︽ᠴᠠᠭ ᠬᠤᠭᠤᠴᠠᠭ᠎ᠠ᠄ 2019 ᠤᠨ ᠤ 1 ᠰᠠᠷ᠎ᠠ᠂ ᠰᠠᠶᠢᠨ ᠲᠤᠷ᠎ᠠ ᠶᠢᠨ ᠦᠢᠯᠡᠴᠢᠯᠡᠭᠡᠨ ᠤ ᠲᠦᠷᠦᠯ | ᠵᠦᠢᠯ᠄ ᠨᠠᠰᠤᠳᠠᠶᠢᠴᠤᠳ ᠲᠤ ᠲᠤᠰᠠ ᠬᠦᠷᠬᠡᠬᠦ ᠲᠦᠷᠦᠯ ᠵᠦᠢᠯ᠂ ᠠᠵᠢᠯᠯᠠᠭ᠎ᠠ ᠶᠢᠨ ᠭᠤᠤᠯ ᠰᠡᠳᠦᠪ᠄ ︵1︶ | ᠬᠠᠶᠢᠷ᠎ᠠ ᠬᠠᠯᠠᠮᠵᠢ ᠬᠦᠷᠭᠡᠬᠦ᠄ ᠬᠡᠷ ᠲᠤᠨᠢ ᠬᠦᠷᠴᠤ ᠡᠷᠬᠢᠨ ᠦᠵᠡᠬᠦ᠂ ᠬᠤᠭᠤᠯᠠ ᠤᠮᠳᠠ ᠬᠦᠷᠬᠡᠬᠦ᠂ ᠬᠡᠷ | ᠤᠷᠤᠨ ᠢ ᠨᠢ ᠴᠡᠪᠡᠷᠯᠡᠬᠦ︔ ︵2︶ ᠨᠠᠶᠢᠭᠡᠮ ᠲᠤᠭᠤᠷᠢᠭ ᠤᠨ ᠨᠠᠰᠤᠳᠠᠶᠢᠴᠤᠳ ᠲᠤ ᠦᠰᠦ ᠵᠠᠰᠠᠬᠤ᠂ ᠠᠯᠪᠠᠨ | ᠵᠢᠷᠤᠮ ᠤᠨ ᠡᠮᠴᠢᠯᠡᠭᠡ ᠬᠢᠬᠦ︔ ︵3︶ ᠡᠯ᠎ᠠ ᠵᠦᠢᠯ ᠤᠨ ᠦᠨᠡᠮᠯᠠᠯ ᠳᠤ ᠬᠡᠷᠡᠭᠯᠡᠬᠦ ᠬᠡᠷᠡᠯ ᠵᠢᠷᠤᠭ ᠢ ᠨᠢ ᠰᠡᠭᠦᠳᠡᠷᠯᠡᠵᠦ | ᠦᠭᠭᠦ︔ ︵4︶ ︿ᠰᠢᠨ᠎ᠠ ᠵᠢᠯ ᠢᠶᠠᠨ ᠤᠭᠳᠤᠬᠤ﹀ ᠨᠠᠰᠤᠳᠠᠶᠢᠴᠤᠳ ᠤᠨ ᠲᠤᠷ᠎ᠠ ᠰᠤᠨᠢᠷᠬᠠᠯᠳᠤ ᠬᠦᠳᠡᠯᠭᠡᠭᠡᠨ | ᠵᠤᠬᠢᠶᠠᠨ ᠪᠠᠶᠢᠭᠤᠯᠬᠤ ᠁︾ | ᠡᠨᠡ ᠪᠤᠯ 11 ᠰᠠᠷ ᠠ ᠶᠢᠨ 29 ᠤ ᠡᠳᠦᠷ ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ︽ | ᠳᠤᠭᠤᠶᠢᠯᠠᠩ︾ ᠨᠡᠶᠢᠭᠡᠮ ᠲᠣᠭᠤᠷᠢᠭ ᠤᠨ ᠨᠠᠮ ᠤᠨ ᠬᠡᠰᠢᠬᠦᠨ ᠤᠯᠠᠨ ᠲᠦᠮᠠᠨ ᠳᠤ ᠦᠢᠯᠡᠴᠢᠯᠡᠬᠦ ᠲᠦᠪ ᠲᠤ | ᠪᠢᠳᠠᠨ ᠤ ᠤᠯᠵᠤ ᠦᠵᠡᠭᠰᠡᠨ ︽ᠬᠠᠶᠢᠷ᠎ᠠ ᠪᠠᠨ ᠢᠪᠡᠭᠡᠭᠴᠢ ᠰᠠᠶᠢᠨ ᠲᠤᠷ᠎ᠠ ᠶᠢᠨ ᠦᠢᠯᠡᠴᠢᠯᠡᠭᠡᠨ ᠤ ᠲᠤᠭᠤᠢᠢᠯᠠᠩ︾ | ᠤᠨ ᠪᠦᠬᠦ ᠵᠢᠯ ᠤᠨ ᠠᠵᠢᠯᠯᠠᠭ᠎ᠠ ᠶᠢᠨ ᠨᠢᠭᠡ ᠰᠠᠷ᠎ᠠ ᠶᠢᠨ ᠬᠢᠨᠢ ᠲᠤᠬᠢᠷᠠᠭᠤᠯᠤᠯᠳᠠ ᠪᠤᠯᠤᠨ᠎ᠠ᠃ ᠡ᠊ᠨᠳᠠ ︽ᠬᠠᠤᠯᠢ | ᠲᠦᠭᠡᠮᠡᠯᠵᠢᠬᠦᠯᠦᠭᠴᠢ ᠰᠠᠶᠢᠨ ᠲᠤᠷ᠎ᠠ ᠶᠢᠨ ᠦᠢᠯᠡᠴᠢᠯᠡᠭᠡᠨ ᠤ ᠲᠤᠭᠤᠢᠢᠯᠠᠩ︾ ᠬᠡᠬᠦ ᠮᠠᠳᠤ ᠪᠠᠷ ᠡᠯ᠎ᠠ | ᠲᠤᠭᠤᠢᠢᠯᠠᠩ ᠤᠨ ᠡᠯ᠎ᠠ ᠵᠦᠢᠯ ᠤᠨ ᠠᠵᠢᠯᠯᠠᠭ᠎ᠠ ᠶᠢᠨ ᠲᠤᠬᠢᠷᠠᠭᠤᠯᠤᠯᠳᠠ ᠶᠢ ᠪᠦᠷ ᠦᠵᠡᠬᠦᠯᠵᠠᠢ᠃ | ︽ᠪᠢᠳᠠ ᠰᠠᠶᠢᠨ ᠲᠤᠷᠠᠴᠤᠤᠯ ᠤᠨ ᠲᠤᠬᠠᠢᠢᠯᠠᠭᠰᠠᠨ ᠠᠵᠢᠯ ᠲᠦᠷᠦᠯ᠂ ᠨᠠᠰᠤ ᠵᠢᠯ ᠪᠠ ᠲᠤᠰ ᠬᠦᠮᠦᠨ ᠤ | ᠬᠢᠨᠢ ᠰᠠᠶᠢᠨ ᠲᠤᠷ᠎ᠠ ᠶᠢ ᠦᠨᠳᠦᠰᠦᠯᠠᠵᠦ ᠡᠯ᠎ᠠ ᠰᠠᠶᠢᠨ ᠲᠤᠷ᠎ᠠ ᠶᠢᠨ ᠦᠢᠯᠡᠴᠢᠯᠡᠭᠡᠨ ᠤ ᠲᠤᠭᠤᠢᠢᠯᠠᠩ ᠳᠤ | ᠬᠤᠪᠢᠶᠠᠭᠰᠠᠨ ᠶᠤᠮ᠃ ᠮᠠᠨ ᠤ ︿ᠲᠤᠭᠤᠢᠢᠯᠠᠩ﹀ ᠨᠠᠶᠢᠭᠡᠮ ᠲᠤᠭᠤᠷᠢᠭ ︿ᠰᠢᠶᠠᠩ ᠾᠧ﹀ ᠰᠠᠶᠢᠨ ᠲᠤᠷ᠎ᠠ ᠶᠢᠨ | ᠦᠢᠯᠡᠴᠢᠯᠡᠭᠡᠨ ᠤ ᠳᠤᠭᠤᠶᠢᠯᠠᠩ ᠪᠠᠶᠢᠭᠤᠯᠵᠤ᠂ ᠲᠤᠤᠷ᠎ᠠ ᠨᠢ ᠰᠤᠷᠲᠠᠯᠴᠢᠯᠠᠨ ᠤᠬᠠᠭᠤᠯᠬᠤ᠂ ᠬᠠᠶᠢᠷ ᠠ ᠪᠠᠷ | ᠬᠦᠮᠦᠵᠢᠭᠦᠯᠦᠭᠴᠢ᠂ ᠲᠡᠳᠭᠦᠨ ᠳᠡᠮᠵᠢᠭᠴᠢ᠂ ᠪᠤᠯᠪᠠᠰᠤᠨ ᠢ ᠲᠦᠬᠡᠭᠡᠭᠴᠢ᠂ ᠬᠠᠥᠯᠢ ᠲᠦᠭᠡᠮᠡᠯᠵᠢᠭᠦᠯᠦᠭᠴᠢ᠂ | ᠬᠠᠶᠢᠷ᠎ᠠ ᠪᠠᠨ ᠢᠪᠡᠭᠡᠭᠴᠢ᠂ ᠨᠠᠶᠢᠷᠰᠠᠭ ᠰᠠᠭᠠᠬᠠᠯᠲᠠ᠂ ᠡᠮᠴᠢᠯᠡᠭᠡ ᠰᠤᠪᠢᠯᠠᠯᠲᠠ᠂ ᠰᠤᠶᠤᠯ ᠲᠠᠮᠢᠷ ᠬᠡᠬᠦ ᠮᠠᠳᠤ ᠶᠢᠨ | 10 ᠪᠠᠭ᠎ᠠ ᠲᠤᠭᠤᠢᠢᠯᠠᠩ ᠪᠠᠶᠢᠭᠤᠯᠤᠭᠰᠠᠨ ᠶᠤᠮ︾ ᠬᠡᠵᠦ ︽ᠲᠤᠭᠤᠢᠢᠯᠠᠩ︾ ᠨᠠᠶᠢᠭᠡᠮ ᠲᠤᠭᠤᠷᠢᠭ ᠤᠨ | ᠡᠷᠬᠢᠯᠡᠭᠴᠢ᠂ ᠨᠠᠮ ᠤᠨ ᠡᠭᠦᠷ ᠤᠨ ᠱᠦᠵᠢ ᠰᠠᠴᠠᠨᠳᠤᠶᠠᠭ᠎ᠠ ᠶᠠᠷᠢᠵᠦ ᠪᠠᠶᠢᠯ᠎ᠠ᠃ ᠬᠠᠰᠮᠦ᠋ᠴᠢᠷ ᠪᠤᠯ ᠦᠪᠤᠷ | ᠮᠤᠩᠭᠤᠯ ᠤᠨ ᠾᠧ ᠶᠤᠧᠠᠨ ᠬᠠᠤᠯᠢᠴᠢ ᠶᠢᠨ ᠭᠠᠵᠠᠷ ᠤᠨ ᠬᠠᠤᠯᠢᠴᠢ᠂ ᠮᠦᠨ ᠴᠤ ᠨᠠᠮ ᠤᠨ ᠬᠡᠰᠢᠬᠦᠨ᠃ ᠲᠠᠷᠠ | ᠰᠤᠯᠠ ᠰᠠᠯᠡᠬᠦᠦ ᠴᠠᠭ ᠢᠶᠠᠷ ᠢᠶᠠᠨ ᠲᠤᠰ ᠨᠠᠶᠢᠭᠡᠮ ᠲᠤᠭᠤᠷᠢᠭ ᠤᠨ ︽ᠬᠠᠤᠯᠢ ᠲᠦᠭᠡᠮᠡᠯᠵᠢᠬᠦᠯᠦᠭᠴᠢ ᠰᠠᠶᠢᠨ | ᠲᠤᠷ᠎ᠠ ᠶᠢᠨ ᠦᠢᠯᠡᠴᠢᠯᠡᠭᠡᠨ ᠤ ᠲᠤᠭᠤᠢᠢᠯᠠᠩ︾ ᠳᠤ ᠤᠷᠤᠯᠴᠠᠵᠤ᠂ ᠢᠷᠭᠡᠳ ᠤᠨ ᠬᠤᠭᠤᠷᠤᠨᠳᠤᠬᠢ ᠵᠢᠭᠡᠯᠡᠯᠭᠡ᠂ | ᠭᠠᠵᠠᠷ ᠨᠤᠳᠤᠭ᠂ ᠤᠷᠤᠭ ᠬᠡᠷ ᠪᠦᠯᠢ ᠶᠢᠨ ᠵᠢᠭᠤᠷᠠᠭᠠᠨ ᠵᠡᠷᠭᠡ ᠳᠤ ᠬᠠᠤᠯᠢ ᠴᠠᠭᠠᠵᠠ ᠶᠢᠨ ᠦᠨ᠎ᠠ ᠲᠦᠯᠦᠪᠤᠷᠢ | ᠦᠭᠡᠢ ᠵᠦᠪᠯᠡᠯᠭᠡ ᠦᠭᠴᠤ ᠪᠤᠢ᠃ | ᠤᠢᠢᠯᠠᠭᠠᠭᠰᠠᠨ ᠢᠶᠠᠷ᠂ 2018 ᠤᠨ ᠤ 10 ᠰᠠᠷ᠎ᠠ ᠳᠤ ᠦᠤᠰᠢᠨ ᠬᠤᠰᠢᠭᠤ ᠦᠪᠠᠷᠳᠡᠭᠡᠨ ᠵᠠᠰᠠᠬᠤ | ᠤᠷᠤᠨ ᠤ ᠰᠢᠨ᠎ᠠ ᠴᠠᠭ ᠦᠶ᠎ᠠ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠲᠤᠷᠰᠢᠯᠳᠠ ᠶᠢᠨ ᠴᠡᠭ ᠪᠤᠯᠵᠠᠢ᠃ ᠡᠶᠢᠨ ᠬᠦ | ᠦᠤᠰᠢᠨ ᠬᠤᠰᠢᠭᠤᠨ ᠤ ᠲᠦᠪ ᠭᠠᠯᠠᠭᠤᠳᠤ ᠪᠠᠯᠭᠠᠰᠤ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ | ᠶᠡᠭᠡ ᠪᠠᠷ ᠦᠷᠨᠢᠬᠦᠯᠦᠨ᠂ ᠪᠠᠶᠢᠭᠤᠯᠭ᠎ᠠ ᠪᠠ ᠡᠯ᠎ᠠ ᠨᠠᠶᠢᠭᠡᠮ ᠲᠤᠭᠤᠷᠢᠭ᠂ ᠭᠠᠴᠠᠭ᠎ᠠ ᠲᠤᠰᠬᠤᠨ ᠳᠤ ᠪᠦᠷ ᠰᠠᠶᠢᠨ | ᠲᠤᠷ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠭᠠᠷᠭᠠᠵᠦ᠂ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯ ᠢ | ᠬᠦᠴᠦᠳᠠᠢ ᠠᠬᠢᠭᠤᠯᠵᠤ ᠪᠤᠢ᠃ ᠤᠳᠤᠬᠠᠨ ᠳᠤ ᠲᠤᠰ ᠪᠠᠯᠭᠠᠰᠤᠨ ᠤ ᠨᠠᠷᠠ ᠪᠠᠨ ᠪᠦᠷᠢᠳᠭᠡᠬᠦᠯᠦᠭᠰᠡᠨ ᠰᠠᠶᠢᠨ | ᠲᠤᠷᠠᠴᠤᠤᠯ ᠤᠨ ᠲᠤᠭ᠎ᠠ 6281 ᠬᠦᠮᠦᠨ ᠳᠤ ᠬᠦᠷᠴᠤ᠂ ᠪᠠᠶᠢᠡᠭᠭᠤ ᠶᠢᠨ ᠬᠦᠮᠦᠨ ᠠᠮᠠ ᠶᠢᠨ 15% ᠠᠴᠠ | ᠲᠡᠭᠡᠭᠰᠢᠬᠢ ᠶᠢ ᠡᠵᠡᠯᠡᠵᠦ᠂ ᠪᠠᠶᠢᠭᠤᠯᠭ᠎ᠠ ᠶᠢᠨ ᠨᠠᠮ ᠤᠨ ᠬᠡᠰᠢᠬᠦᠨ ᠤ 90% ᠠᠴᠠ ᠲᠡᠭᠡᠭᠰᠢᠬᠢ᠂ ᠺᠠᠳ᠋ᠷ | ᠠᠵᠢᠯᠳᠠᠨ ᠤ 70% ᠨᠢ ᠪᠦᠷ ᠰᠠᠶᠢᠨ ᠲᠤᠷᠠᠴᠤᠤᠯ ᠪᠠᠶᠢᠵᠦ᠂ ᠵᠦᠪᠭᠡᠨ 2019 ᠤᠨ ᠳᠤ ᠬᠡᠬᠦ ᠳᠤ 120 | ᠭᠠᠷᠤᠢ ᠤᠳᠠᠭ᠎ᠠ ᠠᠵᠢᠯᠯᠠᠭ᠎ᠠ ᠦᠷᠨᠢᠬᠦᠯᠵᠦ᠂ ᠡᠷᠦᠬᠡ ᠳᠤ ᠤᠷᠤᠵᠤ ᠲᠤᠰᠠᠯᠠᠮᠵᠢ ᠬᠦᠷᠭᠡᠭᠰᠡᠨ ᠨᠢ 500 ᠭᠠᠷᠤᠢ | ᠬᠦᠮᠦᠨ ᠤᠳᠠᠭ᠎ᠠ ᠳᠤ ᠬᠦᠷᠴᠤ᠂ ᠤᠯᠠᠨ ᠲᠦᠮᠠᠨ ᠳᠤ ᠤᠬᠠᠭᠤᠯᠭ᠎ᠠ ᠬᠢᠬᠦ᠂ ᠤᠯᠠᠨ ᠲᠦᠮᠠᠨ ᠳᠤ ᠬᠦᠮᠦᠵᠢᠯ ᠬᠢᠬᠦ᠂ | ᠤᠯᠠᠨ ᠲᠦᠮᠠᠨ ᠢ ᠬᠠᠯᠠᠮᠵᠢᠯᠠᠬᠤ᠂ ᠤᠯᠠᠨ ᠲᠦᠮᠠᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠳ᠋ᠷ︾ ᠢ | ᠰᠢᠪᠳᠤᠯᠵᠤ ᠪᠤᠢ᠃ |