ᠮᠠᠨ ᠤ ᠬᠤᠰᠢᠭᠤᠨ ᠤ ᠮᠠᠯᠴᠢᠨ ᠲᠠᠷᠢᠶᠠᠴᠢᠳ ᠮᠡᠷᠬᠡᠵᠢᠯ ᠰᠤᠷᠤᠭᠠᠳ ᠶᠠᠭᠠᠷᠠᠨ᠎ᠠ
ᠨᠡᠶᠢᠲᠡᠯᠡᠭᠰᠡᠨ ᠴᠠᠭ᠄
2019-12-18
      ᠨᠠᠮᠤᠷ ᠤᠨ ᠠᠵᠢᠯ ᠲᠠᠭᠤᠰᠴᠤ ᠡᠪᠤᠯ ᠤᠨ ᠬᠦᠢᠳᠡᠨ ᠤ ᠡᠷᠴᠢ ᠴᠢᠩᠭᠠᠷᠠᠭᠰᠨ ᠪᠤᠯᠪᠠᠴᠤ ᠮᠠᠨ ᠤ ᠬᠤᠰᠢᠭᠤᠨ ᠤ ᠮᠠᠯᠴᠢᠨ ᠲᠠᠷᠢᠶᠠᠴᠢᠳ ᠬᠠᠷᠢᠨ ᠦᠷᠬᠦᠯᠵᠢᠯᠠᠨ ᠮᠡᠷᠬᠡᠵᠢᠯ ᠰᠤᠷᠤᠯᠴᠠᠭᠠᠳ ᠢᠷᠡᠬᠦ ᠬᠠᠪᠤᠷ ᠤᠨ ᠠᠵᠢᠯ ᠎ ᠳᠠᠭᠠᠨ ᠪᠡᠯᠡᠳᠬᠡᠯ ᠬᠢᠬᠡᠳ ᠶᠠᠭᠠᠷᠠᠤ ᠪᠠᠶᠢᠯ᠎ᠠ᠃ ᠤᠶᠢᠷ᠎ᠠ ᠶᠢᠨ ᠡᠳᠦᠷ᠂ ᠰᠦᠯᠳᠡ ᠰᠤᠮᠤᠨ ᠳᠤ ᠲᠠᠷᠢᠶᠠᠯᠠᠩ ᠤᠨ ᠮᠠᠰᠢᠨ ᠤ ᠵᠢᠯᠤᠭᠤᠴᠢ ᠶᠢᠨ ᠦᠨᠡᠮᠯᠠᠯ ᠰᠢᠯᠭᠠᠬᠤ ᠰᠦᠢᠳᠬᠡᠯ ᠬᠤᠷᠢᠶᠠᠬᠤ ᠦᠭᠡᠢ ᠪᠤᠯᠪᠠᠰᠤᠷᠠᠯ ᠰᠢᠯᠭᠠᠯᠳᠠ ᠶᠠᠪᠤᠭᠳᠠᠵᠤ ᠤᠶᠢᠷ᠎ᠠ ᠤᠷᠴᠢᠮ ᠤᠨ ᠰᠤᠮᠤ ᠪᠠᠯᠭᠠᠰᠤᠨ ᠤ ᠵᠠᠭᠤ ᠭᠠᠷᠤᠢ ᠮᠠᠯᠴᠢᠨ ᠲᠠᠷᠢᠶᠠᠴᠢᠨ ᠤᠷᠤᠯᠴᠠᠪᠠ᠃      ᠰᠦᠯᠳᠡ ᠰᠤᠮᠤᠨ ᠤ ᠪᠤᠷᠤᠬᠦ᠋ᠳᠡᠭᠡ ᠭᠠᠴᠠᠭᠠᠨ ᠤ ᠮᠠᠯᠴᠢᠨ ᠬᠡᠬᠡᠷᠡᠯᠳᠦ ᠪᠤᠯ ᠲᠠᠷᠢᠶᠠᠯᠠᠩ ᠤᠨ ᠮᠠᠰᠢᠨᠴᠢᠯᠠᠯᠳᠠ ᠎ ᠶᠢᠨ ᠲᠤᠮᠤ ᠡᠷᠦᠬᠡ ᠶᠤᠮ᠃ ᠡᠨᠡ ᠤᠳᠠᠭ᠎ᠠ ᠰᠤᠮᠤᠨ ᠲᠦᠪ ᠲᠤᠨᠢ ᠡᠶᠢᠮᠦᠷᠬᠦ ᠰᠢᠯᠭᠠᠯᠳᠠ ᠪᠤᠯᠪᠠᠰᠤᠷᠠᠯ ᠶᠠᠪᠤᠭᠳᠠᠭᠰᠠᠨ ᠨᠢ ᠲᠡᠬᠦᠨ ᠳᠤ ᠠᠵᠠ ᠲᠠᠢ ᠵᠠᠪᠰᠢᠶᠠᠨ ᠪᠤᠯᠵᠠᠢ᠃ ᠮᠠᠯᠴᠢᠨ ᠬᠡᠬᠡᠷᠡᠯᠳᠦ᠄ ︽ᠪᠢᠳᠠ ᠬᠤᠰᠢᠭᠤᠨ ᠲᠦᠪ ᠲᠤ ᠶᠠᠪᠤᠵᠤ ᠢᠷᠡᠬᠦ ᠳᠤ ᠬᠤᠶᠠᠷ ᠵᠠᠭᠤ ᠭᠠᠷᠤᠢ ᠺᠢᠯᠤᠮᠧᠲᠷ ᠪᠠᠶᠢᠵᠤ ᠨᠢᠬᠡ ᠡᠳᠦᠷ ᠤᠨ ᠴᠠᠭ ᠵᠠᠷᠤᠴᠠᠭᠤᠯᠬᠤ ᠎ ᠪᠠᠷ ᠪᠠᠷᠠᠬᠤ ᠦᠭᠡᠢ ᠪᠠᠰᠠ ᠵᠠᠭᠤ ᠭᠠᠷᠤᠢ ᠵᠤᠭᠤᠰ ᠤᠨ ᠵᠠᠮ ᠤᠨ ᠵᠠᠷᠤᠳᠡᠯ ᠵᠠᠷᠤᠴᠠᠭᠤᠯᠤᠨ᠎ᠠ᠃ ᠡᠨᠡᠬᠦ ᠪᠤᠯᠪᠠᠰᠤᠷᠠᠯ ᠎ ᠨᠢ ᠪᠢᠳᠠᠨ ᠳᠤ ᠶᠡᠭᠡ ᠲᠦᠬᠦᠮ ᠦᠵᠡᠬᠦᠯᠵᠡᠢ᠃ ᠪᠢᠳᠡᠨ ᠳᠤ ᠮᠠᠰᠢᠨ ᠵᠢᠯᠤᠭᠤᠳᠬᠤ᠂ ᠮᠠᠰᠢᠨ ᠠᠷᠠᠴᠢᠯᠠᠨ ᠬᠠᠮᠠᠭᠠᠯᠠᠬᠤ ᠲᠤᠬᠠᠢ ᠤᠯᠠᠨ ᠠᠷᠪᠢᠨ ᠮᠡᠷᠭᠡᠵᠢᠯ ᠢ ᠵᠢᠭᠠᠵᠦ ᠦᠭᠭᠦᠭᠰᠡᠨ ᠪᠠᠶᠢᠨ᠎ᠠ︾ ᠭᠡᠵᠤ ᠶᠠᠷᠢᠵᠤ ᠪᠠᠶᠢᠯ᠎ᠠ᠃      ᠤᠨᠤᠯ ᠦᠢᠯᠡᠲᠦᠯᠬᠡ ᠶᠢ ᠬᠠᠮᠳᠤᠷᠠᠭᠤᠯᠤᠭᠰᠠᠨ ᠰᠢᠯᠭᠠᠯᠳᠠ ᠨᠢ ᠮᠠᠯᠴᠢᠳ ᠤᠨ ᠦᠨᠡᠮᠯᠡᠯ ᠠᠪᠬᠤ ᠬᠦᠰᠡᠯ ᠱᠠᠭᠠᠷᠳᠠᠯᠭ᠎ᠠ ᠶᠢ ᠬᠠᠨᠭ᠍ᠭᠠᠵᠦ ᠴᠢᠳᠠᠭᠰᠠᠨ ᠮᠦᠷᠳᠡᠭᠡᠨ ᠮᠠᠰᠢᠨ ᠵᠢᠯᠤᠭᠤᠳᠬᠤ ᠮᠡᠷᠭᠡᠵᠢᠯ ᠤᠨ ᠪᠤᠳᠠᠳᠦ ᠦᠢᠯᠡᠲᠦᠯᠬᠡ ᠪᠤᠯᠤᠭᠰᠠᠨ ᠢᠶᠠᠷ ᠢᠷᠡᠬᠦ ᠬᠠᠪᠤᠷ ᠤᠨ ᠲᠡᠷᠢᠶᠠᠯᠠᠭ᠎ᠠ ᠶᠢᠨ ᠠᠵᠢᠯ ᠳᠤ ᠡᠷᠳᠡ ᠠᠴᠠ ᠰᠠᠭᠤᠷᠢ ᠲᠠᠯᠪᠢᠵᠦ ᠴᠢᠳᠠᠯ᠎ᠠ ᠬᠡᠵᠤ ᠮᠠᠯᠴᠢᠨ ᠲᠠᠷᠢᠶᠠᠴᠢᠳ ᠬᠠᠮᠳᠤᠪᠠᠷ ᠪᠠᠶᠠᠷᠯᠠᠵᠤ ᠪᠠᠶᠢᠯ᠎ᠠ᠃ ᠡᠬᠦᠨ ᠤ ᠬᠠᠮᠳᠤ ᠮᠠᠨ ᠤ ᠬᠤᠰᠢᠭᠤᠨ ᠤ ᠲᠡᠷᠢᠶᠠᠯᠡᠩ ᠮᠠᠯ ᠠᠵᠦ ᠠᠬᠤᠢ ᠶᠢᠨ ᠮᠧᠬᠠᠨᠢᠭᠵᠢᠯᠠᠯᠳᠠ ᠶᠢᠨ ᠦᠢᠯᠡᠴᠢᠯᠡᠬᠡᠨ ᠤ ᠲᠦᠪ ᠤᠨ ᠮᠡᠷᠭᠡᠵᠢᠯᠳᠡᠨ ᠠᠴᠠ ᠡᠯ᠎ᠡ ᠲᠦᠷᠦᠯ ᠤᠨ ᠲᠠᠷᠢᠶᠠᠯᠠᠩ ᠤᠨ ᠮᠠᠰᠢᠨ ᠢ ᠬᠡᠷᠬᠢᠨ ᠬᠡᠷᠡᠭᠯᠡᠬᠦ ᠲᠤᠬᠠᠢ ᠠᠬᠤᠢ ᠲᠠᠯᠠᠪᠠᠢ ᠳᠤ ᠮᠡᠷᠭᠡᠵᠢᠯ ᠤᠨ ᠲᠠᠶᠢᠯᠤᠮᠵᠢ ᠬᠢᠵᠦ ᠤᠯᠠᠨ ᠤ ᠮᠠᠳᠡᠬᠦ ᠦᠬᠡᠢ ᠴᠢᠳᠠᠬᠤ ᠦᠬᠡᠢ ᠠᠰᠠᠭᠤᠯᠳᠠ ᠳᠤ ᠨᠠᠷᠢᠯᠢᠭ ᠬᠠᠷᠢᠭᠤᠯᠳᠠ ᠦᠭᠬᠦᠭᠰᠡᠨ ᠎ ᠢᠶᠠᠷ ᠮᠠᠯᠴᠢᠳ ᠲᠡᠷᠢᠶᠠᠴᠢᠳ ᠤᠨ ᠰᠡᠯᠡᠬᠦᠦ ᠴᠠᠭ ᠲᠠᠬᠢ ᠮᠡᠷᠭᠡᠵᠢᠯ ᠤᠨ ᠴᠠᠨᠡᠭᠯᠡᠯᠳᠡ ᠪᠤᠯᠵᠠᠢ᠃      ᠮᠠᠨ ᠤ ᠬᠤᠰᠢᠭᠤᠨ ᠤ ᠲᠡᠷᠢᠶᠠᠯᠡᠩ ᠮᠠᠯ ᠠᠵᠦ ᠠᠬᠤᠢ ᠶᠢᠨ ᠮᠧᠬᠠᠨᠢᠭᠵᠢᠯᠠᠯᠳᠠ ᠶᠢᠨ ᠦᠢᠯᠡᠴᠢᠯᠡᠬᠡᠨ ᠤ ᠲᠦᠪ ᠤᠨ ᠠᠵᠢᠯᠳᠡᠨ ᠪᠠᠶᠠᠨᠰᠡᠩ᠄ ︽ᠤᠤᠯ ᠨᠢ ᠮᠠᠯᠴᠢᠨ ᠲᠠᠷᠢᠶᠠᠴᠢᠨ ᠲᠡᠷᠢᠶᠡᠯᠡᠩ ᠤᠨ ᠮᠠᠰᠢᠨ ᠤ ᠵᠢᠯᠤᠭᠤᠴᠢ ᠎ ᠶᠢᠨ ᠦᠨᠡᠮᠯᠡᠯ ᠢ ᠤᠯᠬᠤ ᠳᠤ ᠬᠤᠰᠢᠭᠤ ᠬᠤᠳᠠ ᠤᠷᠤᠵᠦ ᠲᠤᠰᠬᠠᠶᠢᠯᠠᠨ ᠠᠪᠳᠠᠭ ᠪᠠᠶᠢᠭᠰᠠᠨ᠂ ᠡᠭᠦᠨ ᠳᠤ ᠮᠠᠯᠴᠢᠨ ᠲᠠᠷᠢᠶᠠᠴᠢᠳ ᠲᠤ ᠤᠯᠠᠮ ᠲᠦᠬᠦᠮ ᠦᠵᠡᠬᠦᠯᠬᠦ ᠶᠢᠨ ᠲᠤᠰᠠᠳᠡ ᠪᠢᠳᠠ ᠭᠠᠴᠠᠭ᠎ᠠ ᠲᠤᠰᠬᠤᠨ ᠳᠤ ᠪᠠᠭᠤᠵᠦ ᠮᠠᠯᠴᠢᠨ ᠲᠠᠷᠢᠶᠠᠴᠢᠳ ᠲᠤ ᠪᠤᠯᠪᠠᠰᠤᠷᠠᠯ ᠬᠦᠷᠳᠡᠭᠡᠬᠦ ᠪᠠᠷ ᠳᠠᠮᠵᠢᠵᠦ ᠦᠨᠡᠮᠯᠡᠯ ᠤᠯᠭᠤᠵᠦ ᠪᠠᠶᠢᠨ᠎ᠠ᠃ ᠡᠭᠦᠨ ᠤ ᠭᠤᠤᠯ ᠵᠤᠷᠢᠯᠭ᠎ᠠ ᠨᠢ ᠮᠠᠯᠴᠢᠨ ᠲᠠᠷᠢᠶᠡᠴᠢᠳ ᠲᠤ ᠮᠠᠰᠢᠨ ᠢ ᠠᠶᠤᠯᠬᠦᠢ  ᠭᠡᠷᠡᠭᠯᠡᠬᠦ ᠪᠤᠯᠪᠠᠰᠤᠷᠠᠯ ᠢ ᠬᠦᠷᠳᠡᠭᠡᠵᠦ ᠠᠶᠤᠯᠬᠦᠢ ᠎ ᠶᠢᠨ ᠦᠵᠡᠯ ᠤᠬᠠᠮᠰᠠᠷ ᠢ ᠦᠨᠲᠦᠷ ᠪᠤᠯᠭᠠᠬᠤ ᠶᠢᠨ ᠲᠦᠯᠦᠬᠡ ᠦᠢᠯᠡᠴᠢᠯᠡᠵᠦ ᠪᠠᠶᠢᠨ᠎ᠠ︾ ᠭᠡᠪᠡ᠃      ᠮᠠᠨ ᠤ ᠬᠤᠰᠢᠭᠤᠨ ᠤ ᠮᠠᠯᠴᠢᠨ ᠲᠠᠷᠢᠶᠠᠴᠢᠳ ᠤᠨ ᠬᠡᠷᠡᠭᠯᠡᠵᠤ ᠪᠠᠶᠢᠭ᠎ᠠ ᠲᠠᠷᠢᠶᠠᠯᠠᠩ ᠤᠨ ᠮᠠᠰᠢᠨ ᠤᠳᠤ ᠲᠦᠷᠪᠡᠨ ᠮᠢᠩᠭ᠎ᠠ ᠭᠠᠷᠤᠢ ᠰᠠᠭᠤᠷᠢ ᠳᠤ ᠬᠦᠷᠴᠦ ᠵᠢᠯᠤᠭᠤᠴᠢ ᠶᠢᠨ ᠦᠨᠡᠮᠯᠡᠯ ᠢ ᠨᠢᠬᠡᠨᠳᠡ ᠬᠤᠶᠠᠷ ᠮᠢᠩᠭ᠎ᠠ ᠭᠠᠷᠤᠢ ᠲᠠᠷᠬᠠᠭᠠᠭᠠᠳ ᠪᠤᠢ᠃  ᠡᠪᠤᠯ ᠤᠨ ᠰᠡᠯᠡᠬᠦᠦ ᠴᠠᠭ ᠢ ᠠᠰᠢᠭᠯᠠᠵᠦ ᠮᠠᠯᠴᠢᠨ ᠲᠠᠷᠢᠶᠠᠴᠢᠳ ᠲᠤ ᠲᠤᠰᠬᠠᠢ ᠪᠤᠯᠪᠠᠰᠤᠷᠠᠯ ᠬᠦᠷᠳᠡᠬᠡᠵᠤ ᠦᠨᠡᠮᠯᠡᠯ ᠤᠯᠭᠤᠬᠤ ᠨᠢ ᠬᠤᠰᠢᠭᠤ ᠲᠡᠷᠢᠶᠠᠯᠡᠩ ᠮᠠᠯ ᠠᠵᠦ ᠠᠬᠤᠢ ᠶᠢᠨ ᠮᠧᠬᠠᠨᠢᠭᠵᠢᠯᠠᠯᠳᠠ ᠶᠢᠨ ᠦᠢᠯᠡᠴᠢᠯᠡᠬᠡᠨ ᠤ ᠲᠦᠪ ᠤᠨ ᠴᠢᠬᠤᠯᠠ ᠠᠵᠢᠯ ᠪᠤᠯᠤᠭᠠᠳ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号