ᠮᠠᠨ ᠤ ᠬᠤᠰᠢᠭᠤ ᠠᠵᠢᠯ ᠮᠡᠷᠬᠡᠵᠢᠯ ᠤᠨ ᠪᠤᠯᠪᠠᠰᠤᠷᠠᠯ ᠢᠶᠠᠷ ᠬᠤᠤᠰ ᠬᠡᠷᠡᠭᠴᠡᠭᠡ ᠶᠢ ᠲᠠᠰᠤᠷᠠᠯᠳᠠ ᠦᠬᠡᠢ ᠬᠠᠩᠭᠠᠵᠤ ᠪᠤᠢ
ᠨᠡᠶᠢᠲᠡᠯᠡᠭᠰᠡᠨ ᠴᠠᠭ᠄
2019-12-18
     ᠮᠠᠨ ᠤ ᠬᠤᠰᠢᠭᠤ ᠨᠡᠶᠢᠬᠡᠮ ᠠᠵᠤ ᠠᠬᠤᠢ ᠶᠢᠨ ᠲᠦᠷᠬᠡᠨ ᠬᠦᠭᠵᠢᠯᠳᠡ ᠳᠤ ᠲᠤᠬᠢᠷᠠᠭᠰᠠᠨ ᠡᠯ᠎ᠡ ᠲᠦᠷᠦᠯ ᠎ ᠤᠨ ᠠᠵᠢᠯ ᠮᠡᠷᠬᠡᠵᠢᠯ ᠤᠨ ᠪᠤᠯᠪᠠᠰᠤᠷᠠᠯ ᠢᠶᠠᠷ ᠲᠠᠮᠵᠢᠭᠤᠯᠵᠤ ᠮᠠᠯᠴᠢᠨ ᠲᠠᠷᠢᠶᠠᠴᠢᠨ᠂ ᠠᠵᠢᠯ ᠬᠦᠯᠢᠶᠠᠵᠤ ᠪᠠᠶᠢᠭ᠎ᠠ ᠬᠦᠮᠦᠰ ᠤᠨ ᠲᠤᠬᠠᠶᠢᠯᠠᠭᠰᠠᠨ ᠮᠡᠷᠬᠡᠵᠢᠯ ᠡᠵᠡᠮᠰᠢᠬᠦ ᠶᠢ ᠪᠠᠳᠤᠯᠠᠵᠤ ᠨᠡᠶᠢᠬᠡᠮ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤᠨᠢ ᠬᠠᠩᠭᠠᠵᠤ ᠴᠢᠳᠠᠬᠤ ᠶᠢᠨ ᠬᠠᠮᠳᠤ ᠡᠳᠡᠬᠡᠷ ᠬᠦᠮᠦᠰ ᠲᠤᠬᠠᠶᠢᠯᠠᠭᠰᠠᠨ ᠮᠡᠷᠬᠡᠵᠢᠯ ᠢᠶᠠᠷ ᠢᠶᠠᠨ ᠦᠢᠯᠡᠰ ᠪᠦᠳᠦᠬᠡᠵᠤ ᠤᠷᠤᠯᠭ᠎ᠠ ᠪᠠᠨ ᠨᠡᠮᠡᠭᠳᠡᠬᠦᠯᠬᠦ ᠶᠢ  ᠪᠠᠳᠤᠯᠠᠭᠰᠠᠨ ᠬᠤᠤᠰ ᠠᠰᠢᠭ ᠢ ᠡᠬᠦᠳᠴᠦ ᠪᠠᠶᠢᠨ᠎ᠠ᠃       ᠤᠶᠢᠷ᠎ᠠ ᠶᠢᠨ ᠡᠳᠦᠷ᠂ ᠬᠤᠰᠢᠭᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠎ ᠶᠢᠨ  ᠲᠤᠪᠴᠢᠶ᠎ᠠ᠂ ᠬᠤᠰᠢᠭᠤ ᠠᠵᠢᠯ ᠮᠡᠷᠬᠡᠵᠢᠯ ᠤᠨ ᠲᠤᠮᠳᠠᠳᠤ ᠰᠤᠷᠭᠠᠭᠤᠯᠢ ᠲᠠᠢ ᠬᠠᠮᠳᠤᠷᠠᠵᠤ ᠮᠤᠩᠭᠤᠯ ᠦᠨᠳᠦᠰᠦᠳᠡᠨ ᠤ ᠤᠯᠠᠮᠵᠢᠯᠠᠯᠳᠤ ᠬᠤᠪᠴᠠᠰᠤ ᠵᠠᠰᠠᠯ ᠢ ᠡᠰᠬᠡᠵᠤ ᠤᠶᠤᠬᠤ ᠮᠡᠷᠬᠡᠵᠢᠯ ᠤᠨ ᠪᠤᠯᠪᠠᠰᠤᠷᠠᠯ ᠢ ᠡᠷᠬᠢᠯᠡᠨ ᠬᠢᠭᠰᠡᠨ ᠪᠠᠶᠢᠨ᠎ᠠ᠃ ᠪᠤᠯᠪᠠᠰᠤᠷᠠᠯ ᠳᠤ ᠮᠠᠯᠴᠢᠨ ᠲᠠᠷᠢᠶᠠᠴᠢᠨ᠂ ᠠᠵᠢᠯ ᠬᠦᠯᠢᠶᠠᠵᠤ ᠪᠠᠶᠢᠭ᠎ᠠ ᠬᠦᠮᠦᠰ ᠤᠷᠤᠯᠴᠠᠵᠤ ᠨᠢᠬᠡ ᠰᠠᠷ᠎ᠠ ᠶᠠᠪᠤᠭᠳᠠᠬᠤ ᠪᠤᠯᠪᠠᠰᠤᠷᠠᠯ ᠢᠶᠠᠷ ᠲᠠᠮᠵᠢᠵᠤ ᠤᠷᠤᠯᠴᠠᠭᠰᠠᠳ ᠲᠤ ᠬᠤᠪᠴᠠᠰᠤ ᠵᠠᠰᠠᠯ ᠢ ᠤᠶᠤᠵᠤ ᠡᠰᠬᠡᠬᠦ ᠂ ᠵᠢᠷᠤᠭ ᠲᠦᠯᠦᠪᠯᠡᠭᠡ ᠵᠡᠷᠬᠡ ᠶᠢ ᠪᠦᠷᠢᠮᠦᠰᠦᠨ ᠡᠵᠡᠮᠰᠢᠬᠦᠯᠬᠦ ᠴᠢᠳᠠᠭᠰᠠᠨ ᠪᠠᠶᠢᠨ᠎ᠠ᠃      ᠬᠤᠪᠴᠠᠰᠤ ᠵᠠᠰᠠᠯ ᠤᠨ ᠬᠢᠴᠢᠶᠡᠯᠯᠡᠭᠡ ᠲᠠᠢ ᠠᠳᠠᠯᠢᠠᠬᠨ ᠢᠶᠠᠷ᠂ ᠦᠥᠰᠢᠨ ᠬᠤᠰᠢᠭᠤᠨ ᠤ ᠠᠨᠳᠠ ᠠᠵᠢᠯ ᠮᠡᠷᠬᠡᠵᠢᠯ ᠤᠨ ᠰᠤᠷᠭᠠᠭᠤᠯᠢ ᠪᠤᠯᠤᠨ ᠬᠤᠰᠢᠭᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠎ ᠶᠢᠨ ᠲᠤᠪᠴᠢᠶᠠᠨ ᠤ ᠬᠠᠮᠳᠤᠷᠠᠨ ᠡᠷᠬᠢᠯᠡᠭᠰᠡᠨ ᠡᠬᠡ ᠨᠢᠯᠬᠠᠰ ᠤᠨ ᠠᠰᠠᠷᠠᠭᠴᠢ ᠶᠢᠨ ᠪᠤᠯᠪᠠᠰᠤᠷᠠᠯ ᠴᠤ ᠬᠦᠭᠵᠢᠶᠠᠨᠳᠠᠢ ᠮᠦᠷᠳᠡᠬᠡᠨ ᠶᠠᠭᠠᠷᠠᠯᠳᠠᠢ ᠶᠠᠪᠤᠭᠳᠠᠵᠤ ᠪᠠᠶᠢᠯ᠎ᠠ᠃ ᠬᠤᠶᠠᠷ ᠬᠡᠥᠬᠡᠳ ᠠᠪᠬᠤ ᠲᠦᠷᠦ ᠶᠢᠨ ᠪᠤᠳᠤᠯᠭ᠎ᠠ ᠶᠢ ᠲᠠᠭᠠᠯᠳᠤᠨ ᠠᠰᠠᠷᠠᠭᠴᠢ ᠪᠠᠴᠢᠮ ᠬᠡᠷᠡᠭᠴᠡᠭᠡ ᠲᠠᠢ ᠪᠤᠯᠤᠭᠠᠳ ᠪᠤᠢ᠃ ᠰᠦᠯᠳᠡ ᠰᠤᠮᠤᠨ ᠤ ᠰᠠᠷᠬᠠᠬᠤᠸᠠᠷ ᠪᠤᠯᠪᠠᠰᠤᠷᠠᠯ ᠤᠨ ᠲᠤᠬᠢᠶᠠᠯ ᠢᠶᠠᠷ ᠡᠨᠡᠬᠦ ᠮᠡᠷᠬᠡᠵᠢᠯ ᠢ ᠪᠦᠷᠢᠨ ᠡᠵᠡᠮᠰᠢᠬᠦ ᠪᠠᠷ ᠬᠢᠴᠢᠶᠠᠵᠤ ᠪᠠᠶᠢᠯ᠎ᠠ᠃      ᠰᠠᠷᠬᠠᠬᠤᠸᠠᠷ᠄ ︽ᠡᠬᠡ ᠨᠢᠯᠬᠠᠰ ᠤᠨ ᠠᠰᠠᠷᠠᠭᠴᠢ ᠶᠢᠨ ᠠᠵᠢᠯ ᠤᠨ ᠴᠠᠯᠢᠩ ᠮᠦᠩᠬᠦ ᠨᠢ ᠦᠨᠳᠦᠷ᠂ ᠠᠶᠢᠯ ᠬᠡᠷ  ᠎ ᠤᠨ ᠠᠮᠢᠳᠤᠷᠠᠯ ᠢᠶᠠᠨ ᠲᠡᠭᠡᠭᠰᠢᠯᠡᠬᠦᠯᠬᠦ ᠪᠠᠷ ᠪᠠᠷᠠᠬᠤ ᠦᠭᠡᠢ ᠰᠠᠷ᠎ᠠ ᠳᠤ ᠰᠠᠭᠤᠭᠰᠠᠨ ᠡᠮᠡᠭᠳᠡᠢ ᠬᠦᠮᠦᠨ ᠳᠤ ᠨᠡᠩ ᠰᠠᠶᠢᠨ ᠦᠢᠯᠡᠴᠢᠯᠡᠭᠡ ᠬᠠᠩᠭᠠᠵᠤ ᠰᠠᠶᠢᠬᠠᠨ ᠨᠦᠬᠦᠴᠡᠯ ᠢ ᠪᠦᠷᠢᠯᠳᠤᠬᠦᠯᠬᠦ ᠪᠤᠯᠤᠨ᠎ᠠ︾ ᠭᠡᠵᠤ ᠪᠠᠶᠢᠯ᠎ᠠ᠃      ᠮᠠᠨ ᠤ ᠬᠤᠰᠢᠭᠤ ᠡᠯ᠎ᠡ ᠠᠵᠢᠯ ᠮᠡᠷᠬᠡᠵᠢᠯ ᠤᠨ ᠰᠤᠷᠭᠠᠭᠤᠯᠢ᠂ ᠦᠢᠯᠡᠰ ᠪᠦᠳᠦᠬᠡᠬᠦ ᠬᠦᠷᠢᠶᠠᠯᠠᠩ ᠵᠡᠷᠬᠡ ᠡᠬᠢ ᠪᠠᠶᠠᠯᠢᠭ ᠲᠠᠭᠠᠨ ᠲᠦᠰᠢᠭᠯᠡᠨ ᠮᠡᠷᠬᠡᠵᠢᠯ ᠰᠤᠷᠬᠤ ᠬᠦᠰᠡᠯ ᠲᠠᠢ ᠬᠦᠮᠦᠰ ᠲᠤ ᠠᠵᠢᠯ ᠮᠡᠷᠬᠡᠵᠢᠯ ᠤᠨ ᠪᠤᠯᠪᠠᠰᠤᠷᠠᠯ ᠢ ᠲᠦᠯᠦᠪᠤᠷᠢ ᠦᠬᠡᠢ ᠵᠤᠬᠢᠶᠠᠨ ᠪᠠᠶᠢᠭᠤᠯᠤᠨ ᠶᠠᠪᠤᠭᠳᠠᠭᠤᠯᠵᠤ 2019 ᠤᠨ ᠳᠤ ᠰᠡᠶᠢᠯᠤᠮᠠᠯ ᠤᠷᠠᠯᠠᠯ᠂ ᠠᠰᠠᠷᠠᠭᠴᠢ᠂ ᠵᠢᠰᠤ ᠭᠤᠶᠤᠯᠠᠯ᠂ ᠬᠤᠪᠴᠠᠰᠤ ᠵᠠᠰᠠᠯ᠂ ᠨᠠᠷᠢᠨ ᠪᠢᠴᠢᠬᠡᠴᠢ᠂ ᠡᠳ᠋ ᠤᠨ ᠶᠠᠪᠤᠳᠠᠯ ᠵᠡᠷᠬᠡ ᠠᠷᠪᠠᠨ ᠭᠤᠷᠪᠠᠨ ᠶᠡᠭᠡ ᠲᠦᠷᠦᠯ ᠤᠨ ᠪᠤᠯᠪᠠᠰᠤᠷᠠᠯ ᠢ ᠡᠷᠬᠢᠯᠡᠬᠡᠳ 315 ᠬᠦᠮᠦᠨ ᠳᠤ ᠠᠰᠢᠭ ᠬᠦᠷᠳᠡᠬᠡᠵᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号