ᠬᠤᠰᠢᠭᠤ ᠠᠷᠠᠳ ᠤᠨ ᠵᠠᠰᠠᠭ ᠤᠨ ᠣᠷᠳᠣᠨ ᠤ 2019 ᠣᠨ ᠤ 14 ᠳ᠋ᠦ᠋ᠭᠡᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-12-18
     12 ᠰᠠᠷ᠎ᠠ ᠶᠢᠨ 11᠎ ᠤ ᠡᠳᠦᠷ ᠠᠴᠠ 12᠎ ᠤᠨ ᠡᠳᠤᠷ ᠪᠤᠯᠳᠠᠯ᠎ᠠ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋ ᠬᠤᠰᠢᠭᠤ ᠠᠷᠠᠳ ᠤᠨ ᠵᠠᠰᠠᠭ ᠤᠨ ᠣᠷᠳᠣᠨ ᠤ 2019 ᠣᠨ ᠎ ᠤ 14 ᠳ᠋ᠦ᠋ᠭᠡᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠢ ᠡᠷᠭᠢᠯᠠᠨ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠯᠢ ᠵᠦᠩ ᠯᠢᠨ᠂ ᠬᠤᠰᠢᠭᠤ ᠤᠳᠤᠷᠢᠳᠤᠯᠭ᠎ᠠ ᠭᠤᠤ ᠬᠤ᠋᠂ ᠵᠸᠤ ᠱᠤᠸᠠᠢ᠂ ᠪᠠᠶᠠᠨᠴᠡᠩᠭᠡᠯ᠂ ᠯᠢᠦ ᠵᠧᠩ ᠬᠤᠷᠠᠯ ᠳᠤ ᠤᠷᠤᠯᠴᠠᠵᠤ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠤᠷᠤᠨ ︵ᠬᠦᠷᠢᠶᠡᠯᠡᠩ ᠲᠣᠭᠤᠷᠢᠭ︶᠂ ᠰᠤᠮᠤ ᠪᠠᠯᠭᠠᠰᠤ ᠪᠠ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠵᠠᠶ᠃
     ᠬᠤᠷᠠᠯ ᠠᠴᠠ ᠪᠦᠬᠦ ᠬᠤᠰᠢᠭᠤᠨ ᠤ ᠬᠤᠤᠷ ᠴᠠᠭᠠᠵᠢᠯᠠᠬᠤ ᠠᠵᠢᠯ ᠪᠣᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠬᠠᠷᠢᠭᠤ ᠮᠡᠳᠡᠬᠦᠯᠦᠯᠲᠡ ᠶᠢ ᠰᠣᠨᠣᠰᠴᠤ ︽ᠥᠥᠰᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠰᠠᠨᠠᠯ︾᠂ ︽ᠥᠥᠰᠢᠨ ᠬᠤᠰᠢᠭᠤᠨ ᠤ ᠤᠯᠤᠰ ᠤᠨ ᠥᠮᠴᠢᠯᠠᠯᠳᠤ ᠠᠵᠤ ᠠᠬᠤᠶᠢᠯᠠᠯ ᠎ ᠤᠨ ᠬᠠᠷᠢᠭᠤᠴᠠᠯᠭᠠᠲᠠᠨ ᠤ ᠡᠵᠡᠩᠨᠡᠯᠲᠡ ᠶᠢᠨ ᠠᠵᠢᠯ ᠤᠨ ᠪᠥᠳᠥᠮᠵᠢ ᠶᠢ ᠬᠢᠨᠠᠨ ᠰᠢᠯᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠬᠢᠨᠠᠨ ᠵᠥᠪᠯᠡᠵᠦ ᠭᠤᠤᠯᠳᠠᠯᠭ᠎ᠠ ᠲᠠᠢ ᠲᠥᠷᠥᠯ ᠵᠥᠢᠯ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠵᠡᠷᠭᠡ ᠬᠡᠷᠡᠭ ᠶᠠᠪᠤᠳᠠᠯ ᠢ ᠰᠤᠳᠤᠯᠪᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠤᠷ ᠴᠠᠭᠠᠵᠢᠯᠠᠬᠤ ᠠᠵᠢᠯ ᠨᠢ ᠤᠯᠤᠰ ᠤᠨ ᠠᠮᠤᠷ ᠲᠦᠪᠰᠢᠨ ᠠᠶᠤᠯ ᠲᠦᠭᠰᠢᠭᠦᠷᠢ᠂ ᠦᠨᠳᠦᠰᠦᠲᠡᠨ ᠤ ᠮᠠᠨᠳᠤᠯ ᠪᠠᠭᠤᠷᠠᠯ᠂ ᠠᠷᠠᠳ ᠲᠦᠮᠡᠨ ᠤ ᠵᠤᠯ ᠵᠢᠷᠭᠠᠯ ᠲᠠᠢ ᠬᠤᠯᠪᠤᠭᠳᠠᠵᠤ ᠪᠠᠶᠢᠳᠠᠭ᠃ ᠤᠯᠤᠰ ᠲᠥᠷᠥ ᠶᠢᠨ ᠵᠤᠭᠰᠤᠴᠠ ᠪᠠᠨ ᠤᠯᠠᠮ ᠨᠢᠭᠡ ᠠᠯᠬᠤᠮ ᠲᠡᠭᠡᠭᠰᠢᠯᠠᠭᠦᠯᠤᠨ ᠦᠵᠡᠯ ᠰᠠᠨᠠᠭ᠎ᠠ ᠲᠠᠨᠢᠯᠲᠠ ᠪᠠᠨ ᠭᠥᠨᠵᠡᠭᠡᠶᠢᠷᠠᠭᠦᠯᠵᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ ᠠᠵᠢᠯ ᠤᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠵᠤ ᠡᠯ᠎ᠡ ᠲᠥᠷᠤᠯ ᠤᠨ ᠠᠵᠢᠯ ᠢ ᠨᠠᠷᠢᠯᠢᠭ ᠪᠣᠳᠠᠲᠠᠶ ᠠᠳᠬᠤᠨ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠠᠵᠢᠯ ᠤᠨ ᠡᠷᠴᠢᠮ ᠢᠶᠠᠨ ᠴᠢᠩᠭᠠᠷᠠᠭᠤᠯᠤᠨ ᠬᠤᠤᠷᠳᠤ ᠡᠳ᠋ ᠲᠠᠢ ᠬᠤᠯᠪᠣᠭᠳᠠᠭᠰᠠᠨ ᠲᠠᠯᠳᠠ ᠭᠡᠮ ᠢ ᠪᠠᠶᠢᠴᠠᠭᠠᠨ ᠴᠡᠭᠴᠡᠯᠠᠭᠦ ᠶᠢ ᠪᠦᠬᠦ ᠲᠠᠯ᠎ᠠ ᠪᠠᠷ ᠴᠢᠩᠭᠠᠳᠬᠠᠵᠤ ᠨᠡᠶᠢᠬᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ ᠬᠤᠤᠷᠳᠤ ᠡᠳ᠋ ᠶᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠭᠦᠨᠵᠡᠭᠡᠶ ᠠᠭᠢᠭᠤᠯᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠳᠤ ᠠᠰᠢᠭᠲᠠᠢ ᠲᠤᠭᠳᠠᠯᠴᠠᠭ᠎ᠠ ᠶᠢ ᠪᠠᠶᠢᠭᠤᠯᠵᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠦᠨ ᠪᠠᠭᠰᠢ ᠶᠢᠨ ᠬᠡᠪ ᠴᠢᠨᠠᠷ᠂ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠬᠦᠯᠵᠤ ᠰᠠᠭᠤᠷᠢ ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠤᠨ ᠪᠠᠭᠰᠢ ᠶᠢᠨ ᠬᠠᠷᠠᠭᠠᠯᠵᠠᠯ ᠢ ᠰᠠᠶᠢᠵᠢᠷᠠᠭᠤᠯᠵᠤ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠤᠨ ᠡᠳ᠋ ᠬᠦᠷᠦᠩᠭᠡ ᠤᠯᠤᠰ ᠤᠨ ᠠᠵᠤ ᠠᠬᠤᠶᠢᠯᠠᠯ ᠪᠤᠯ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠬᠥᠭᠵᠢᠯᠲᠡ ᠶᠢᠨ ᠰᠠᠭᠤᠷᠢ ᠴᠢᠯᠠᠭᠤ ᠮᠥᠨ᠃ ᠤᠯᠤᠰ ᠤᠨ ᠡᠳ᠋ ᠬᠥᠷᠥᠩᠭᠡ ᠶᠢᠨ ᠰᠠᠯᠠᠭ᠎ᠠ ᠮᠥᠴᠢᠷ ᠨᠢ ᠪᠦᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ ᠳᠣᠪᠤᠶᠢᠯᠭᠠᠵᠤ ᠯᠠᠪᠳᠠᠭᠤᠨ ᠦᠰᠦᠯᠲᠡ᠂ ᠦᠷ᠎ᠡ ᠠᠰᠢᠭ ᠢ ᠠᠬᠢᠭᠤᠯᠬᠤ ᠭᠤᠤᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠠᠢ᠃ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠠᠳᠬᠤᠨ ᠰᠢᠨ᠎ᠡ ᠴᠠᠭ ᠦᠶ᠎ᠡ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ ᠵᠠᠬ᠎ᠠ ᠳᠡᠯᠭᠡᠭᠦᠷ ᠤᠨ ᠬᠤᠪᠢᠷᠠᠯᠲᠠ ᠶᠢ ᠬᠤᠷᠴᠠ ᠰᠡᠷᠭᠡᠭ ᠢᠶᠠᠷ ᠡᠵᠡᠮᠳᠡᠨ ᠠᠵᠤ ᠠᠬᠤᠶᠢᠯᠠᠯ ᠤᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃ ᠤᠯᠤᠰ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠤᠯᠤᠰ ᠤᠨ ᠡᠳ᠋ ᠬᠥᠷᠥᠩᠭᠡ ᠶᠢᠨ ᠬᠡᠪᠴᠢᠶ᠎ᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ ᠤᠯᠤᠰ ᠤᠨ ᠡᠳ᠋ ᠬᠥᠷᠥᠩᠭᠡ ᠶᠢᠨ ᠥᠷᠲᠡᠭ ᠢ ᠨᠡᠮᠡᠭᠳᠡᠭᠦᠯᠬᠦ ᠶᠢ ᠠᠬᠢᠭᠤᠯᠵᠤ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠶ ᠬᠡᠵᠠᠢ᠃      ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠢ ᠰᠤᠳᠤᠯᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号