠠᠨᠤᠮᠵᠢ ᠶᠢᠨ ᠬᠡᠮᠵᠢᠶ᠎ᠡ ᠶᠢᠨ ᠬᠠᠷᠢᠭᠤ ᠰᠤᠷᠪᠤᠯᠵᠢᠯᠠᠬᠤ ᠠᠵᠢᠯ ᠢ ᠬᠠᠷᠢᠭᠤᠴᠠᠨ | ᠬᠢᠨᠠᠯᠲᠠ ᠲᠠᠯᠪᠢᠨ ᠪᠠᠶᠢᠴᠠᠭᠠᠵᠤ᠂ ᠲᠤᠪᠴᠢᠶᠠᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠳᠤᠭᠤᠶᠢᠯᠠᠩ ᠢ ᠬᠠᠮᠵᠢᠨ ᠺᠠᠳ᠋ᠷ ᠠᠵᠢᠯᠲᠠᠨ ᠤ ᠬᠠᠤᠯᠢ ᠵᠦᠷᠢᠴᠡᠵᠤ ᠰᠠᠬᠢᠯᠭ᠎ᠠ ᠪᠠᠲᠤ ᠶᠢ ᠵᠦᠷᠢᠴᠡᠭᠰᠡᠨ ᠬᠡᠷᠡᠭ ᠢ | ᠪᠠᠶᠢᠴᠠᠭᠠᠨ ᠰᠢᠢᠳᠪᠦᠷᠢᠯᠡᠨ᠎ᠡ᠃ ᠵᠠᠰᠠᠮᠠᠯ ᠵᠠᠮ ᠤᠨ ᠢᠨᠵᠧᠨᠧᠷᠢᠩ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ | ᠲᠠᠯᠪᠢᠬᠤ ᠭᠠᠷᠳᠠᠮ ᠵᠢᠴᠢ ᠪᠠᠷᠢᠯᠭ᠎ᠠ ᠪᠠᠷᠢᠬᠤ ᠵᠥᠪᠰᠢᠶᠡᠷᠡᠯ ᠢ ᠬᠠᠷᠢᠭᠤᠴᠠᠨ ᠬᠦᠢᠴᠡᠳᠬᠡᠵᠤ ᠪᠥᠬᠦ ᠬᠤᠰᠢᠭᠤᠨ ᠤ | ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ︵ᠰᠢᠨ᠎ᠡ ᠪᠠᠷ ᠪᠠᠶᠢᠭᠤᠯᠬᠤ᠂ | ᠥᠭᠡᠷᠡᠴᠢᠯᠡᠨ ᠪᠠᠶᠢᠭᠤᠯᠬᠤ᠂ ᠶᠡᠬᠡᠪᠡᠷ ᠵᠠᠰᠠᠵᠤ ᠠᠷᠠᠴᠢᠯᠠᠨ ᠬᠠᠮᠠᠭᠠᠯᠠᠬᠤ ᠢᠨᠵᠧᠨᠧᠷᠢᠩ︶ ᠤᠨ ᠶᠠᠰᠤ ᠴᠢᠨᠠᠷ ᠤᠨ | ᠪᠥᠬᠦ ᠶᠠᠪᠤᠴᠠ ᠳᠤ ᠬᠢᠨᠠᠯᠲᠠ ᠬᠠᠮᠢᠶᠠᠷᠤᠯᠲᠠ ᠬᠢᠵᠦ᠂ ᠪᠠᠷᠢᠯᠭ᠎ᠠ ᠶᠢᠨ ᠭᠠᠵᠠᠷ ᠤᠨ ᠪᠠᠷᠢᠮᠵᠢᠶᠠᠵᠢᠭᠰᠠᠨ ᠪᠦᠲᠦᠭᠡᠨ | ᠪᠠᠶᠢᠭᠤᠯᠤᠯᠲᠠ ᠳᠤ ᠬᠢᠨᠠᠯᠲᠠ ᠬᠠᠮᠢᠶᠠᠷᠤᠯᠲᠠ ᠬᠢᠨ᠎ᠡ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠠᠨ ᠳᠤ ᠵᠠᠰᠠᠮᠠᠯ | ᠵᠠᠮ ᠤᠰᠤᠨ ᠲᠡᠭᠡᠭᠡᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ | ᠰᠢᠯᠭᠠᠨ ᠬᠤᠷᠢᠶᠠᠬᠤ ᠠᠴᠠ ᠡᠮᠦᠨᠡᠬᠢ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠ ᠬᠢᠨᠠᠨ ᠲᠤᠭᠲᠠᠭᠠᠬᠤ᠂ ᠪᠠᠷᠢᠯᠭ᠎ᠠ | ᠳᠠᠭᠤᠰᠬᠤ ᠶᠠᠰᠤ ᠴᠢᠨᠠᠷ ᠤᠨ ᠬᠢᠨᠠᠨ ᠲᠤᠭᠲᠠᠭᠠᠯᠲᠠ ᠶᠢ ᠭᠠᠷᠭᠠᠵᠤ ᠥᠭᠬᠦ ᠶᠢ ᠬᠠᠷᠢᠭᠤᠴᠠᠨ᠎ᠠ᠃ ᠠᠵᠢᠯ ᠲᠥᠷᠥᠯ ᠤᠨ | ᠮᠡᠷᠭᠡᠵᠢᠯ ᠢ ᠵᠢᠯᠣᠭᠤᠳᠬᠤ ᠠᠵᠢᠯ ᠢ ᠬᠠᠷᠢᠭᠤᠴᠠᠵᠤ᠂ ᠬᠦᠨᠳᠦ ᠶᠡᠭᠡ ᠶᠠᠰᠤ ᠴᠢᠨᠠᠷ ᠪᠣᠯᠤᠨ ᠠᠮᠤᠷ ᠲᠦᠪᠰᠢᠨ ᠤ | ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ | ︵ᠭᠤᠷᠪᠠ︶ ᠶᠡᠷᠦᠩᠬᠡᠶᠢᠯᠡᠭᠰᠡᠨ ᠳᠠᠰᠤᠭ | ᠪᠦᠬᠦ ᠬᠤᠰᠢᠭᠤᠨ ᠤ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ | ᠲᠦᠯᠦᠪᠵᠢᠬᠦᠯᠭᠡ ᠵᠢᠴᠢ ᠵᠠᠰᠠᠮᠠᠯ ᠵᠠᠮ ᠤᠰᠤᠨ ᠵᠠᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠤᠰᠬᠠᠶ | ᠲᠦᠯᠦᠪᠵᠢᠬᠦᠯᠭᠡ᠂ ᠤᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠤᠬᠢᠶᠠᠬᠤ ᠶᠢᠨ ᠬᠠᠮᠲᠤ | ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠲᠥᠯᠥᠪᠯᠡᠭᠡ᠂ ᠬᠥᠳᠡᠭᠡ | ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ | ᠪᠠᠷᠠᠭᠠᠨ ᠬᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠨ᠎ᠠ᠃ | ᠵᠠᠮ ᠬᠠᠷᠢᠯᠴᠠᠭᠠᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠢᠨᠵᠧᠨᠧᠷᠢᠩ ᠤᠨ ᠬᠡᠷᠡᠭᠵᠢᠭᠦᠯᠵᠦ ᠪᠤᠯᠬᠤᠶᠢᠴᠠ ᠰᠤᠳᠤᠯᠭᠠᠨ ᠤ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠵᠠᠮ | ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠡᠯᠡ | ᠤᠷᠤᠭᠤᠯᠤᠯᠲᠠ ᠶᠢᠨ ᠬᠡᠪᠴᠢᠶᠡᠵᠢᠯ ᠪᠠ ᠴᠢᠭᠯᠡᠯᠲᠡ᠂ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ | ᠬᠠᠮᠲᠤᠷᠠᠯᠴᠠᠭᠠᠨ ᠤ ᠲᠦᠷᠦᠯ ᠵᠦᠢᠯ ᠤᠨ ᠰᠠᠨᠠᠭᠤᠯᠭ᠎ᠠ ᠶᠢ ᠡᠭᠦᠷᠭᠡᠯᠡᠨ᠎ᠡ᠃ ᠵᠠᠰᠠᠮᠠᠯ ᠵᠠᠮ ᠤᠰᠤᠨ ᠵᠠᠮ ᠤᠨ ᠠᠵᠢᠯ | ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ | ᠪᠠ ᠭᠠᠮᠰᠢᠭ ᠠᠴᠠ ᠠᠪᠤᠷᠠᠬᠤ ᠵᠡᠷᠭᠡ ᠠᠵᠢᠯ ᠢ ᠬᠢᠨᠠᠨ ᠬᠠᠮᠢᠶᠠᠷᠴᠤ ᠪᠦᠷᠢᠳᠬᠡᠨ ᠵᠠᠳᠠᠯᠬᠤ ᠠᠵᠢᠯ ᠢ ᠡᠭᠦᠷᠭᠡᠯᠡᠨ᠎ᠡ᠃ | ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠠᠵᠢᠯ ᠢ ᠬᠠᠷᠢᠭᠤᠴᠠᠵᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠠᠨ ᠳᠤ ᠵᠠᠰᠠᠮᠠᠯ ᠵᠠᠮ ᠤᠰᠤᠨ ᠵᠠᠮ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ ᠶᠢᠨ ᠬᠠᠮᠲᠤ | ᠬᠢᠨᠠᠯᠲᠠ ᠲᠠᠯᠪᠢᠨ ᠬᠡᠷᠡᠭᠵᠢᠬᠦᠯᠬᠦ ᠶᠢ ᠬᠠᠷᠢᠭᠤᠴᠠᠵᠤ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠢ ᠬᠠᠷᠢᠭᠤᠴᠠᠨ᠂ ᠪᠠᠷᠢᠯᠭ᠎ᠠ ᠶᠢᠨ ᠦᠨ᠎ᠡ᠂ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠠᠵᠢᠯ ᠡᠷᠬᠢᠯᠡᠬᠦ ᠬᠢᠷᠢ ᠭᠡᠮ ᠤᠨ ᠬᠠᠮᠢᠶ᠎ᠠ ᠪᠦᠬᠦᠢ ᠠᠵᠢᠯ | ᠳᠤ ᠬᠢᠨᠠᠯᠲᠠ ᠲᠠᠯᠪᠢᠨ ᠵᠢᠯᠤᠭᠤᠳᠤᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠵᠠᠰᠠᠮᠠᠯ ᠵᠠᠮ ᠤᠰᠤᠨ ᠵᠠᠮ ᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ | ᠠᠷᠪᠢᠯᠠᠨ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠵᠢᠯᠣᠭᠤᠳᠤᠨ᠎ᠠ᠃ ᠲᠤᠭᠲᠠᠭᠠᠭᠰᠠᠨ | ᠡᠷᠬᠡ ᠮᠡᠳᠡᠯ ᠤᠨ ᠬᠡᠪᠴᠢᠶᠠᠨ ᠳᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠡᠷᠬᠢᠯᠡᠬᠦ ᠨᠢᠭᠡᠴᠢ ᠶᠢᠨ | ᠢᠲᠡᠭᠡᠮᠵᠢ ᠶᠢ ᠦᠨᠡᠯᠡᠬᠦ ᠠᠵᠢᠯ ᠢ ᠬᠠᠷᠢᠭᠤᠴᠠᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ | ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠳᠦᠷ ᠲᠤᠲᠤᠮ ᠤᠨ ᠠᠵᠢᠯ ᠢ ᠳᠠᠭᠠᠭᠠᠨ ᠡᠷᠬᠢᠯᠡᠨ᠎ᠡ᠃ | ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠵᠠᠮ ᠤᠨ ᠶᠠᠪᠤᠳᠠᠯ᠂ ᠲᠡᠭᠡᠭᠡᠪᠦᠷᠢ ᠶᠢᠨ ᠦᠢᠯᠡᠴᠢᠯᠡᠭᠡᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠲᠣᠭᠲᠠᠭᠰᠠᠨ ᠡᠷᠬᠡ ᠮᠡᠳᠡᠯ ᠤᠨ ᠬᠡᠪᠴᠢᠶᠠᠨ ᠳᠤ ᠪᠠᠷᠢᠮᠵᠢᠶ᠎ᠠ ᠠᠴᠠ | ᠬᠡᠲᠦᠷᠡᠭᠦᠯᠦᠨ ᠲᠡᠭᠡᠭᠡᠪᠦᠷᠢᠯᠡᠬᠦ᠂ ᠵᠠᠮ ᠤᠨ ᠢᠨᠵᠧᠨᠧᠷᠢᠩ ᠳᠤ ᠬᠤᠯᠪᠣᠭᠳᠠᠬᠤ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ ᠵᠠᠮ ᠬᠠᠷᠢᠯᠴᠠᠭᠠᠨ ᠤ ᠬᠡᠮᠵᠢᠶ᠎ᠡ ᠶᠢ ᠪᠠᠶᠢᠴᠠᠭᠠᠬᠤ᠂ ᠵᠠᠮ ᠤᠨ ᠪᠠᠶᠢᠳᠠᠯ ᠢ ᠳᠠᠩᠰᠠᠯᠠᠬᠤ᠂ ᠵᠠᠮ ᠤᠨ | ᠲᠣᠤᠷ ᠰᠦᠯᠵᠢᠶ᠎ᠡ ᠶᠢ ᠬᠢᠨᠠᠨ ᠬᠡᠮᠵᠢᠬᠦ ᠵᠢᠴᠢ ᠵᠠᠰᠠᠮᠠᠯ ᠵᠠᠮ ᠤᠨ ᠨᠣᠭᠤᠭᠠᠷᠠᠭᠤᠯᠤᠯᠲᠠ ᠶᠢᠨ ᠠᠵᠢᠯ ᠢ ᠬᠠᠷᠢᠭᠤᠴᠠᠨ᠎ᠠ᠃ | ᠵᠠᠰᠠᠮᠠᠯ ᠵᠠᠮ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ ᠠᠶᠤᠯ ᠭᠠᠮᠰᠢᠭ ᠠᠴᠠ ᠠᠪᠤᠷᠠᠬᠤ ᠠᠵᠢᠯ ᠢ | ᠡᠭᠦᠷᠭᠡᠯᠡᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶ᠎ᠠ ᠪᠦᠬᠦᠢ ᠠᠵᠢᠯ ᠢ | ᠳᠠᠭᠠᠭᠠᠨ ᠡᠷᠬᠢᠯᠡᠨ᠎ᠡ᠃ ᠪᠦᠬᠦ ᠬᠤᠰᠢᠭᠤᠨ ᠤ ᠰᠦᠢᠳᠬᠡᠯ ᠬᠤᠷᠢᠶᠠᠬᠤ ᠵᠠᠰᠠᠮᠠᠯ ᠵᠠᠮ ᠤᠨ ᠬᠠᠮᠢᠶ᠎ᠠ ᠪᠦᠬᠦᠢ ᠬᠡᠷᠡᠭ | ᠶᠠᠪᠤᠳᠠᠯ ᠢ ᠬᠠᠷᠢᠭᠤᠴᠠᠵᠤ᠂ ᠦᠨᠳᠦᠷ ᠬᠤᠷᠳᠤᠴᠠᠲᠤ ᠵᠠᠰᠠᠮᠠᠯ ᠵᠠᠮ ᠤᠨ ᠰᠦᠯᠵᠢᠶᠡᠵᠢᠬᠦᠯᠦᠨ ᠰᠦᠢᠳᠬᠡᠯ ᠬᠤᠷᠢᠶᠠᠬᠤ | ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠠ ᠳᠡᠯᠭᠡᠷᠡᠭᠦᠯᠬᠦ᠂ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠢᠨᠠᠯᠲᠠ | ᠲᠠᠯᠪᠢᠨ ᠵᠢᠯᠣᠭᠤᠳᠬᠤ ᠠᠵᠢᠯ ᠢ ᠬᠠᠷᠢᠭᠤᠴᠠᠵᠤ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠲᠤᠭᠤᠷᠪᠢᠬᠤ ᠶᠢᠨ | ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ | ᠵᠦᠢᠯ ᠤᠨ ᠲᠥᠯᠥᠪᠯᠡᠭᠡ ᠶᠢ ᠲᠤᠭᠤᠷᠪᠢᠨ ᠲᠣᠭᠲᠠᠭᠠᠵᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ | ᠲᠦᠷᠦᠯ ᠵᠦᠢᠯ ᠢ ᠰᠤᠳᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ | ᠳᠡᠯᠭᠡᠷᠡᠭᠦᠯᠦᠨ ᠬᠡᠷᠡᠭᠯᠡᠬᠦ ᠶᠢ ᠵᠣᠬᠢᠴᠠᠭᠤᠯᠤᠨ᠎ᠠ᠃ ᠪᠠᠷᠢᠮᠵᠢᠶᠠᠵᠢᠭᠤᠯᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠠᠵᠢᠯ ᠲᠥᠷᠥᠯ ᠤᠨ ᠦᠢᠯᠡᠳᠬᠦᠨ ᠤ ᠶᠠᠰᠤ ᠴᠢᠨᠠᠷ ᠪᠣᠯᠤᠨ ᠬᠡᠮᠵᠢᠯᠲᠡ ᠶᠢ ᠭᠡᠷᠡᠴᠢᠯᠡᠬᠦ ᠬᠠᠮᠢᠶᠠᠷᠤᠯᠲᠠ ᠶᠢᠨ ᠠᠵᠢᠯ ᠢ | ᠵᠢᠯᠣᠭᠤᠳᠤᠨ᠎ᠠ᠃ | ︵ᠲᠦᠷᠪᠡ︶ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠪᠣᠯᠤᠨ ᠲᠡᠭᠡᠭᠡᠪᠦᠷᠢ ᠶᠢᠨ ᠦᠢᠯᠡᠴᠢᠯᠡᠭᠡᠨ ᠤ | ᠲᠠᠰᠤᠭ ︵ᠵᠠᠮ ᠬᠠᠷᠢᠯᠴᠠᠭᠠᠨ ᠤ ᠪᠡᠯᠡᠳᠬᠡᠬᠦ ᠳᠠᠰᠤᠭ︶ | ᠵᠠᠰᠠᠮᠠᠯ ᠵᠠᠮ ᠤᠰᠤᠨ ᠵᠠᠮ ᠤᠨ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠣᠯᠤᠨ | ᠪᠠᠴᠢᠮ ᠪᠠᠶᠢᠳᠠᠯ ᠢ ᠠᠷᠭᠠᠴᠠᠭᠠᠬᠤ ᠤᠷᠢᠳᠴᠢᠯᠠᠭᠰᠠᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ | ᠲᠠᠯᠪᠢᠨ ᠬᠡᠷᠡᠭᠵᠢᠬᠦᠯᠦᠨ᠎ᠡ᠃ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ | ᠰᠢᠢᠳᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠴᠤ᠂ ᠠᠵᠢᠯ ᠲᠥᠷᠥᠯ ᠤᠨ ᠠᠶᠤᠯᠬᠦᠢ | ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ ᠠᠶᠤᠯᠬᠦᠢ ᠦᠢᠯᠡᠳᠪᠦᠷᠢᠯᠡᠯ ᠤᠨ ᠬᠠᠮᠢᠶ᠎ᠠ | ᠪᠦᠬᠦᠢ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠵᠠᠰᠠᠮᠠᠯ ᠵᠠᠮ ᠤᠰᠤᠨ ᠵᠠᠮ ᠤᠨ | ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ᠂ ᠳᠦᠷᠢᠮ ᠪᠣᠯᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠬᠦᠯᠦᠨ᠎ᠡ᠃ ᠬᠤᠰᠢᠭᠤ ᠠᠯᠤᠰᠯᠠᠭᠰᠠᠨ ᠣᠷᠣᠨ ᠤ ᠵᠠᠮ ᠤᠨ ᠠᠶᠠᠨᠴᠢᠳ ᠤᠨ ᠲᠡᠭᠡᠭᠡᠪᠦᠷᠢ᠂ ᠠᠭᠠᠷ | ᠠᠶᠠᠯᠠᠯ ᠤᠨ ᠵᠠᠮ ᠤᠨ ᠨᠥᠬᠦᠴᠡᠯ ᠤᠨ ᠨᠥᠯᠥᠭᠡᠯᠡᠯ ᠢ ᠦᠨᠡᠯᠡᠨ ᠬᠠᠮᠢᠶᠠᠷᠬᠤ ᠶᠢ ᠬᠠᠷᠢᠭᠤᠴᠠᠨ᠎ᠠ᠃ ᠪᠦᠬᠦ | ᠬᠤᠰᠢᠭᠤᠨ ᠤ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠵᠤ | ᠲᠡᠮᠦᠷ ᠵᠠᠮ ᠤᠨ ᠲᠡᠭᠡᠭᠡᠪᠦᠷᠢ᠂ ᠠᠭᠠᠷ ᠤᠨ ᠲᠡᠭᠡᠭᠡᠪᠦᠷᠢ ᠶᠢᠨ ᠵᠣᠬᠢᠴᠠᠭᠤᠯᠬᠤ ᠠᠵᠢᠯ ᠢ ᠡᠭᠦᠷᠭᠡᠯᠡᠨ᠎ᠡ᠃ ᠵᠠᠰᠠᠮᠠᠯ ᠵᠠᠮ | ᠤᠰᠤᠨ ᠵᠠᠮ ᠤᠨ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ | ᠣᠷᠣᠯᠴᠠᠵᠤ ᠣᠩᠭᠤᠴᠠ ᠪᠣᠯᠤᠨ ᠤᠰᠤᠨ ᠳᠡᠭᠡᠷᠡᠬᠢ ᠬᠦᠪᠪᠦᠮᠡᠯ ᠲᠦᠬᠦᠭᠡᠷᠦᠮᠵᠢ ᠶᠢ ᠰᠢᠯᠭᠠᠨ ᠪᠠᠶᠢᠴᠠᠭᠠᠵᠤ | ᠳᠠᠩᠰᠠᠯᠠᠬᠤ᠂ ᠤᠩᠭᠤᠴᠠᠨ ᠤ ᠬᠡᠰᠢᠬᠦᠨ ᠳᠤ ᠦᠨᠡᠮᠯᠡᠯ ᠣᠯᠭᠤᠬᠤ᠂ ᠤᠰᠤᠨ ᠳᠡᠭᠡᠷᠡᠬᠢ ᠪᠠ ᠤᠰᠤᠨ ᠳᠣᠤᠷᠠᠬᠢ | ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ ᠵᠠᠰᠠᠮᠠᠯ ᠵᠠᠮ ᠤᠰᠤᠨ ᠵᠠᠮ ᠤᠨ ᠠᠶᠠᠨᠴᠢᠳ ᠤᠨ | ᠲᠡᠭᠡᠭᠡᠪᠦᠷᠢ᠂ ᠪᠠᠷᠠᠭᠠᠨ ᠲᠡᠭᠡᠭᠡᠪᠦᠷᠢ᠂ ᠠᠶᠠᠨᠴᠢᠳ ᠪᠠᠷᠠᠭ᠎ᠠ ᠲᠡᠭᠡᠭᠡᠪᠦᠷᠢ ᠶᠢᠨ ᠦᠷᠲᠡᠭᠡᠨ ᠤ ᠡᠵᠡᠩᠨᠡᠯᠲᠡ᠂ ᠮᠠᠰᠢᠨ | ᠬᠦᠳᠡᠯᠭᠡᠭᠦᠷᠲᠦ ᠲᠡᠷᠭᠡ ᠶᠢ ᠰᠡᠯᠪᠢᠨ ᠵᠠᠰᠠᠬᠤ᠂ ᠡᠵᠡᠩᠨᠡᠯᠲᠡ ᠶᠢᠨ ᠲᠡᠷᠭᠡᠨ ᠤ ᠶᠡᠷᠦᠩᠬᠡᠶᠢᠯᠡᠭᠰᠡᠨ ᠴᠢᠨᠠᠷᠲᠠᠶ ᠴᠢᠳᠠᠪᠬᠢ | ᠶᠢ ᠪᠠᠶᠢᠴᠠᠭᠠᠨ ᠬᠡᠮᠵᠢᠬᠦ᠂ ᠮᠠᠰᠢᠨ ᠬᠦᠳᠡᠯᠭᠡᠭᠦᠷᠲᠦ ᠲᠡᠷᠭᠡᠨ ᠤ ᠵᠢᠯᠣᠭᠤᠴᠢ ᠶᠢᠨ ᠪᠣᠯᠪᠠᠰᠤᠷᠠᠭᠤᠯᠤᠯ᠂ ᠠᠵᠢᠯᠯᠠᠭᠰᠠᠳ | ᠤᠨ ᠬᠠᠮᠢᠶᠠᠷᠤᠯᠲᠠ ᠵᠡᠷᠭᠡ ᠠᠵᠢᠯ ᠳᠤ ᠬᠢᠨᠠᠯᠲᠠ ᠲᠠᠯᠪᠢᠨ ᠵᠢᠯᠤᠭᠤᠳᠤᠨ᠎ᠠ᠃ ᠨᠡᠶᠢᠲᠡ ᠶᠢᠨ ᠮᠠᠰᠢᠨ ᠲᠡᠷᠭᠡ᠂ | ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠲᠦᠷᠢᠶᠡᠰᠦᠯᠡᠬᠦ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠵᠡᠷᠭᠡ | ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ ᠵᠢᠯᠣᠭᠤᠳᠤᠨ᠎ᠠ᠃ ᠭᠤᠣᠯᠳᠠᠯᠭ᠎ᠠ ᠲᠠᠢ ᠡᠳ᠋ | ᠪᠠᠷᠠᠭ᠎ᠠ᠂ ᠠᠶᠠᠨᠴᠢᠳ ᠤᠨ ᠪᠠᠴᠢᠮ ᠪᠠᠷᠠᠭᠠᠨ ᠤ ᠲᠡᠭᠡᠭᠡᠪᠦᠷᠢ ᠶᠢ ᠵᠤᠬᠢᠶᠠᠨ ᠪᠠᠶᠢᠭᠤᠯᠵᠤ ᠵᠤᠬᠢᠴᠠᠭᠤᠯᠤᠨ᠎ᠠ᠃ ᠠᠭᠠᠷ | ᠠᠶᠠᠯᠠᠯ ᠤᠨ ᠵᠠᠮ᠂ ᠣᠯᠣᠮ᠂ ᠭᠠᠷᠠᠮ ᠤᠨ ᠠᠷᠠᠴᠢᠯᠠᠨ ᠬᠠᠮᠠᠭᠠᠯᠠᠬᠤ ᠠᠵᠢᠯ ᠢ ᠵᠢᠯᠣᠭᠤᠳᠴᠤ ᠤᠰᠤᠨ ᠳᠡᠭᠡᠷᠡᠬᠢ | ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ ᠤᠰᠤᠨ ᠳᠡᠭᠡᠷᠡᠬᠢ ᠵᠠᠮ | ᠬᠠᠷᠢᠯᠴᠠᠭᠠᠨ ᠤ ᠵᠠᠬᠢᠷᠤᠨ ᠬᠠᠮᠢᠶᠠᠷᠬᠤ᠂ ᠴᠢᠮᠡᠭᠡ ᠬᠤᠯᠪᠣᠭ᠎ᠠ ᠪᠠᠷ ᠵᠠᠮᠴᠢᠯᠠᠬᠤ᠂ ᠠᠪᠤᠷᠠᠨ ᠲᠤᠰᠠᠯᠠᠵᠤ ᠱᠦᠭᠦᠬᠦ | ᠵᠡᠷᠭᠡ ᠠᠵᠢᠯ ᠢ ᠵᠢᠯᠣᠭᠤᠳᠤᠨ᠎ᠠ᠃ ᠲᠣᠰ ᠭᠠᠵᠠᠷ ᠣᠷᠣᠨ ᠤ ᠪᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠮ | ᠬᠠᠷᠢᠯᠴᠠᠭᠠᠨ ᠤ ᠲᠣᠤᠷ ᠰᠦᠯᠵᠢᠶ᠎ᠡ ᠶᠢᠨ ᠪᠠᠶᠢᠷᠢᠯᠠᠭᠤᠯᠤᠯᠲᠠ ᠶᠢ ᠲᠥᠯᠥᠪᠵᠢᠭᠦᠯᠬᠦ ᠶᠢ ᠬᠠᠷᠢᠭᠤᠴᠠᠵᠤ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠵᠠᠮ ᠬᠠᠷᠢᠯᠴᠠᠭᠠᠨ ᠤ ᠪᠠᠲᠤᠯᠠᠭ᠎ᠠ ᠶᠢᠨ ᠡᠩᠨᠡᠭᠡ ᠶᠢ ᠵᠣᠬᠢᠶᠠᠨ ᠪᠠᠶᠢᠭᠤᠯᠵᠤ ᠵᠠᠮ | ᠬᠠᠷᠢᠯᠴᠠᠭᠠᠨ ᠤ ᠲᠡᠭᠡᠭᠡᠪᠦᠷᠢ ᠶᠢᠨ ᠬᠦᠴᠦᠨ ᠢ ᠪᠠᠲᠤᠯᠠᠨ᠎ᠠ᠃ ᠲᠤᠰ ᠭᠠᠵᠠᠷ ᠣᠷᠣᠨ ᠤ ᠪᠠᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠵᠠᠮ ᠬᠠᠷᠢᠯᠴᠠᠭᠠᠨ ᠤ ᠡᠳ᠋ ᠪᠣᠳᠠᠰ ᠢ ᠨᠥᠭᠡᠴᠡᠯᠡᠬᠦ ᠲᠥᠯᠥᠪᠯᠡᠭᠡ ᠶᠢ ᠲᠤᠭᠲᠠᠭᠠᠬᠤ ᠪᠠ | ᠬᠡᠷᠡᠭᠵᠢᠭᠦᠯᠵᠦ᠂ ᠤᠯᠤᠰ ᠤᠨ ᠵᠠᠮ ᠬᠠᠷᠢᠯᠴᠠᠭᠠᠨ ᠤ ᠪᠡᠯᠡᠳᠬᠡᠯ ᠡᠳ᠋ ᠪᠣᠳᠠᠰ ᠢ ᠲᠤᠬᠢᠷᠠᠭᠤᠯᠤᠨ ᠬᠡᠷᠡᠭᠯᠡᠨ᠎ᠡ᠃ | ᠲᠠᠪᠤᠳᠤᠭᠠᠷ ᠵᠤᠷᠪᠤᠰ ᠦᠤᠰᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶᠠᠨ ᠤ | ᠠᠯᠪᠠᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 8 ᠨᠡᠷᠡᠰ ᠪᠠᠶᠢᠵᠤ᠂ 1 ᠲᠣᠪᠴᠢᠶᠠᠨ ᠳᠠᠷᠤᠭ᠎ᠠ᠂ 3 | ᠲᠣᠪᠴᠢᠶᠠᠨ ᠳᠡᠳ᠋ ᠳᠠᠷᠤᠭ᠎ᠠ ᠲᠣᠬᠢᠷᠠᠭᠤᠯᠵᠠᠢ᠃ | ᠵᠢᠷᠭᠤᠳᠤᠭᠠᠷ ᠵᠤᠷᠪᠤᠰ ᠦᠤᠰᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ | ᠬᠠᠷᠢᠶᠠᠲᠤ ᠠᠵᠢᠯ ᠦᠢᠯᠡᠰ ᠤᠨ ᠨᠢᠭᠡᠴᠢ ᠶᠢᠨ ᠲᠤᠬᠢᠷᠠᠭᠤᠯᠤᠯᠲᠠ᠂ ᠡᠭᠦᠷᠭᠡ ᠬᠠᠷᠢᠭᠤᠴᠠᠯᠭ᠎ᠠ ᠪᠣᠯᠤᠨ ᠣᠷᠣᠨ | ᠲᠤᠭ᠎ᠠ ᠶᠢᠨ ᠶᠠᠪᠤᠳᠠᠯ ᠢ ᠠᠰᠳᠠᠭᠠᠨ ᠲᠤᠭᠲᠠᠭᠠᠪᠠ᠃ | ᠳᠣᠯᠣᠳᠤᠭᠠᠷ ᠵᠤᠷᠪᠤᠰ ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠤᠰᠢᠨ | ᠬᠤᠰᠢᠭᠤᠨ ᠤ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭᠠᠨ ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ | ᠲᠠᠶᠢᠯᠪᠤᠷᠢᠯᠠᠨ᠎ᠠ᠂ ᠲᠣᠬᠢᠷᠠᠭᠤᠯᠤᠯᠲᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠤᠰᠢᠨ ᠬᠤᠰᠢᠭᠤᠨ ᠤ | ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭᠠᠨ ᠤ ᠵᠥᠪᠯᠡᠯ ᠤᠨ ᠠᠯᠪᠠᠨ ᠭᠡᠷ ᠲᠤᠭᠲᠠᠭᠰᠠᠨ ᠶᠠᠪᠤᠴᠠ ᠪᠠᠷ | ᠬᠦᠢᠴᠡᠳᠭᠡᠨ᠎ᠡ᠃ | ᠨᠠᠢᠮᠠᠳᠤᠭᠠᠷ ᠵᠤᠷᠪᠤᠰ ᠲᠤᠰ ᠲᠣᠭᠲᠠᠭᠠᠯ ᠢ 2019 ᠤᠨ ᠤ 3 ᠳ᠋ᠤᠭᠠᠷ ᠰᠠᠷ᠎ᠠ ᠶᠢᠨ 27 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠠᠯᠪᠠᠯᠠᠬᠤ ᠭᠠᠵᠠᠷ᠄ ᠰᠠᠶᠢᠬᠠᠨ ᠵᠠᠮ ᠤᠨ ᠠᠷᠤ ᠳᠠᠬᠢ ᠦᠤᠰᠢᠨ ᠬᠤᠰᠢᠭᠤᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶᠠᠨ ᠤ ᠠᠯᠪᠠᠯᠠᠬᠤ ᠠᠰᠠᠷ | ᠠᠯᠪᠠᠨ ᠤᠲᠠᠰᠤ᠄ 0477 — 7582271 | ᠰᠢᠤᠳᠠᠨ ᠨᠤᠮᠧᠷ᠄ 017300 | ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 8᠄ 30 — 12᠄ 00᠂ ᠦᠳᠡ ᠶᠢᠨ | ᠬᠤᠶᠢᠨ᠎ᠠ 14᠄ 30 — 17᠄ 30 |