ᠦᠤᠰᠢᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
ᠨᠡᠶᠢᠲᠡᠯᠡᠭᠰᠡᠨ ᠴᠠᠭ᠄
2019-12-16
    ᠨᠢᠭᠡ᠂ ᠤᠳᠤᠷᠢᠳᠬᠤ ᠪᠠᠭ     ᠵᠤᠤ ᠰᠢᠩ ︵ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ︶     ᠰᠠᠷᠠᠭᠤᠯᠵᠠᠶᠠᠭ᠎ᠠ ︵ᠳᠡᠳ᠋ ᠲᠣᠪᠴᠢᠶᠠᠨ ᠳᠠᠷᠤᠭ᠎ᠠ︶     ᠡᠤ ᠵᠢᠶᠦ᠋ᠨ ᠬᠤᠸᠠ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠡᠰᠢᠬᠦᠨ᠂ ᠳᠡᠳ᠋ ᠲᠣᠪᠴᠢᠶᠠᠨ ᠳᠠᠷᠤᠭ᠎ᠠ︶     ᠭᠤᠤ ᠰᠢᠤ ᠶᠢᠩ ︵ᠳᠡᠳ᠋ ᠡᠷᠬᠢᠯᠡᠭᠴᠢ ᠬᠡᠰᠢᠬᠦᠨ︶     ᠦᠨᠡᠨ ︵ᠳᠡᠳ᠋ ᠰᠠᠯᠠᠭᠠᠨ ᠲᠡᠰ ᠤᠨ ᠬᠠᠷᠠᠭᠠᠯᠵᠠᠯ ᠲᠠᠢ ᠺᠠᠳ᠋ᠷ︶     ᠪᠢᠯᠢᠭ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠡᠰᠢᠬᠦᠨ᠂ ᠳᠡᠳ᠋ ᠰᠠᠯᠠᠭᠠᠨ ᠲᠡᠰ ᠤᠨ ᠬᠠᠷᠠᠭᠠᠯᠵᠠᠯ ᠲᠠᠢ ᠺᠠᠳ᠋ᠷ︶     ᠬᠤᠶᠠᠷ᠂ ᠪᠠᠶᠢᠭᠤᠯᠤᠮᠵᠢ ᠶᠢᠨ ᠲᠤᠬᠢᠷᠠᠭᠤᠯᠤᠯᠲᠠ     ︵ᠨᠢᠭᠡ︶ ᠠᠯᠪᠠᠨ ᠭᠡᠷ     ︵ᠬᠤᠶᠠᠷ︶ ᠶᠡᠷᠦᠩᠬᠡᠶᠢᠯᠡᠭᠰᠡᠨ ᠲᠣᠭᠠᠴᠠᠭ᠎ᠠ ᠬᠢᠬᠦ ᠲᠠᠰᠤᠭ     ︵ᠭᠤᠷᠪᠠ︶ ᠬᠠᠤᠯᠢ ᠲᠦᠷᠢᠮ ᠤᠨ ᠳᠠᠰᠤᠭ     ︵ᠲᠦᠷᠪᠡ︶ ᠬᠤᠲᠠ ᠬᠥᠳᠡᠭᠡ ᠶᠢᠨ ᠪᠠᠶᠢᠴᠠᠭᠠᠯᠲᠠ ᠶᠢᠨ ᠲᠤᠭ᠎ᠠ ᠪᠦᠷᠢᠳᠭᠡᠯ ᠤᠨ ᠲᠠᠰᠤᠭ     ︵ᠲᠠᠪᠤ︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠳᠠᠰᠤᠭ     ︵ᠵᠢᠷᠭᠤᠭ᠎ᠠ︶ ᠦᠢᠯᠡᠳᠪᠦᠷᠢ ᠶᠢᠨ ᠡᠨᠧᠷᠭᠢ ᠶᠢᠨ ᠣᠷᠴᠢᠨ ᠲᠣᠭᠤᠷᠢᠨ ᠤ ᠲᠤᠭ᠎ᠠ ᠪᠦᠷᠢᠳᠬᠡᠯ ᠤᠨ ᠳᠠᠰᠤᠭ     ︵ᠳᠣᠯᠤᠭ᠎ᠠ︶ ᠦᠢᠯᠡᠴᠢᠯᠡᠭᠡᠨ ᠤ ᠦᠢᠯᠡᠰ ᠤᠨ ᠲᠤᠭ᠎ᠠ ᠪᠦᠷᠢᠳᠬᠡᠯ ᠤᠨ ᠲᠠᠰᠤᠭ     ᠭᠤᠷᠪᠠ᠂ ᠪᠠᠶᠢᠭᠤᠯᠤᠮᠵᠢ ᠶᠢᠨ ᠭᠤᠤᠯ ᠡᠭᠦᠷᠭᠡ ᠲᠤᠰᠢᠶᠠᠯ     ︵ᠨᠢᠭᠡ︶ ᠳᠤᠮᠳᠠᠳᠤ ᠮᠣᠵᠢ ᠬᠤᠲᠠ ᠶᠢᠨ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠤᠭᠤᠰᠢᠯᠠᠭᠤᠯᠬᠤ ᠬᠡᠷᠡᠭᠲᠡᠶ᠃ ᠪᠦᠬᠦ ᠬᠤᠰᠢᠭᠤᠨ ᠤ ᠲᠤᠭ᠎ᠠ ᠪᠦᠷᠢᠳᠬᠡᠯ ᠤᠨ ᠬᠥᠭᠵᠢᠯᠲᠡ ᠶᠢᠨ ᠲᠦᠯᠦᠪᠵᠢᠬᠦᠯᠭᠡ ᠵᠢᠴᠢ ᠪᠠᠶᠢᠴᠠᠭᠠᠬᠤ ᠲᠥᠯᠥᠪᠯᠡᠭᠡ ᠶᠢ ᠲᠣᠭᠲᠠᠭᠠᠵᠤ ᠪᠦᠬᠦ ᠬᠤᠰᠢᠭᠤᠨ ᠤ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠤᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠵᠡᠷᠭᠡ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠬᠦ᠂ ᠬᠢᠨᠠᠨ ᠪᠠᠶᠢᠴᠠᠭᠠᠬᠤ᠂ ᠪᠦᠬᠦ ᠬᠤᠰᠢᠭᠤᠨ  ᠤ ᠲᠤᠭ᠎ᠠ ᠪᠦᠷᠢᠳᠬᠡᠯ ᠤᠨ ᠬᠠᠤᠯᠢ ᠴᠠᠭᠠᠵᠠ ᠶᠢ ᠪᠠᠶᠢᠴᠠᠭᠠᠬᠤ᠂ ᠬᠠᠤᠯᠢ ᠲᠣᠭᠲᠠᠭᠠᠯ ᠪᠣᠯᠤᠨ ᠲᠤᠭ᠎ᠠ ᠪᠦᠷᠢᠳᠬᠡᠯ ᠤᠨ ᠠᠷᠭ᠎ᠠ ᠮᠠᠶ᠋ᠢᠭ ᠤᠨ ᠳᠦᠷᠢᠮ ᠢ ᠬᠡᠷᠡᠭᠵᠢᠭᠦᠯᠬᠦ ᠶᠢ ᠬᠠᠷᠢᠭᠤᠴᠠᠵᠤ ᠲᠤᠭ᠎ᠠ ᠪᠦᠷᠢᠳᠬᠡᠯ ᠤᠨ ᠬᠠᠤᠯᠢ ᠲᠤᠭᠲᠠᠭᠠᠯ ᠪᠠ ᠲᠤᠭ᠎ᠠ ᠪᠦᠷᠢᠳᠬᠡᠯ ᠤᠨ ᠳᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠤ᠂ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠵᠤ ᠬᠠᠷᠢᠭᠤ ᠥᠭᠬᠦ ᠪᠠ ᠵᠠᠰᠠᠭ ᠵᠠᠬᠢᠷᠭᠠᠨ ᠤ ᠵᠠᠷᠭᠤ ᠶᠢᠨ ᠵᠠᠷᠭᠤ ᠬᠦᠯᠢᠶᠡᠬᠦ ᠡᠭᠦᠷᠭᠡ ᠴᠢᠳᠠᠪᠤᠷᠢ ᠶᠢ ᠬᠦᠢᠴᠡᠳᠬᠡᠨ᠎ᠡ᠃      ︵ᠬᠤᠶᠠᠷ︶ ᠪᠦᠬᠦ ᠤᠯᠤᠰ ᠤᠨ ᠨᠢᠭᠡᠳᠦᠯᠲᠡᠶ ᠦᠨᠳᠦᠰᠦᠨ ᠲᠤᠭ᠎ᠠ ᠪᠦᠷᠢᠳᠬᠡᠯ ᠤᠨ ᠳᠦᠷᠢᠮ ᠢ ᠲᠤᠭᠤᠰᠢᠯᠠᠭᠤᠯᠤᠨ ᠤᠯᠤᠰ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠬᠡᠷᠡᠭᠵᠢᠬᠦᠯᠵᠤ ᠪᠦᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ ᠰᠢᠰᠲ᠋ᠧᠮ ᠪᠣᠯᠤᠨ ᠲᠤᠭ᠎ᠠ ᠪᠦᠷᠢᠳᠬᠡᠯ ᠤᠨ ᠬᠦᠢᠴᠡᠳᠬᠡᠬᠦ ᠲᠤᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ ᠲᠥᠪ ᠮᠣᠵᠢ ᠬᠤᠲᠠ ᠶᠢᠨ ᠲᠤᠭ᠎ᠠ ᠪᠦᠷᠢᠳᠬᠡᠯ ᠤᠨ ᠲᠥᠰᠦᠯ ᠤᠨ ᠶᠣᠰᠣᠭᠠᠷ ᠪᠦᠬᠦ ᠬᠤᠰᠢᠭᠤᠨ ᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠴᠢᠩᠭ᠎ᠠ ᠬᠢᠨᠠᠨ ᠪᠣᠳᠣᠵᠤ᠂ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ ᠮᠠᠲ᠋ᠧᠷᠢᠶᠠᠯ ᠢ ᠬᠠᠩᠭᠠᠵᠤ ᠡᠯ᠎ᠡ ᠪᠠᠯᠭᠠᠰᠤ᠂ ᠰᠤᠮᠤᠨ ᠤ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ ᠠᠵᠢᠯ ᠢ ᠬᠢᠨᠠᠨ ᠬᠠᠮᠢᠶᠠᠷᠤᠨ᠎ᠠ᠃      ︵ᠭᠤᠷᠪᠠ︶ ᠪᠦᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠶᠢᠨ ᠭᠤᠷᠪᠠᠨ ᠶᠡᠭᠡ ᠠᠵᠤ ᠦᠢᠯᠡᠰ ᠤᠨ ᠬᠠᠮᠢᠶ᠎ᠠ ᠪᠦᠬᠦᠢ ᠠᠵᠢᠯ ᠲᠥᠷᠥᠯ ᠤᠨ ᠡᠩ ᠤᠨ ᠲᠤᠭ᠎ᠠ ᠪᠦᠷᠢᠳᠬᠡᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠭᠤᠷᠪᠠᠨ ᠰᠢᠨ᠎ᠡ︾ ᠶᠢᠨ ᠪᠦᠷᠢᠳᠬᠡᠨ ᠪᠠᠶᠢᠴᠠᠭᠠᠬᠤ ᠰᠢᠰᠲ᠋ᠧᠮ ᠢ ᠪᠦᠷᠢᠨ ᠪᠣᠯᠭᠠᠨ ︽ᠭᠤᠷᠪᠠᠨ ᠰᠢᠨ᠎ᠡ︾ ᠶᠢ ᠪᠦᠷᠢᠳᠭᠡᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠲᠤᠰᠬᠠᠶ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠬᠤ ᠶᠢ ᠬᠢᠨᠠᠨ ᠬᠠᠮᠢᠶᠠᠷᠤᠨ᠎ᠠ᠃      ︵ᠲᠦᠷᠪᠡ︶ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠂ ᠬᠥᠮᠦᠨ ᠠᠮᠠ᠂ ᠣᠷᠣᠭᠤᠯᠤᠯᠲᠠ ᠭᠠᠷᠭᠠᠯᠲᠠ᠂  ᠬᠤᠰᠢᠭᠤᠨ ᠬᠡᠪᠴᠢᠶᠡᠨ ᠳᠠᠬᠢ ᠠᠵᠤ ᠠᠬᠤᠢ ᠶᠢᠨ ᠬᠢᠨᠠᠨ ᠬᠡᠮᠵᠢᠯᠲᠡ ᠵᠡᠷᠭᠡ ᠲᠤᠰᠬᠠᠶ ᠪᠠᠶᠢᠴᠠᠭᠠᠯᠲᠠ ᠪᠠ ᠬᠡᠪᠴᠢᠶᠡᠵᠢᠯ ᠠᠴᠠ ᠳᠣᠷᠣᠭᠰᠢᠬᠢ ᠠᠵᠤ  ᠦᠢᠯᠡᠳᠪᠦᠷᠢ ᠵᠢᠴᠢ ᠥᠪᠡᠷ ᠤᠨ ᠥᠷᠲᠡᠭ ᠤᠨ ᠵᠠᠷᠤᠳᠠᠯ᠂ ᠦᠢᠯᠡᠴᠢᠯᠡᠭᠡᠨ ᠤ ᠦᠢᠯᠡᠰ ᠪᠠ ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠠᠷᠠᠯᠵᠢᠶᠠᠨ ᠤ ᠦᠢᠯᠡᠰ ᠵᠡᠷᠭᠡ ︽ᠳᠥᠷᠪᠡᠨ ᠳᠣᠤᠷ᠎ᠠ︾ ᠦᠯᠢᠭᠡᠷ ᠠᠪᠴᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠨ᠎ᠠ᠃      ︵ᠲᠠᠪᠤ︶ ᠪᠦᠬᠦ ᠬᠤᠰᠢᠭᠤᠨ ᠤ ᠬᠥᠮᠦᠨ ᠠᠮᠠ᠂ ᠠᠵᠤ ᠠᠬᠤᠶ᠂ ᠲᠠᠷᠢᠶᠠᠯᠠᠩ ᠵᠡᠷᠭᠡ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠤᠰᠤᠳ ᠴᠢᠬᠤᠯᠠ ᠶᠡᠭᠡ ᠤᠯᠤᠰ ᠤᠨ ᠪᠠᠶᠢᠳᠠᠯ ᠤᠯᠤᠰ  ᠤᠨ ᠬᠦᠴᠦᠨ ᠤ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠤᠯᠤᠰ ᠤᠨ ᠪᠠᠶᠢᠳᠠᠯ ᠤᠯᠤᠰ  ᠤᠨ ᠬᠦᠴᠦᠨ ᠤ ᠬᠤᠯᠪᠣᠭᠳᠠᠯ ᠪᠦᠬᠦᠢ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠵᠤ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠭᠠᠳᠠᠭᠰᠢ ᠨᠡᠶᠢᠲᠡᠯᠡᠬᠦ ᠶᠢ ᠬᠠᠷᠢᠭᠤᠴᠠᠨ᠎ᠠ᠃      ︵ᠵᠢᠷᠭᠤᠭ᠎ᠠ︶ ᠡᠯ᠎ᠡ ᠪᠠᠯᠭᠠᠰᠤ᠂ ᠰᠤᠮᠤ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠪᠦᠷᠢᠳᠭᠡᠨ ᠪᠠᠶᠢᠴᠠᠭᠠᠬᠤ ᠠᠵᠢᠯ ᠢ ᠥᠷᠨᠢᠭᠦᠯᠵᠦ᠂ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠶᠡᠷᠦᠩᠬᠡᠶᠢᠯᠡᠨ ᠡᠮᠬᠢᠯᠡᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ᠂ ᠳᠦᠷᠢᠮ ᠢ ᠦᠨᠡᠯᠡᠨ ᠵᠢᠱᠢᠬᠦ ᠪᠠ ᠬᠢᠨᠠᠨ ᠡᠵᠡᠮᠳᠡᠵᠤ ᠪᠦᠬᠦ ᠬᠤᠲᠠ ᠶᠢᠨ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠬᠠᠮᠢᠶᠠᠷᠬᠤ ᠪᠠ ᠨᠡᠶᠢᠲᠡᠯᠡᠵᠦ ᠨᠢᠭᠡᠳᠦᠯᠲᠡᠢ ᠬᠢᠨᠠᠨ ᠲᠤᠭᠲᠠᠭᠠᠨ ᠪᠦᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠬᠡᠮ ᠤᠨ ᠬᠥᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃     ︵ᠳᠣᠯᠤᠭ᠎ᠠ︶ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠦᠷᠢᠳᠬᠡᠨ ᠵᠠᠳᠠᠯᠬᠤ᠂ ᠤᠷᠢᠳᠴᠢᠯᠠᠨ ᠲᠥᠰᠦᠭᠡᠯᠡᠬᠦ ᠪᠠ ᠬᠢᠨᠠᠯᠲᠠ ᠲᠠᠯᠪᠢᠬᠤ ᠶᠢ ᠬᠠᠷᠢᠭᠤᠴᠠᠵᠤ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠪᠠ ᠠᠰᠠᠭᠤᠨ ᠯᠠᠪᠯᠠᠬᠤ ᠰᠠᠨᠠᠭᠤᠯᠭ᠎ᠠ ᠬᠠᠩᠭᠠᠨ᠎ᠠ᠃     ︵ᠨᠠᠢᠮᠠ︶ ᠣᠷᠣᠨ ᠨᠤᠲᠤᠭ ᠤᠨ ᠪᠦᠷᠢᠳᠭᠡᠨ ᠪᠠᠶᠢᠴᠠᠭᠠᠯᠲᠠ ᠶᠢᠨ ᠲᠦᠷᠦᠯ ᠵᠦᠢᠯ ᠢ ᠬᠠᠤᠯᠢ ᠶᠣᠰᠣᠭᠠᠷ ᠬᠢᠨᠠᠨ ᠵᠥᠪᠰᠢᠶᠡᠷᠡᠵᠦ᠂ ᠭᠠᠳᠠᠭᠠᠳᠤ ᠳᠤ ᠬᠤᠯᠪᠣᠭᠳᠠᠬᠤ ᠪᠦᠷᠢᠳᠭᠡᠨ ᠪᠠᠶᠢᠴᠠᠭᠠᠯᠲᠠ ᠶᠢᠨ ᠠᠵᠢᠯᠯᠠᠭ᠎ᠠ ᠶᠢ ᠬᠢᠨᠠᠵᠤ ᠬᠠᠮᠢᠶᠠᠷᠤᠨ᠎ᠠ︔ ᠪᠠᠯᠭᠠᠰᠤ᠂ ᠰᠤᠮᠤ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠢᠯᠣᠭᠤᠳᠤᠨ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠵᠢᠯ ᠢ  ᠬᠠᠷᠢᠭᠤᠴᠠᠨ᠎ᠠ᠃     ︵ᠶᠢᠰᠦ︶ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠵᠤ᠂ ᠪᠥᠬᠦ ᠬᠤᠰᠢᠭᠤᠨ ᠤ ᠦᠨᠳᠦᠰᠦᠨ ᠨᠢᠭᠡᠴᠢ ᠶᠢᠨ ᠨᠡᠷᠡᠰ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠪᠠ ᠪᠠᠶᠢᠴᠠᠭᠠᠯᠲᠠ ᠶᠢᠨ ᠨᠢᠭᠡᠴᠢ ᠶᠢᠨ ᠭᠤᠶᠤᠴᠢᠯᠠᠨ ᠮᠡᠳᠡᠭᠦᠯᠬᠦ ᠠᠵᠢᠯ ᠢ ᠬᠢᠨᠠᠨ ᠬᠠᠮᠢᠶᠠᠷᠤᠨ᠎ᠠ᠃     ︵ᠠᠷᠪᠠ︶ ᠲᠤᠰ ᠠᠵᠢᠯ ᠲᠥᠷᠥᠯ ᠤᠨ ᠬᠦᠷᠢᠶ᠎ᠡ ᠴᠠᠷᠠᠭᠠᠨ ᠳᠠᠬᠢ ᠲᠣᠮᠣ ᠳ᠋ᠠᠶᠢᠲ᠋ᠠ ᠶᠢ ᠴᠤᠭᠯᠠᠭᠤᠯᠤᠨ ᠬᠦᠷᠭᠡᠬᠦ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃     ︵ᠠᠷᠪᠠᠨ ᠨᠢᠭᠡ︶ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ᠲᠦᠷᠪᠡ ᠂ ᠠᠯᠪᠠᠯᠠᠬᠤ ᠬᠠᠶ᠋ᠢᠭ᠄ ᠦᠤᠰᠢᠨ ᠬᠤᠰᠢᠭᠤᠨ ᠤ ᠨᠠᠮ ᠵᠠᠰᠠᠭ ᠤᠨ ᠰᠢᠨ᠎ᠡ ᠲᠣᠭᠤᠷᠢᠭ ᠤᠨ 2 ᠳ᠋ᠤᠭᠠᠷ ᠠᠰᠠᠷ     ᠲᠠᠪᠤ ᠂ ᠬᠠᠷᠢᠯᠴᠠᠬᠤ ᠤᠲᠠᠰᠤ᠄ 0477 — 7582089     ᠵᠢᠷᠭᠤᠭ᠎ᠠ᠂ ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 8 : 30 — 12 : 00   ᠦᠳᠡ ᠶᠢᠨ ᠬᠤᠶᠢᠨ᠎ᠠ 14 : 30 — 17 : 30    
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号