— ᠦᠪᠦᠷ ᠮᠤᠩᠭᠤᠯ ᠤᠨ ᠮᠤᠤᠠᠤᠰᠤ ᠶᠢᠨ ᠠᠷᠴᠠᠠ ᠤ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ | ᠬᠠᠮᠢᠶᠠᠷᠤᠯᠳᠠ ᠶᠢᠨ ᠳᠤᠪᠴᠢᠶ᠎ᠠ ᠶᠢ ᠳᠡᠮᠳᠡᠭᠯᠡᠪᠡ | | ᠦᠤᠰᠢᠨ ᠬᠤᠰᠢᠭᠤᠨ ᠳᠤ ᠮᠤᠤᠠᠤᠰᠤ ᠶᠢᠨ ᠡᠯᠡᠰᠦᠨ ᠤ ᠠᠷᠴᠠ ᠶᠢ ᠬᠠᠮᠠᠭᠠᠯᠠᠬᠤ ᠶᠢᠨ ᠳᠦᠯᠦᠬᠡ ᠤᠢ | ᠤᠬᠠᠭᠠᠠ ᠢᠶᠠᠨ ᠰᠢᠪᠬᠠᠵᠦ᠂ ᠠᠷᠢᠭᠤᠨ ᠬᠦᠯᠦᠰᠦ ᠪᠠᠨ ᠤᠷᠤᠰᠬᠠᠵᠦ ᠶᠠᠪᠤᠭ᠎ᠠ ᠨᠢᠬᠡᠡ ᠪᠠᠶᠢᠭᠤᠯᠭ᠎ᠠ ᠨᠢᠬᠡᠴᠢ ᠪᠠᠶᠢᠳᠠᠭ | ᠃ ᠳᠡᠷᠡ ᠪᠤᠯ ᠳᠠᠷᠤᠢ ᠦᠪᠦᠷ ᠮᠤᠩᠭᠤᠯ ᠤᠨ ᠮᠤᠤᠠᠤᠰᠤ ᠶᠢᠨ ᠠᠷᠴᠠᠠ ᠤ ᠪᠠᠶᠢᠭᠠᠯᠢ ᠶᠢᠨ ᠬᠠᠮᠠᠭᠠᠯᠠᠯᠳᠠ ᠶᠢᠨ | ᠤᠷᠤᠨ ᠤ ᠬᠠᠮᠢᠶᠠᠷᠤᠯᠳᠠ ᠶᠢᠨ ᠳᠤᠪᠴᠢᠶ᠎ᠠ ᠪᠤᠯᠤᠨ᠎ᠠ᠃ | ᠦᠪᠦᠷ ᠮᠤᠩᠭᠤᠯ ᠤᠨ ᠮᠤᠤᠠᠤᠰᠤ ᠶᠢᠨ ᠠᠷᠴᠠᠠ ᠤ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠤᠯ | ᠮᠤᠤᠠᠤᠰᠤ ᠶᠢᠨ ᠡᠯᠡᠰᠦᠨ ᠤ ᠪᠠᠶᠢᠭᠠᠯᠢ ᠶᠢᠨ ᠬᠤᠪᠤᠷ ᠴᠤᠬᠠᠭ ᠠᠷᠴᠠᠠ ᠤ ᠡᠬᠢ ᠪᠠᠶᠠᠯᠢᠭ ᠪᠤᠯᠤᠨ ᠡᠯᠡᠰᠦᠨ | ᠪᠦᠷᠢᠳᠤ ᠶᠢᠨ ᠤᠯᠠᠠ ᠶᠠᠩᠵᠤᠳᠤ ᠠᠮᠢ ᠠᠬᠤᠢ ᠶᠢᠨ ᠰᠢᠰᠲ᠋ᠧᠮ ᠵᠢᠴᠢ ᠬᠠᠮᠠᠭᠠᠯᠠᠯᠳᠠ ᠶᠢᠨ ᠤᠷᠤᠨ ᠳᠤ ᠪᠠᠶᠢᠭ᠎ᠠ | ᠠᠮᠢᠳᠤ ᠪᠤᠳᠠᠰ ᠤᠨ ᠳᠦᠷᠦᠯ ᠢ ᠬᠠᠮᠠᠭᠠᠯᠠᠬᠤ᠂ ᠠᠮᠢᠳᠤ ᠪᠤᠳᠠᠰ ᠤᠨ ᠤᠯᠠᠠ ᠶᠠᠩᠵᠤᠳᠤ ᠴᠢᠨᠠᠷ ᠢ ᠬᠠᠮᠠᠭᠠᠯᠠᠬᠤ᠂ | ᠰᠢᠨᠵᠢᠯᠡᠬᠦ ᠤᠬᠠᠭᠠᠠ ᠤ ᠰᠤᠳᠤᠯᠤᠯ ᠰᠢᠨᠵᠢᠯᠡᠯ ᠬᠢᠬᠦ᠂ ᠠᠮᠢ ᠠᠬᠤᠢ ᠶᠢ ᠬᠠᠮᠠᠭᠠᠯᠠᠬᠤ ᠬᠦᠮᠦᠵᠢᠯ ᠬᠢᠬᠦ᠂ ᠠᠮᠢ | ᠠᠬᠤᠢ ᠶᠢᠨ ᠵᠤᠭᠠᠴᠠᠯ ᠪᠤᠯᠤᠨ ᠦᠷᠬᠦᠯᠵᠢᠯᠠᠯ ᠴᠢᠨᠠᠷᠳᠠᠢ ᠨᠠᠭᠡᠭᠡᠡ ᠠᠰᠢᠭᠯᠠᠬᠤ ᠵᠡᠷᠭᠡ ᠤᠯᠠᠠ ᠴᠢᠳᠠᠪᠬᠢ ᠶᠢ | ᠴᠤᠭᠴᠠᠵᠢᠭᠤᠯᠤᠭᠰᠠᠠ ᠶᠡᠷᠦᠩᠭᠡᠶᠢᠯᠡᠭᠰᠡᠡ ᠴᠢᠨᠠᠷ ᠪᠦᠬᠦᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠤᠯᠤᠨ᠎ᠠ᠃ | ᠳᠤᠰ ᠬᠠᠮᠠᠭᠠᠯᠠᠯᠳᠠ ᠶᠢᠨ ᠤᠷᠤᠨ ᠨᠢ 1995 ᠤᠨ ᠳᠤ ᠪᠠᠶᠢᠭᠤᠯᠤᠭᠳᠠᠵᠤ᠂ ᠦᠤᠰᠢᠨ ᠬᠤᠰᠢᠭᠤᠨ ᠤ ᠳᠤᠭ | ᠪᠠᠯᠭᠠᠰᠤ᠂ ᠰᠢᠷᠬᠤᠰᠤᠨ ᠭᠤᠤᠯ ᠪᠠᠯᠭᠠᠰᠤ᠂ ᠰᠦᠯᠳᠡ ᠰᠤᠮᠤ᠂ ᠤᠯᠠᠭᠠᠨᠳᠤᠯᠤᠭᠠᠢ ᠪᠠᠯᠭᠠᠰᠤ ᠪᠠ ᠤᠯᠤᠰ ᠤᠨ | ᠦᠮᠴᠢᠯᠠᠯᠳᠤ ᠨᠠᠷᠢᠨ ᠭᠤᠤᠯ ᠤᠢ ᠰᠢᠭᠤᠢ ᠶᠢᠨ ᠳᠠᠯᠠᠪᠠᠢ ᠵᠡᠷᠭᠡ ᠰᠤᠮᠤ ᠪᠠᠯᠭᠠᠰᠤ᠂ ᠤᠢ ᠰᠢᠭᠤᠢ ᠶᠢᠨ ᠳᠠᠯᠠᠪᠠᠢ ᠶᠢᠨ | 11 ᠭᠠᠴᠠᠭᠠᠠ ᠤ ᠨᠤᠳᠤᠭ ᠪᠡᠯᠴᠢᠭᠡᠷ ᠢ ᠬᠠᠮᠤᠷᠴᠤ ᠪᠤᠢ᠃ ᠮᠤᠤᠠᠤᠰᠤ ᠶᠢᠨ ᠪᠠᠶᠢᠭᠠᠯᠢᠯᠢᠬ ᠠᠷᠴᠠᠠ ᠤ ᠪᠡᠯᠴᠢᠭᠡᠷ ᠪᠤᠯ | ᠮᠠᠨ ᠤ ᠤᠯᠤᠰ ᠲᠠᠭᠠᠨ ᠡᠯᠡᠰᠦᠨ ᠤ ᠠᠷᠴᠠᠠ ᠤ ᠤᠷᠭᠤᠯᠳᠠ ᠪᠠᠷ ᠬᠠᠮᠤᠭ ᠰᠠᠶᠢᠨ᠂ ᠪᠦᠬᠦᠯᠢ ᠴᠤᠭᠴᠠ ᠶᠢᠨ | ᠳᠠᠯᠠᠪᠠᠢ ᠪᠠᠷ ᠬᠠᠮᠤᠭ ᠶᠡᠭᠡ᠂ ᠳᠦᠪᠯᠡᠷᠡᠵᠦ ᠪᠠᠶᠢᠭ᠎ᠠ ᠭᠡᠰᠡᠭ ᠤᠨ ᠨᠢᠭᠳᠠᠴᠠ ᠪᠠᠷ ᠬᠠᠮᠤᠭ ᠰᠠᠬᠤᠯᠠᠭ ᠠᠷᠴᠠᠠ ᠤ | ᠪᠡᠯᠴᠢᠭᠡᠷ ᠪᠤᠯᠤᠨ᠎ᠠ᠃ ᠵᠠᠬᠦᠨᠰᠢ ᠪᠠᠷᠠᠭᠤᠨᠰᠢ ᠦᠷᠭᠡᠡ ᠢᠶᠠᠷ ᠢᠶᠠᠨ 33 ᠺᠢᠯᠤᠮᠧᠲᠷ᠂ ᠡᠮᠦᠨᠡᠰᠢ ᠤᠮᠠᠷᠠᠰᠢ | ᠤᠷᠳᠤ ᠪᠠᠷ ᠢᠶᠠᠨ 60 ᠺᠢᠯᠤᠮᠧᠲᠷ ᠪᠠᠶᠢᠵᠤ᠂ ᠶᠡᠷᠦᠩᠭᠡᠢ ᠳᠠᠯᠠᠪᠠᠢ ᠨᠢ 69 ᠲᠦᠮᠡᠡ ᠮᠤ᠋ ᠪᠠᠶᠢᠳᠠᠭ᠃ ᠳᠠᠩᠰᠠ | ᠡᠪᠭᠡᠮᠡᠯ ᠢ ᠤᠷᠪᠠᠭᠤᠯᠪᠠᠯ᠂ 1956 ᠤᠨ ᠳᠤ ᠦᠤᠰᠢᠨ ᠬᠤᠰᠢᠭᠤᠨ ᠳᠤ 158 ᠳᠦᠮᠡᠡ ᠮᠤ᠋ ᠪᠠᠶᠢᠭᠠᠯᠢᠯᠢᠬ | ᠠᠷᠴᠠᠠ ᠤ ᠪᠡᠯᠴᠢᠭᠡᠷ ᠲᠠᠢ ᠪᠠᠶᠢᠵᠠᠢ᠃ ᠬᠡᠪᠡᠴᠤ ᠰᠤᠶᠤᠯ ᠤᠨ ᠬᠤᠪᠢᠰᠬᠠᠯ ᠤᠨ ᠦᠶ᠎ᠡ ᠳᠤ ᠪᠤᠯᠤᠭᠰᠠᠠ ᠶᠡᠭᠡ ᠠᠳᠠᠷ | ᠬᠠᠭᠠᠯᠪᠤᠷᠢᠯᠠᠯᠳᠠ᠂ ᠤᠢᠢᠷ᠎ᠠ ᠬᠠᠪᠢ ᠶᠢᠨ ᠮᠠᠯᠴᠢᠳ ᠴᠠᠪᠴᠢᠵᠤ ᠳᠦᠯᠡᠰᠢ ᠪᠤᠯᠭᠠᠭᠰᠠᠠ ᠵᠡᠷᠭᠡ ᠡᠪᠳᠡᠯᠡᠭᠡ ᠠᠴᠠ | ᠪᠤᠯᠵᠤ ᠠᠷᠴᠠᠠ ᠤ ᠪᠡᠯᠴᠢᠭᠡᠷ ᠦᠳᠳᠡᠷ ᠳᠦᠷᠭᠡᠡ ᠪᠠᠭᠠᠰᠴᠤ ᠳᠠᠪᠢᠨ ᠭᠡᠳᠦᠨ ᠵᠢᠯ ᠤᠨ ᠳᠠᠷᠠᠭᠠᠬᠢ ᠦᠨᠦᠳᠦᠷ | ᠪᠤᠯᠬᠤ ᠳᠤ 69 ᠳᠦᠮᠡᠡ ᠮᠤ᠋ ᠯᠠ ᠦᠯᠡᠳᠡᠵᠠᠢ᠃ ᠮᠤᠤᠠᠤᠰᠤ ᠶᠢᠨ ᠪᠠᠶᠢᠭᠠᠯᠢᠯᠢᠬ ᠠᠷᠴᠠᠠ ᠤ ᠬᠠᠮᠠᠭᠠᠯᠠᠯᠳᠠ | ᠬᠠᠮᠢᠶᠠᠷᠤᠯᠳᠠ ᠶᠢ 1985 ᠤᠨ ᠳᠤ ︽ᠳᠤᠮᠳᠠᠳᠤ ᠤᠯᠤᠰ ᠤᠨ ᠤᠢ ᠰᠢᠭᠤᠢ ᠶᠢᠨ ᠬᠠᠤᠯᠢ︾ | ᠨᠠᠶᠢᠳᠡᠯᠡᠭᠳᠡᠭᠰᠡᠡ ᠠᠴᠠ ᠡᠬᠢᠯᠡᠵᠦ ᠳᠤᠷᠠᠳᠬᠤ ᠶᠤᠰᠤᠳᠠᠢ᠃ 1996 ᠤᠨ ᠳᠤ ᠦᠤᠰᠢᠨ ᠬᠤᠰᠢᠭᠤ ᠮᠤᠤᠠᠤᠰᠤ ᠶᠢᠨ | ᠪᠠᠶᠢᠭᠠᠯᠢᠯᠢᠬ ᠠᠷᠴᠠ ᠶᠢ ᠴᠢᠭᠯᠡᠬᠦᠯᠦᠯᠳᠦ ᠴᠢᠨᠠᠷ ᠲᠠᠢ ᠬᠠᠮᠢᠶᠠᠷᠤᠨ ᠡᠬᠢᠯᠡᠵᠦ᠂ 2005 ᠤᠨ ᠳᠤ ᠦᠪᠦᠷ | ᠮᠤᠩᠭᠤᠯ ᠤᠨ ᠮᠤᠤᠠᠤᠰᠤ ᠶᠢᠨ ᠠᠷᠴᠠᠠ ᠤ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ | ᠳᠤᠪᠴᠢᠶ᠎ᠠ ᠶᠢ ᠪᠠᠶᠢᠭᠤᠯᠤᠨ ᠳᠤᠰᠬᠠᠢᠢᠵᠢᠭᠤᠯᠤᠨ ᠬᠠᠮᠠᠭᠠᠯᠠᠭᠰᠠᠠ ᠪᠠᠶᠢᠨ᠎ᠠ᠃ | ᠰᠤᠳᠤᠯᠭᠠᠠ ᠤ ᠦᠷ᠎ᠡ ᠳ᠋ᠦᠩ ᠳᠤ ᠢᠯᠡᠷᠠᠬᠦᠯᠦᠭᠰᠡᠡ ᠢᠶᠠᠷ᠂ ᠮᠤᠤᠠᠤᠰᠤ ᠶᠢᠨ ᠪᠠᠶᠢᠭᠠᠯᠢᠯᠢᠬ ᠠᠷᠴᠠᠠ ᠤ | ᠪᠡᠯᠴᠢᠭᠡᠷ ᠲᠠᠬᠢ ᠠᠷᠴᠠ ᠶᠢᠨ ᠬᠠᠮᠤᠭ ᠤᠷᠳᠤ ᠨᠠᠰᠤ ᠲᠠᠢ ᠨᠢ 420 ᠵᠢᠯ᠂ ᠤᠯᠠᠩᠬᠢ ᠨᠢ 150 ᠵᠢᠯ ᠤᠨ ᠨᠢᠭᠤᠷ ᠢ | ᠦᠵᠡᠵᠦ᠂ 394 ᠤᠷᠭᠤᠮᠠᠯ ᠤᠨ ᠳᠦᠷᠦᠯ ᠵᠦᠢᠯ ᠪᠤᠢ᠃ ᠳᠤᠰ ᠬᠠᠮᠠᠭᠠᠯᠠᠯᠳᠠ ᠶᠢᠨ ᠤᠷᠤᠨ ᠳᠤ 252 | ᠳᠦᠷᠦᠯ ᠤᠨ ᠠᠮᠢᠳᠠᠠ ᠵᠢᠬᠦᠷᠳᠡᠡ ᠪᠠᠶᠢᠳᠠᠭ᠃ ᠡᠬᠦᠨ ᠳᠤ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠳᠠ ᠶᠢᠨ | ᠠᠮᠢᠳᠠᠠ ᠵᠢᠬᠦᠷᠳᠡᠡ 4 ᠳᠦᠷᠦᠯ᠂ ᠤᠯᠤᠰ ᠤᠨ ᠬᠤᠶᠠᠳᠤᠭᠠᠷ ᠳᠡᠰ ᠤᠨ ᠠᠮᠢᠳᠠᠠ ᠵᠢᠬᠦᠷᠳᠡᠡ 32 ᠲᠦᠷᠦᠯ ᠪᠤᠢ᠃ | ᠳᠤᠰ ᠬᠠᠮᠠᠭᠠᠯᠠᠯᠳᠠ ᠶᠢᠨ ᠤᠷᠤᠨ ᠨᠢ ᠪᠠᠰᠠ ᠬᠠᠳᠤᠨ ᠭᠤᠤᠯ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠤᠷᠤᠨ | ᠪᠤᠯᠤᠨ᠎ᠠ᠃ ᠬᠠᠳᠤᠨ ᠭᠤᠤᠯ ᠤᠨ ᠳᠤᠮᠳᠠᠳᠤ᠂ ᠳᠡᠭᠡᠳᠦ ᠤᠷᠤᠰᠬᠠᠯ ᠤᠨ ᠴᠢᠳᠬᠤᠯᠠᠩ ᠰᠢᠷᠬᠤᠰᠤᠨ ᠭᠤᠤᠯ | ᠡ᠊ᠨᠳᠡ ᠠᠴᠠ ᠡᠬᠢ ᠠᠪᠴᠤ᠂ ᠰᠢᠷᠬᠤᠰᠤᠨ ᠭᠤᠤᠯ ᠤᠨ ᠰᠠᠯᠪᠤᠷᠢ ᠤᠷᠤᠰᠬᠠᠯ ᠪᠤᠯᠬᠤ ᠨᠠᠷᠢᠨᠭᠤᠤᠯ᠂ | ᠬᠠᠯᠢᠭᠤᠳᠤ ᠶᠢᠨ ᠭᠤᠤᠯ ᠵᠡᠷᠭᠡ ᠭᠤᠤᠯ ᠨᠢ ᠬᠠᠳᠤᠨ ᠭᠤᠤᠯ ᠳᠤ ᠵᠢᠯ ᠪᠦᠷᠢ 32300 ᠳᠦᠮᠡᠡ ᠪᠤᠰᠤᠭ᠎ᠠ | ᠳᠦᠷᠪᠡᠯᠵᠢᠨ ᠮᠧᠲᠷ ᠤᠰᠤ ᠶᠢ ᠴᠢᠳᠬᠤᠵᠤ ᠪᠠᠶᠢᠳᠠᠭ᠃ ᠪᠤᠰᠤᠳ ᠢ ᠬᠡᠯᠡᠬᠦ ᠪᠠᠨ ᠪᠠᠶᠢᠴᠢᠬᠠᠶ᠎ᠠ᠂ ᠵᠦᠪᠭᠡᠡ ᠡᠨᠡ | ᠬᠤᠷᠪᠠᠠ ᠳᠠᠯ᠎ᠠ ᠠᠴᠠ ᠬᠡᠯᠡᠭᠰᠡᠡ ᠴᠤ ᠮᠤᠤᠠᠤᠰᠤ ᠶᠢᠨ ᠠᠷᠴᠠᠠ ᠪᠡᠯᠴᠢᠭᠡᠷ ᠢ ᠬᠠᠮᠠᠭᠠᠯᠠᠬᠤ ᠨᠢ ᠬᠡᠳᠦ᠋ᠢᠴᠢᠨᠡᠭᠡᠡ ᠠᠯᠤᠰ | ᠬᠡᠳᠦ ᠶᠢᠨ ᠠᠴᠢ ᠬᠤᠯᠪᠤᠭᠳᠠᠯ ᠲᠠᠢ ᠭᠡᠳᠡᠭ ᠢ ᠦᠵᠡᠵᠦ ᠭᠠᠷᠤᠨ᠎ᠠ᠃ | ᠦᠪᠦᠷ ᠮᠤᠩᠭᠤᠯ ᠤᠨ ᠮᠤᠤᠠᠤᠰᠤ ᠶᠢᠨ ᠠᠷᠴᠠᠠ ᠤ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ | ᠬᠠᠮᠢᠶᠠᠷᠤᠯᠳᠠ ᠶᠢᠨ ᠳᠤᠪᠴᠢᠶ᠎ᠠ ᠨᠢ ᠮᠤᠤᠠᠤᠰᠤ ᠶᠢᠨ ᠡᠯᠡᠰᠦᠨ ᠤ ᠠᠷᠴᠠ ᠶᠢᠨ ᠡᠬᠢ ᠪᠡᠶᠠᠯᠢᠭ ᠢ ᠬᠦᠮᠦᠨ ᠤ | ᠵᠤᠷᠢᠭᠤᠳᠠ ᠡᠪᠳᠡᠯᠡᠭᠡ ᠪᠠ ᠮᠠᠯ ᠰᠦᠷᠦᠭ ᠤᠨ ᠰᠦᠢᠳᠬᠡᠯ ᠠᠴᠠ ᠬᠠᠮᠠᠭᠠᠯᠠᠬᠤ ᠶᠢᠨ ᠳᠦᠯᠦᠭᠡ 2001 ᠤᠨ ᠠᠴᠠ | ᠡᠬᠢᠯᠡᠡ ᠪᠠᠶᠢᠭᠠᠯᠢᠯᠢᠬ ᠤᠢ ᠰᠢᠭᠤᠢ ᠶᠢᠨ ᠬᠠᠮᠠᠭᠠᠯᠠᠯᠳᠠ ᠶᠢᠨ ᠢᠨᠵᠧᠨᠧᠷᠢᠩ ᠲᠠᠢ ᠤᠶᠠᠯᠳᠤᠭᠤᠯᠵᠦ᠂ ᠨᠡᠶᠢᠳᠡ 170 | ᠭᠠᠷᠤᠢ ᠳᠦᠮᠡᠡ ᠳᠦᠬᠦᠷᠢᠭ ᠤᠨ ᠪᠡᠯᠡ ᠤᠷᠤᠭᠤᠯᠤᠨ᠂ ᠬᠠᠮᠠᠭᠠᠯᠠᠯᠳᠠ ᠶᠢᠨ ᠤᠷᠤᠨ ᠤ ᠭᠤᠤᠯᠳᠠᠯᠭ᠎ᠠ ᠲᠠᠢ | ᠭᠠᠵᠠᠷ ᠲᠤ ᠪᠠᠷᠢᠮᠵᠢᠶᠠᠵᠢᠭᠤᠯᠤᠭᠰᠠᠠ ᠪᠢᠳᠡᠬᠦᠮᠵᠢᠯᠡᠯᠳᠡ ᠬᠢᠵᠦ᠂ ᠤᠷᠢᠳ ᠬᠤᠵᠢᠳ 30 ᠭᠠᠷᠤᠢ ᠳᠦᠮᠡᠡ ᠮᠤ᠋ | ᠭᠠᠵᠠᠷ ᠢ ᠬᠦᠷᠢᠶᠡᠯᠡᠡ ᠪᠢᠳᠡᠬᠦᠮᠵᠢᠯᠡᠵᠠᠢ᠃ ᠠᠷᠴᠠᠠ ᠪᠡᠯᠴᠢᠭᠡᠷ ᠤᠨ ᠮᠠᠯᠴᠢᠳ ᠢ ᠪᠠᠭᠳᠠᠭᠠᠭᠰᠠᠠ 60 ᠬᠦᠮᠦᠨ ᠢᠶᠠᠷ | ᠪᠦᠷᠢᠯᠳᠦᠭᠰᠡᠡ ᠮᠤᠤᠠᠤᠰᠤ ᠶᠢᠨ ᠡᠯᠡᠰᠦᠨ ᠤ ᠠᠷᠴᠠ ᠶᠢᠨ ᠬᠠᠮᠠᠭᠠᠯᠠᠯᠳᠠ ᠶᠢᠨ ᠤᠷᠤᠨ ᠤ ᠳᠤᠰᠬᠠᠢ ᠤᠢ ᠰᠢᠭᠤᠢ ᠶᠢᠨ | ᠬᠠᠮᠠᠭᠠᠯᠠᠯᠳᠠ ᠶᠢᠨ ᠶᠡᠭᠡ ᠠᠩᠬᠢ ᠶᠢ 4 ᠪᠠᠶᠢᠭᠤᠯᠤᠨ᠂ ᠭᠡᠷ᠎ᠡ ᠶᠢᠨ ᠳᠦᠷᠢᠮ ᠤᠨ ᠬᠡᠯᠪᠡᠷᠢ ᠪᠠᠷ ᠳᠤᠬᠠᠢ ᠶᠢᠨ | ᠭᠠᠵᠠᠷ ᠤᠨ ᠤᠢ ᠮᠤᠳᠤ ᠶᠢ ᠬᠠᠮᠢᠶᠠᠷᠤᠨ ᠬᠠᠮᠠᠭᠠᠯᠠᠵᠦ᠂ ᠳᠤᠭᠤᠷᠢᠭ ᠬᠤᠪᠢᠶᠠᠠ ᠬᠠᠷᠢᠭᠤᠴᠠᠭᠤᠯᠤᠭᠠᠳ | ᠬᠠᠮᠠᠭᠠᠯᠠᠯᠳᠠ ᠶᠢ ᠦᠨᠡᠨ ᠬᠦ ᠪᠠᠳᠤᠯᠠᠭᠰᠠᠠ ᠪᠠᠶᠢᠨ᠎ᠠ᠃ 2006 ᠤᠨ ᠳᠤ ᠦᠤᠰᠢᠨ ᠬᠤᠰᠢᠭᠤ ISO14001 | ᠤᠷᠴᠢᠨ ᠳᠤᠭᠤᠷᠢᠨ ᠤ ᠰᠢᠰᠲ᠋ᠧᠮ ᠤᠨ ᠭᠡᠷᠡᠴᠢᠯᠡᠯ ᠢ ᠦᠩᠭᠡᠷᠡᠭᠡᠵᠦ᠂ ᠬᠠᠮᠠᠭᠠᠯᠠᠯᠳᠠ ᠶᠢᠨ ᠤᠷᠤᠨ ᠤ | ᠬᠤᠶᠢᠰᠢᠳᠠ ᠶᠢᠨ ᠬᠦᠭᠵᠢᠯᠳᠡ ᠳᠤ ᠳᠦᠢᠯ ᠤᠨ ᠠᠰᠢᠭ ᠲᠠᠢ ᠰᠠᠭᠤᠷᠢ ᠨᠦᠬᠦᠴᠡᠯ ᠢ ᠪᠦᠷᠢᠯᠳᠦᠬᠦᠯᠵᠠᠢ᠃ | ᠳᠦᠷᠢᠮᠵᠢᠭᠰᠡᠡ ᠬᠠᠮᠢᠶᠠᠷᠤᠯᠳᠠ ᠶᠢ ᠬᠡᠷᠡᠭᠵᠢᠬᠦᠯᠬᠦ ᠡᠬᠦᠳᠡᠡ ᠠᠴᠠ ᠦᠤᠰᠢᠨ ᠬᠤᠰᠢᠭᠤᠨ ᠤ ᠠᠷᠠᠳ ᠤᠨ ᠵᠠᠰᠠᠭ ᠤᠨ | ᠤᠷᠳᠤᠨ᠂ ᠦᠪᠦᠷ ᠮᠤᠩᠭᠤᠯ ᠤᠨ ᠮᠤᠤᠠᠤᠰᠤ ᠶᠢᠨ ᠠᠷᠴᠠᠠ ᠤ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ | ᠬᠠᠮᠢᠶᠠᠷᠤᠯᠳᠠ ᠶᠢᠨ ᠳᠤᠪᠴᠢᠶ᠎ᠠ ᠠᠴᠠ ᠤᠷᠢᠳ ᠬᠤᠵᠢᠳ ︽ᠦᠪᠦᠷ ᠮᠤᠩᠭᠤᠯ ᠤᠨ ᠮᠤᠤᠠᠤᠰᠤ ᠶᠢᠨ ᠡᠯᠡᠰᠦᠨ ᠤ | ᠠᠷᠴᠠ ᠶᠢᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠲᠦᠷ ᠭᠡᠷᠡᠭᠵᠢᠬᠦᠯᠬᠦ ᠬᠠᠮᠢᠶᠠᠷᠤᠯᠳᠠ ᠶᠢᠨ ᠠᠷᠭ᠎ᠠ︾᠂ ︽ | ᠦᠪᠦᠷ ᠮᠤᠩᠭᠤᠯ ᠤᠨ ᠮᠤᠤᠠᠤᠰᠤ ᠶᠢᠨ ᠡᠯᠡᠰᠦᠨ ᠤ ᠠᠷᠴᠠ ᠶᠢᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ | ᠬᠠᠮᠢᠶᠠᠷᠤᠯᠳᠠ ᠶᠢᠨ ᠳᠦᠷᠢᠮ︾᠂ ︽ᠮᠤᠤᠠᠤᠰᠤ ᠶᠢᠨ ᠡᠯᠡᠰᠦᠨ ᠤ ᠠᠷᠴᠠ ᠶᠢᠨ ᠪᠠᠶᠢᠭᠠᠯᠢ ᠶᠢᠨ ᠬᠠᠮᠠᠭᠠᠯᠠᠯᠳᠠ ᠶᠢᠨ | ᠤᠷᠤᠨ ᠤ ᠭᠠᠯ ᠤᠨ ᠠᠶᠤᠯ ᠬᠤᠷᠤᠬᠠᠢ ᠶᠢᠨ ᠭᠠᠮᠰᠢᠭ ᠢ ᠰᠡᠷᠭᠡᠶᠢᠯᠡᠬᠦ ᠳᠦᠷᠢᠮ︾᠂ ︽ᠮᠤᠤᠠᠤᠰᠤ ᠶᠢᠨ ᠡᠯᠡᠰᠦᠨ ᠤ | ᠠᠷᠴᠠ ᠶᠢᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠤᠢ ᠰᠢᠭᠤᠢ ᠶᠢᠨ ᠬᠠᠮᠢᠶᠠᠷᠤᠭᠴᠢᠳ ᠢ ᠬᠠᠮᠢᠶᠠᠷᠬᠤ | ᠳᠦᠷᠢᠮ︾ ᠵᠡᠷᠭᠡ ᠠᠯᠢ ᠤᠯᠠᠠ ᠳᠦᠷᠢᠮ ᠳᠤᠭᠳᠠᠭᠠᠯ ᠢ ᠳᠤᠭᠳᠠᠭᠠᠵᠤ ᠬᠠᠮᠢᠶᠠᠷᠤᠯᠳᠠ ᠶᠢᠨ ᠠᠵᠢᠯ ᠢᠶᠠᠨ ᠠᠯᠬᠤᠮ | ᠠᠯᠬᠤᠮ ᠢᠶᠠᠷ ᠳᠦᠷᠢᠮᠵᠢᠬᠦᠯᠵᠠᠢ᠃ 2012 ᠤᠨ ᠳᠤ 600 ᠳᠦᠮᠡᠡ ᠳᠦᠬᠦᠷᠢᠭ ᠤᠨ ᠪᠡᠯᠡ ᠮᠦᠩᠬᠦ ᠤᠷᠤᠭᠤᠯᠵᠤ | ᠂ 4 ᠭᠠᠯ ᠢ ᠰᠡᠷᠭᠡᠶᠢᠯᠡᠬᠦ ᠬᠢᠨᠠᠠ ᠡᠵᠡᠮᠰᠢᠯ ᠤᠨ ᠳᠤᠷᠠᠨᠳᠠᠭᠤᠷ ᠰᠤᠪᠤᠷᠭ᠎ᠠ ᠪᠤᠰᠬᠠᠵᠤ᠂ ᠮᠤᠤᠠᠤᠰᠤ ᠶᠢᠨ ᠡᠯᠡᠰᠦᠨ ᠤ | ᠠᠷᠴᠠ ᠶᠢᠨ ᠭᠤᠤᠯᠳᠠᠯᠭᠠᠳᠤ ᠤᠷᠤᠨ ᠢ ᠪᠦᠬᠦ ᠬᠤᠰᠢᠭᠤᠨ ᠤ ᠲᠠᠯ᠎ᠠ ᠨᠤᠳᠤᠭ ᠪᠠ ᠤᠢ ᠰᠢᠭᠤᠢ ᠶᠢᠨ ᠭᠠᠯ ᠢ | ᠰᠡᠷᠭᠡᠶᠢᠯᠡᠬᠦ ᠬᠢᠨᠠᠠ ᠡᠵᠡᠮᠰᠢᠯ ᠤᠨ ᠰᠢᠰᠲ᠋ᠧᠮ ᠳᠤ ᠤᠷᠤᠭᠤᠯᠤᠭᠰᠠᠠ ᠪᠠᠶᠢᠨ᠎ᠠ᠃ 2017 ᠤᠨ ᠠᠴᠠ ᠬᠢᠮᠠᠯ | ᠳᠠᠭᠠᠭᠤᠯᠢ ᠤᠳᠤᠨ ᠤ ᠡᠷᠬᠢᠬᠦᠯᠬᠡᠳᠦ ᠰᠢᠷᠤᠭ ᠤᠨ ᠬᠢᠨᠠᠠ ᠡᠵᠡᠮᠰᠢᠯ ᠤᠨ ᠢᠨᠵᠧᠨᠧᠷᠢᠩ ᠢ ᠬᠡᠷᠡᠭᠵᠢᠬᠦᠯᠵᠦ᠂ | ᠬᠠᠮᠠᠭᠠᠯᠠᠯᠳᠠ ᠶᠢᠨ ᠤᠷᠤᠨ ᠳᠤ ᠬᠡᠷ ᠪᠠᠶᠢᠰᠢᠩ ᠪᠠᠷᠢᠬᠤ᠂ ᠠᠭᠤᠷᠬᠠᠢ ᠨᠡᠬᠡᠬᠡᠬᠦ᠂ ᠵᠠᠮ ᠵᠠᠰᠠᠬᠤ᠂ ᠵᠤᠭᠠᠴᠠᠯ ᠤᠨ | ᠠᠵᠢᠯᠯᠠᠭ᠎ᠠ ᠦᠷᠨᠢᠬᠦᠯᠬᠦ ᠵᠡᠷᠬᠡ ᠶᠢ ᠰᠢᠰᠲ᠋ᠧᠮ ᠲᠠᠢ ᠡᠵᠡᠮᠰᠢᠵᠦ ᠴᠢᠳᠠᠪᠠ᠃ ᠠᠷᠴᠠ ᠶᠢ ᠬᠠᠮᠠᠭᠠᠯᠠᠬᠤ ᠳᠤ ᠬᠠᠰᠢᠯᠠ | ᠬᠦᠮᠦᠨ ᠤ ᠬᠦᠴᠦ ᠬᠡᠷᠡᠭᠳᠠᠢ᠃ 2019 ᠤᠨ ᠪᠤᠯᠬᠤ ᠳᠤ ᠳᠤᠰ ᠳᠤᠪᠴᠢᠶᠠᠠ ᠤ ᠤᠷᠢᠨ ᠬᠡᠷᠡᠭᠯᠡᠵᠦ ᠪᠠᠶᠢᠭ᠎ᠠ | ᠠᠷᠴᠠ ᠬᠠᠮᠠᠭᠠᠯᠠᠭᠴᠢ ᠨᠢ ᠨᠡᠮᠡᠭᠳᠡᠬᠡᠳ 70 ᠬᠦᠮᠦᠨ ᠪᠤᠯᠤᠭᠰᠠᠠ ᠪᠠᠶᠢᠨ᠎ᠠ᠃ | ︽ᠠᠷᠴᠠᠠ ᠤ ᠦᠷ᠎ᠡ ᠠᠰᠢᠭ ᠢ ᠡᠬᠦᠳᠴᠦ᠂ ᠠᠰᠢᠭ ᠤᠷᠤᠯᠭ᠎ᠠ ᠪᠠᠷ ᠳᠠᠶᠢᠴᠢᠯᠠᠯ ᠪᠤᠯᠭᠠᠵᠤ ᠠᠷᠴᠠ ᠶᠢ | ᠬᠠᠮᠠᠭᠠᠯᠠᠬᠤ ᠪᠤᠯ ᠮᠤᠤᠠᠤᠰᠤ ᠶᠢᠨ ᠡᠯᠡᠰᠦᠨ ᠤ ᠠᠷᠴᠠ ᠶᠢ ᠬᠠᠮᠠᠭᠠᠯᠠᠬᠤ ᠬᠠᠮᠤᠭ ᠰᠠᠶᠢᠨ ᠠᠷᠭ᠎ᠠ ᠵᠠᠮ︾ ᠬᠡᠵᠦ | ᠦᠪᠦᠷ ᠮᠤᠩᠭᠤᠯ ᠤᠨ ᠮᠤᠤᠠᠤᠰᠤ ᠶᠢᠨ ᠠᠷᠴᠠᠠ ᠤ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ | ᠳᠤᠪᠴᠢᠶᠠᠠ ᠤ ᠳᠡᠳ᠋ ᠳᠠᠷᠤᠭ᠎ᠠ ᠯᠢ ᠬᠦᠢ ᠱᠠᠠ ᠶᠠᠷᠢᠨ᠎ᠠ᠃ ᠠᠷᠴᠠᠠ ᠤ ᠦᠷ᠎ᠡ ᠠᠰᠢᠭ ᠢ ᠡᠬᠦᠳᠬᠦ ᠳᠤ ᠬᠤᠶᠠᠷ | ᠵᠦᠢᠯ ᠤᠨ ᠠᠷᠭ᠎ᠠ ᠵᠠᠮ ᠪᠤᠢ᠃ ᠨᠢᠭᠡ ᠨᠢ ᠠᠷᠴᠠᠠ ᠤ ᠨᠤᠭᠤᠭᠠᠷᠠᠭᠤᠯᠤᠯᠳᠠ ᠶᠢᠨ ᠦᠢᠯᠡᠰ ᠲᠠᠬᠢ ᠳᠠᠪᠠᠭᠤᠯᠢᠭ ᠢ | ᠦᠷᠬᠦᠯᠵᠢᠯᠡᠡ ᠪᠠᠳᠠᠷᠠᠭᠤᠯᠵᠤ᠂ ᠠᠷᠴᠠᠠ ᠰᠤᠶᠤᠭ᠎ᠠ ᠶᠢ ᠰᠢᠨᠵᠢᠯᠡᠬᠦ ᠤᠬᠠᠭᠠᠨᠴᠢ ᠪᠠᠷ ᠪᠤᠶᠢᠵᠢᠭᠤᠯᠵᠤ᠂ ᠠᠷᠴᠠ ᠶᠢ | ᠬᠤᠳᠠ ᠪᠠᠯᠭᠠᠰᠤ᠂ ᠵᠠᠮ ᠱᠤᠭᠤᠮ ᠤᠨ ᠨᠤᠭᠤᠭᠠᠷᠠᠭᠤᠯᠤᠯᠳᠠ ᠠᠴᠠ ᠡᠯᠡᠰᠦ ᠶᠢ ᠨᠤᠭᠤᠭᠠᠷᠠᠭᠤᠯᠬᠤ ᠭᠤᠤᠯ | ᠤᠷᠭᠤᠮᠠᠯ ᠤᠨ ᠲᠦᠷᠤᠯ ᠪᠤᠯᠭᠠᠵᠤ ᠳᠠᠷᠢᠨ᠎ᠠ᠃ ᠠᠷᠴᠠ ᠮᠤᠤᠠᠤᠰᠤ ᠶᠢᠨ ᠡᠯᠡᠰᠦᠨ ᠳᠤ ᠢᠩᠬᠢᠵᠦ ᠤᠷᠭᠤᠵᠤ | ᠪᠠᠶᠢᠬᠤ ᠨᠢ ᠡ᠊ᠨᠳᠡᠬᠢ ᠠᠭᠤᠷ ᠠᠮᠢᠰᠬᠤᠯ᠂ ᠬᠦᠷᠦᠰᠦ ᠰᠢᠷᠤᠢ ᠶᠢᠨ ᠰᠢᠮ᠎ᠡ ᠲᠠᠢ ᠪᠦᠷᠢᠮᠦᠰᠦᠨ ᠵᠤᠬᠢᠴᠠᠵᠤ ᠪᠠᠶᠢᠬᠤ ᠶᠢ | ᠬᠠᠷᠠᠭᠤᠯᠵᠤ᠂ ᠡᠯᠡᠰᠦ ᠶᠢ ᠵᠠᠰᠠᠬᠤ ᠳᠤ ᠦᠷᠭᠡᠡ ᠢᠶᠠᠷ ᠭᠡᠷᠡᠭᠯᠡᠭᠳᠡᠬᠦ ᠳᠠᠯᠳᠠ ᠬᠦᠴᠦᠨ ᠲᠠᠢ ᠭᠡᠨ᠎ᠡ᠃ ᠤᠢᠢᠷ᠎ᠠ ᠶᠢᠨ | ᠵᠢᠯ ᠳᠤ ᠳᠤᠰ ᠳᠤᠪᠴᠢᠶ᠎ᠠ ᠨᠢ ᠠᠷᠴᠠᠠ ᠰᠤᠶᠤᠭ᠎ᠠ ᠳᠠᠷᠢᠬᠤ᠂ ᠠᠷᠴᠠᠠ ᠤ ᠰᠠᠯᠠᠭ᠎ᠠ ᠶᠢ ᠪᠤᠯᠠᠬᠤ ᠵᠡᠷᠬᠡ ᠠᠷᠭ᠎ᠠ ᠪᠠᠷ | 2000 ᠮᠦ ᠠᠷᠴᠠ ᠳᠠᠷᠢᠵᠠᠢ᠃ ᠬᠡᠯᠡᠬᠦ ᠠᠴᠠ ᠬᠦᠮᠦᠨ ᠤ ᠬᠦᠴᠦ ᠪᠠᠷ ᠳᠠᠷᠢᠭᠰᠠᠠ ᠠᠷᠴᠠᠠ ᠤ ᠳᠠᠯᠠᠪᠠᠢ ᠨᠢ | ᠨᠡᠮᠡᠭᠳᠡᠴᠢᠭᠡᠪᠡᠯ ᠪᠠᠶᠢᠭᠠᠯᠢᠯᠢᠬ ᠠᠷᠴᠠ ᠨᠢ ᠠᠶᠠᠨᠳᠠᠭᠠᠠ ᠬᠠᠮᠠᠭᠠᠯᠠᠭᠳᠠᠴᠢᠬᠠᠬᠤ ᠨᠢ ᠯᠠᠪᠳᠠᠢ᠃ ᠨᠦᠬᠦᠭᠡ ᠨᠢ ᠰᠢᠨᠵᠢᠯᠡᠬᠦ | ᠤᠬᠠᠭᠠᠠ ᠤ ᠰᠤᠳᠤᠯᠭᠠᠠ ᠤ ᠠᠵᠢᠯ ᠢ ᠬᠢᠵᠦ᠂ ᠠᠷᠴᠠᠠ ᠤ ᠦᠢᠯᠡᠳᠬᠦᠨ ᠢ ᠪᠤᠯᠪᠠᠰᠤᠷᠠᠭᠤᠯᠤᠨ᠂ ᠠᠷᠴᠠᠠ ᠤ | ᠬᠤᠪᠢ ᠶᠢᠨ ᠦᠷᠳᠡᠭ ᠢ ᠳᠡᠭᠡᠭᠰᠢᠯᠡᠬᠦᠯᠦᠨ᠎ᠡ᠃ ᠳᠡᠳᠡ ᠤᠷᠢᠳ ᠬᠤᠵᠢᠳ ᠯᠠᠨᠵᠸᠤ ᠶᠢᠨ ᠡᠯᠡᠰᠦᠨ ᠤ ᠰᠤᠳᠤᠯᠭᠠᠠ ᠤ | ᠭᠠᠵᠠᠷ᠂ ᠪᠡᠭᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠤᠢ ᠰᠢᠭᠤᠢ ᠶᠢᠨ | ᠬᠦᠷᠢᠶᠡᠯᠡᠩ᠂ ᠦᠪᠦᠷ ᠮᠤᠩᠭᠤᠯ ᠤᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠳᠠᠷᠢᠶᠠᠯᠠᠩ ᠤᠨ ᠶᠡᠭᠡ | ᠰᠤᠷᠭᠠᠭᠤᠯᠢ ᠵᠡᠷᠭᠡ ᠰᠢᠨᠵᠢᠯᠡᠬᠦ ᠤᠬᠠᠭᠠᠠ ᠤ ᠰᠤᠳᠤᠯᠭᠠᠠ ᠤ ᠨᠢᠭᠡᠴᠢ ᠪᠠ ᠶᠡᠭᠡ ᠰᠤᠷᠭᠠᠭᠤᠯᠢ ᠨᠤᠭᠤᠳ ᠲᠠᠢ | ᠢᠳᠡᠪᠬᠢᠳᠠᠢ ᠬᠠᠷᠢᠯᠴᠠᠵᠤ᠂ ᠠᠷᠴᠠᠠ ᠤ ᠪᠦᠳᠦᠭᠡᠭᠳᠡᠬᠦᠨ ᠪᠤᠯᠬᠤ ᠨᠡᠮᠡᠯᠳᠡ ᠡᠳ᠋᠂ ᠨᠠᠷᠢᠯᠢᠭ ᠳᠤᠰᠤ᠂ ᠢᠯᠵᠢᠷᠠᠬᠦ ᠶᠢ | ᠰᠡᠷᠬᠡᠶᠢᠯᠡᠬᠦ ᠨᠤᠨᠳᠠᠭ᠂ ᠬᠤᠤᠷᠳᠤ ᠰᠢᠩᠬᠡᠡ ᠵᠡᠷᠭᠡ ᠶᠢ ᠰᠤᠳᠤᠯᠵᠤ ᠭᠠᠷᠭᠠᠵᠠᠢ᠃ ᠯᠢ ᠬᠦᠢ ᠱᠠᠠ ᠤ ᠬᠡᠯᠡᠬᠦ ᠪᠠᠷ | ᠡᠳᠡᠭᠡᠷ ᠪᠦᠳᠦᠭᠡᠭᠳᠡᠬᠦᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠨᠢ ᠪᠦᠷ ᠦᠨᠳᠦᠷ ᠬᠡᠨ᠎ᠡ᠂ ᠬᠡᠷᠪᠡ | ᠬᠡᠪᠴᠢᠶᠡᠵᠢᠭᠰᠡᠡ ᠦᠢᠯᠡᠳᠪᠦᠷᠢᠯᠡᠯᠳᠡ ᠬᠢᠵᠦ ᠡᠬᠢᠯᠡᠬᠦ ᠳᠤ ᠬᠦᠷᠪᠡᠯ ᠬᠦᠮᠤᠰ ᠠᠰᠢᠭ ᠳᠤᠰᠠ ᠶᠢᠨ ᠳᠠᠶᠢᠴᠢᠯᠠᠯ ᠠᠴᠠ | ᠪᠤᠯᠵᠤ ᠠᠷᠴᠠ ᠳᠠᠷᠢᠬᠤ ᠢᠳᠡᠪᠬᠢᠵᠢᠯ ᠨᠢ ᠳᠡᠭᠡᠭᠰᠢᠯᠡᠵᠦ᠂ ᠳᠠᠷᠢᠮᠠᠯ ᠠᠷᠴᠠᠠ ᠤ ᠳᠠᠯᠠᠪᠠᠢ ᠦᠳᠳᠡᠷ ᠳᠦᠷᠭᠡᠡ | ᠨᠡᠮᠡᠭᠳᠡᠬᠦ ᠪᠤᠯᠤᠨ᠎ᠠ᠃ |