︽ᠦᠨᠡᠨ︾ ᠰᠡᠳᠬᠦᠯ ᠶᠡᠷᠤᠩᠬᠡᠢ ᠱᠦᠵᠢ ᠰᠢ ᠶᠢᠨ ᠫᠢᠩ ᠤᠨ ︽ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠭᠰᠡᠡ ᠴᠢᠨᠠᠷ ᠰᠠᠶᠢᠳᠠᠢ ᠬᠦᠭᠵᠢᠯᠳᠡ ᠶᠢᠨ ᠤᠷᠤᠨ ᠪᠦᠰᠡ ᠶᠢᠨ ᠠᠵᠥ ᠠᠬᠤᠢ ᠶᠢᠨ ᠪᠠᠶᠢᠷᠢᠰᠢᠯ ᠪᠦᠷᠢᠯᠳᠦᠬᠦ ᠶᠢ ᠠᠬᠢᠭᠤᠯᠦᠶ᠎ᠠ︾ ᠬᠡᠬᠦ ᠴᠢᠬᠤᠯᠠ ᠵᠤᠬᠢᠶᠠᠯ ᠢ ᠨᠡᠶᠢᠳᠡᠯᠡᠪᠡ
ᠨᠡᠶᠢᠲᠡᠯᠡᠭᠰᠡᠨ ᠴᠠᠭ᠄
2019-12-17
     12 ᠰᠠᠷ᠎ᠠ ᠶᠢᠨ 16 ᠤ ᠡᠳᠤᠷ ᠬᠡᠪᠯᠡᠭᠳᠡᠬᠦ 24 ᠳ᠋ᠤᠭᠡᠷ ᠬᠤᠭᠤᠴᠠᠭᠠᠨ ᠤ ︽ᠦᠨᠡᠨ︾ ᠰᠡᠳᠬᠦᠯ ᠳᠤ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ ᠤᠨ ︽ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠭᠰᠡᠡ ᠴᠢᠨᠠᠷ ᠰᠠᠶᠢᠳᠠᠢ ᠬᠦᠭᠵᠢᠯᠳᠡ ᠶᠢᠨ ᠤᠷᠤᠨ ᠪᠦᠰᠡ ᠶᠢᠨ ᠠᠵᠥ ᠠᠬᠤᠢ ᠶᠢᠨ ᠪᠠᠶᠢᠷᠢᠰᠢᠯ ᠪᠦᠷᠢᠯᠳᠦᠬᠦ ᠶᠢ ᠠᠬᠢᠭᠤᠯᠦᠶ᠎ᠠ ︾ ᠬᠡᠬᠦ ᠴᠢᠬᠤᠯᠠ ᠵᠤᠬᠢᠶᠠᠯ ᠢ ᠨᠡᠶᠢᠳᠡᠯᠡᠪᠡ᠃      ᠵᠤᠬᠢᠶᠠᠯ ᠳᠤ᠂ ᠡᠯ᠎ᠡ ᠭᠠᠵᠠᠷ ᠤᠷᠤᠨ ᠤ ᠨᠦᠬᠦᠴᠡᠯ ᠢ ᠦᠨᠳᠦᠰᠦᠯᠡᠨ᠂ ᠵᠤᠬᠢᠰᠳᠠᠢ ᠪᠠᠷ ᠠᠵᠢᠯ ᠬᠤᠪᠢᠶᠠᠷᠢᠯᠠᠬᠤ᠂ ᠰᠢᠯᠢᠳᠡᠭᠵᠢᠬᠦᠯᠥᠨ ᠬᠦᠭᠵᠢᠬᠦᠯᠬᠦ ᠵᠠᠮ ᠢᠶᠠᠷ ᠵᠠᠮᠨᠠᠵᠥ᠂ ᠭᠤᠤᠯ ᠴᠤᠭᠴᠠ ᠶᠢᠨ ᠴᠢᠳᠠᠮᠵᠢᠳᠤ ᠤᠷᠤᠨ ᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠥ᠂ ᠤᠷᠤᠨ ᠵᠠᠢ ᠶᠢᠨ ᠵᠠᠰᠠᠯᠳᠠ ᠶᠢ ᠪᠦᠷᠢᠨᠰᠢᠬᠦᠯᠤᠨ᠂ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠭᠰᠡᠡ ᠴᠢᠨᠠᠷ ᠰᠠᠶᠢᠳᠠᠢ ᠬᠦᠭᠵᠢᠯᠳᠡ ᠶᠢᠨ ᠤᠷᠤᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠢ ᠪᠦᠷᠢᠯᠳᠦᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃      ᠵᠤᠬᠢᠶᠠᠯ ᠳᠤ᠂ ᠤᠳᠤᠬᠠᠨ ᠤ ᠤᠷᠤᠨ ᠪᠦᠰᠡ ᠶᠢᠨ ᠠᠵᠥ ᠠᠬᠤᠢ ᠶᠢᠨ ᠬᠦᠭᠵᠢᠯᠳᠡ ᠶᠢᠨ ᠰᠢᠨ᠎ᠡ ᠪᠠᠶᠢᠳᠠᠯ ᠢ ᠵᠦᠪ ᠲᠠᠨᠢᠬᠤ ᠬᠡᠷᠡᠭᠳᠡᠢ᠃ ᠠᠵᠤ ᠠᠬᠤᠢ ᠶᠢᠨ ᠬᠦᠭᠵᠢᠯᠳᠡ ᠶᠢᠨ ᠤᠷᠤᠨ ᠵᠠᠢ ᠶᠢᠨ ᠪᠦᠲᠦᠴᠡ ᠳᠤ ᠭᠦᠨᠵᠡᠭᠡᠢ ᠬᠤᠪᠢᠷᠠᠯᠳᠠ ᠭᠠᠷᠴᠦ᠂ ᠲᠦᠪ ᠬᠤᠳᠠ ᠪᠤᠯᠤᠨ ᠬᠤᠳᠠ ᠶᠢᠨ ᠪᠦᠯᠦᠭᠵᠢᠯ ᠶᠠᠭ ᠬᠦᠭᠵᠢᠯᠳᠡ ᠶᠢᠨ ᠴᠢᠬᠤᠯᠠ ᠡᠯᠧᠮᠧᠨ᠋ᠲ ᠢ ᠠᠴᠢᠶᠠᠯᠠᠬᠤ ᠭᠤᠤᠯ ᠤᠷᠤᠨ ᠵᠠᠢ ᠶᠢᠨ ᠬᠡᠯᠪᠡᠷᠢ ᠪᠤᠯᠵᠤ ᠪᠠᠶᠢᠨ᠎ᠠ᠃ ᠪᠢᠳᠡ ᠡᠷᠬᠡᠪᠰᠢ ᠰᠢᠨ᠎ᠡ ᠪᠠᠶᠢᠳᠠᠯ ᠳᠤ ᠵᠤᠬᠢᠴᠠᠵᠥ᠂ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢᠨ ᠰᠢᠨ᠎ᠡ ᠰᠡᠳᠬᠢᠮᠵᠢ ᠶᠢ ᠡᠷᠢᠯᠬᠢᠯᠡᠬᠦ ᠬᠡᠷᠡᠭᠳᠡᠢ ᠬᠡᠵᠥ ᠵᠢᠭᠠᠵᠥ ᠭᠠᠷᠭᠠᠪᠠ᠃      ᠵᠤᠬᠢᠶᠠᠯ ᠳᠤ᠂ ᠰᠢᠨ᠎ᠡ ᠪᠠᠶᠢᠳᠠᠯ ᠲᠤᠤᠷ᠎ᠡ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠬᠤ ᠶᠡᠷᠤᠩᠬᠡᠢ ᠰᠡᠳᠬᠢᠮᠵᠢ ᠪᠤᠯ᠄ ᠪᠤᠰᠤᠳᠴᠢ ᠠᠵᠥ ᠠᠬᠤᠢ ᠶᠢᠨ ᠵᠢᠮ᠎ᠡ ᠶᠤᠰᠤ ᠶᠢ ᠦᠨᠳᠦᠰᠦᠯᠡᠨ ᠤᠷᠤᠨ ᠪᠦᠰᠡ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠤᠬᠢᠷᠠᠭᠤᠯᠤᠨ ᠲᠡᠬᠦᠯᠳᠡᠷᠵᠢᠬᠦᠯᠵᠥ᠂ ᠡᠯ᠎ᠡ ᠭᠠᠵᠠᠷ ᠤᠷᠤᠨ ᠤ ᠬᠠᠷᠢᠴᠠᠭᠤᠯᠤᠬᠰᠠᠠ ᠲᠠᠪᠠᠭᠤᠯᠢᠭ ᠢ ᠪᠠᠳᠠᠷᠠᠭᠤᠯᠵᠥ᠂ ᠡᠯ᠎ᠠ ᠲᠦᠷᠦᠯ ᠤᠨ ᠴᠢᠬᠤᠯᠠ ᠡᠯᠧᠮᠧᠨ᠋ᠲ ᠤᠨ ᠵᠦᠢ ᠵᠤᠬᠢᠰᠳᠠᠢ ᠪᠠᠷ ᠰᠢᠯᠵᠢᠬᠦ ᠪᠠ ᠦᠨᠳᠦᠷ ᠪᠦᠲᠦᠮᠵᠢᠳᠠᠢ ᠪᠠᠷ ᠲᠦᠪᠯᠡᠷᠡᠬᠦ ᠶᠢ ᠠᠬᠢᠭᠤᠯᠵᠤ᠂ ᠰᠢᠨ᠎ᠠ ᠶᠢ ᠡᠭᠦᠳᠬᠦ ᠬᠦᠭᠵᠢᠯᠳᠡ ᠶᠢᠨ ᠬᠦᠳᠡᠯᠭᠡᠬᠦ ᠬᠦᠴᠦᠨ ᠢ ᠴᠢᠩᠭᠠᠳᠬᠠᠨ᠂ ᠴᠢᠨᠠᠷ ᠰᠠᠶᠢᠳᠠᠢ ᠬᠦᠭᠵᠢᠯᠳᠡ ᠶᠢᠨ ᠬᠦᠳᠡᠯᠭᠡᠬᠦ ᠬᠦᠴᠦᠨ ᠤ ᠰᠢᠰᠲ᠋ᠧᠮ ᠢ ᠱᠠᠯᠠᠪᠳᠠᠨ ᠪᠠᠶᠢᠭᠤᠯᠵᠤ᠂ ᠲᠦᠪ ᠬᠤᠲᠠ ᠪᠤᠯᠤᠨ ᠬᠤᠲᠠ ᠶᠢᠨ ᠪᠦᠯᠦᠭᠵᠢᠯ ᠵᠡᠷᠭᠡ ᠠᠵᠦ ᠠᠬᠤᠢ ᠶᠢᠨ ᠬᠦᠭᠵᠢᠯᠲᠠ ᠶᠢᠨ ᠲᠠᠪᠠᠭᠤᠯᠢᠭ ᠤᠷᠤᠨ ᠪᠦᠰᠡ ᠶᠢᠨ ᠠᠵᠦ ᠠᠬᠤᠢ ᠪᠤᠯᠤᠨ ᠬᠦᠮᠦᠨ ᠠᠮᠠ ᠶᠢᠨ ᠲᠠᠭᠠᠭᠠᠴᠠ ᠶᠢ ᠨᠡᠮᠡᠭᠳᠡᠭᠦᠯᠦᠨ᠂ ᠪᠤᠰᠤᠳ ᠭᠠᠵᠠᠷ ᠤᠷᠤᠨ ᠤ ᠠᠮᠤ ᠪᠤᠲᠠᠭᠠᠠ ᠤ ᠠᠮᠤᠷ ᠲᠦᠪᠰᠢᠠ᠂ ᠠᠮᠢ ᠠᠬᠤᠢ ᠶᠢᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ ᠵᠡᠷᠭᠡ ᠶᠢ ᠪᠠᠲᠤᠯᠠᠬᠤ ᠲᠠᠯ᠎ᠠ ᠪᠠᠷ ᠬᠢ ᠦᠢᠯᠡᠳᠤᠯ ᠴᠢᠲᠠᠪᠬᠢ ᠶᠢ ᠨᠢ ᠴᠢᠩᠭᠠᠳᠬᠠᠵᠥ᠂ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠭᠰᠡᠡ᠂ ᠴᠢᠨᠠᠷ ᠰᠠᠶᠢᠳᠠᠢ ᠬᠦᠭᠵᠢᠯᠳᠡ ᠶᠢᠨ ᠤᠷᠤᠨ ᠪᠦᠰᠡ ᠶᠢᠨ ᠠᠵᠥ ᠠᠬᠤᠢ ᠶᠢᠨ ᠪᠠᠶᠢᠷᠢᠰᠢᠯ ᠢ ᠪᠦᠷᠢᠯᠳᠦᠬᠦᠯᠬᠦ ᠬᠡᠷᠡᠭᠳᠡᠢ ᠬᠡᠵᠥ ᠵᠢᠭᠠᠵᠥ ᠭᠠᠷᠭᠠᠪᠠ᠃      ᠵᠤᠬᠢᠶᠠᠯ ᠳᠤ᠂ ᠤᠯᠠᠨ ᠲᠠᠯ᠎ᠠ ᠠᠴᠠ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢᠨ ᠰᠢᠨ᠎ᠡ ᠲᠤᠭᠳᠠᠴᠠ ᠶᠢ ᠪᠦᠷᠢᠨᠰᠢᠬᠦᠯᠵᠥ᠂ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠦᠷᠬᠡᠨ ᠬᠡᠷᠡᠭᠵᠢᠬᠦᠯᠵᠥ᠂ ᠪᠦᠬᠦ ᠤᠯᠤᠰ ᠲᠤ ᠨᠢᠭᠡᠲᠦᠯᠲᠡᠢ ᠨᠡᠭᠡᠭᠡᠯᠲᠡ ᠲᠠᠢ᠂ ᠦᠷᠢᠰᠦᠯᠲᠦᠭᠡᠡ ᠨᠢ ᠡᠮᠬᠢ ᠵᠢᠷᠦᠮ ᠲᠠᠢ ᠲᠠᠸᠠᠷ ᠪᠤᠯᠤᠨ ᠴᠢᠬᠤᠯᠠ ᠡᠯᠧᠮᠧᠨ᠋ᠲ ᠤᠨ ᠵᠠᠬ᠎ᠠ ᠲᠡᠯᠭᠡᠭᠦᠷ ᠢ ᠪᠦᠷᠢᠯᠲᠦᠭᠦᠯᠵᠦ᠂ ᠨᠠᠰᠤᠵᠢᠯ ᠤᠨ ᠲᠠᠭᠠᠳᠬᠠᠯ ᠢ ᠪᠦᠬᠦ ᠤᠯᠤᠰ ᠲᠤ ᠨᠢᠭᠡᠲᠦᠯᠲᠠᠢ ᠲᠦᠯᠦᠪᠵᠢᠭᠦᠯᠬᠦ ᠶᠢ ᠳᠠᠷᠤᠢ ᠲᠦᠷᠭᠡᠨ ᠪᠡᠶᠡᠯᠡᠬᠦᠯᠵᠥ᠂ ᠭᠠᠵᠠᠷ ᠰᠢᠷᠤᠢ ᠶᠢᠨ ᠬᠠᠮᠢᠶᠠᠷᠤᠯᠲᠠ ᠶᠢᠨ ᠲᠦᠷᠢᠮ ᠳᠤ ᠦᠭᠡᠷᠡᠴᠢᠯᠡᠯᠲᠡ ᠬᠢᠵᠦ᠂ ᠡᠨᠧᠷᠬᠢ ᠶᠢᠨ ᠭᠡᠷᠡᠭᠯᠡᠭᠡᠨ ᠤ ᠬᠤᠤᠰ ᠡᠵᠡᠮᠰᠢᠯᠲᠦ ᠲᠦᠷᠢᠮ ᠢ ᠲᠡᠭᠦᠯᠲᠡᠷᠵᠢᠭᠦᠯᠵᠦ᠂ ᠠᠮᠢ ᠠᠬᠤᠢ ᠶᠢᠨ ᠨᠦᠬᠦᠪᠦᠷᠢ ᠶᠢᠨ ᠲᠦᠷᠢᠮ ᠢ ᠪᠦᠬᠦ ᠲᠠᠯ᠎ᠠ ᠪᠠᠷ ᠲᠤᠬᠳᠠᠭᠠᠨ᠂ ᠡᠳ᠋ ᠤᠨ ᠵᠠᠰᠠᠭ ᠠᠴᠠ ᠰᠢᠯᠵᠢᠭᠦᠯᠦᠨ ᠦᠭᠬᠦ ᠲᠦᠷᠢᠮ ᠢ ᠲᠡᠭᠦᠯᠲᠡᠷᠵᠢᠭᠦᠯᠬᠦ ᠬᠡᠷᠡᠭᠳᠡᠢ ᠬᠡᠵᠥ ᠴᠢᠬᠤᠯᠠᠴᠢᠯᠠᠪᠠ᠃      ᠵᠤᠬᠢᠶᠠᠯ ᠳᠤ᠂ ᠵᠡᠭᠦᠨ ᠬᠤᠶᠢᠲᠦ ᠤᠷᠤᠨ ᠤ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠮᠠᠰᠢ ᠴᠢᠬᠤᠯᠠ ᠶᠤᠮ᠂ ᠰᠢᠨ᠎ᠠ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠠᠷᠭ᠎ᠠ ᠬᠡᠮᠵᠢᠶ᠎ᠡ ᠲᠠᠢ ᠪᠠᠶᠢᠵᠥ᠂ ᠵᠡᠬᠦᠨ ᠬᠤᠶᠢᠳᠤ ᠤᠷᠤᠨ ᠤ ᠪᠦᠬᠦ ᠲᠡᠯ᠎ᠡ ᠪᠠᠷ ᠬᠦᠭᠵᠢᠨ ᠮᠠᠨᠳᠤᠬᠤ ᠶᠢ ᠪᠡᠶᠡᠯᠡᠬᠦᠯᠬᠦ ᠬᠡᠷᠡᠭᠳᠡᠢ᠃ ᠡᠬᠢ ᠪᠠᠶᠠᠯᠢᠭ ᠢᠶᠠᠨ ᠪᠦᠳᠦᠮᠵᠢᠳᠡᠢ ᠪᠠᠷ ᠨᠡᠶᠢᠳᠬᠡᠵᠥ᠂ ᠰᠠᠨᠠᠭᠠᠴᠢᠯᠠᠭ᠎ᠠ ᠠᠴᠠ ᠪᠠᠨ ᠠᠵᠦ ᠠᠬᠤᠢ ᠶᠢᠨ ᠪᠦᠲᠦᠴᠡ ᠳᠡᠭᠡᠨ ᠲᠤᠬᠢᠷᠠᠭᠤᠯᠤᠯᠲᠠ ᠬᠢᠵᠦ᠂ ᠰᠢᠨ᠎ᠡ ᠲᠡᠩᠴᠡᠬᠦᠷᠢᠳᠡᠢ ᠬᠦᠭᠵᠢᠭᠰᠡᠡ ᠠᠵᠥ ᠦᠢᠯᠡᠰ ᠤᠨ ᠪᠦᠳᠦᠴᠡ ᠶᠢ ᠪᠦᠷᠢᠯᠳᠦᠬᠦᠯᠵᠥ᠂ ᠤᠯᠤᠰ ᠤᠨ ᠦᠮᠴᠢᠯᠡᠯ ᠤᠨ ᠠᠵᠥ ᠠᠬᠤᠢᠢᠯᠠᠯ ᠤᠨ ᠦᠬᠡᠷᠡᠴᠢᠯᠡᠯᠳᠡ ᠶᠢ ᠲᠦᠷᠬᠡᠳᠬᠡᠵᠥ᠂ ᠭᠠᠳᠠᠭᠠᠳᠤ ᠨᠡᠬᠡᠬᠡᠯᠳᠡ ᠶᠢᠨ ᠰᠢᠨ᠎ᠡ ᠬᠤᠰᠢᠭᠤᠴᠢ ᠤᠷᠤᠨ ᠢ ᠪᠤᠢ ᠪᠤᠯᠭᠠᠵᠥ᠂ ᠵᠠᠰᠠᠭ ᠤᠨ ᠤᠷᠲᠤᠨ ᠤ ᠡᠭᠦᠷᠭᠡ ᠴᠢᠲᠠᠪᠬᠢ ᠶᠢ ᠱᠠᠯᠠᠪᠳᠠᠨ ᠬᠤᠪᠢᠷᠠᠭᠤᠯᠵᠤ᠂ ᠰᠢᠯᠢᠳᠡᠭ ᠠᠵᠥ ᠠᠬᠤᠢᠢᠯᠠᠯᠳᠠᠨ ᠤ ᠵᠤᠷᠢᠭ ᠰᠠᠨᠠᠭ᠎ᠠ ᠶᠢ ᠪᠠᠳᠠᠷᠠᠭᠤᠯᠵᠥ᠂ ᠺᠠᠳ᠋ᠷ ᠢ ᠵᠦᠪ ᠴᠢᠭᠯᠡᠯ ᠢᠶᠠᠷ ᠤᠷᠮᠠᠰᠢᠭᠤᠯᠬᠤ ᠶᠢ ᠴᠢᠩᠭᠠᠳᠬᠠᠵᠥ᠂ ᠢᠯᠠ ᠲᠤᠲᠤ ᠬᠦᠮᠦᠨ ᠬᠡᠷᠡᠭᠯᠡᠬᠦ ᠤᠲᠤᠷᠢᠲᠤᠮᠵᠢ ᠶᠢ ᠪᠤᠢ ᠪᠤᠯᠭᠠᠨ᠂ ᠵᠡᠬᠦᠨ ᠬᠤᠶᠢᠳᠤ ᠤᠷᠤᠨ ᠢ ᠪᠦᠬᠦ ᠲᠠᠯ᠎ᠠ ᠪᠠᠷ ᠬᠦᠭᠵᠢᠭᠦᠯᠤᠨ ᠮᠠᠠᠲᠤᠭᠤᠯᠬᠤ ᠶᠢ ᠠᠬᠢᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号