12 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ ᠠᠴᠠ 11 ᠤ ᠡᠳᠦᠷ ᠤᠨ ᠦᠳᠡ ᠶᠢᠨ | ᠡᠮᠦᠨ᠎ᠡ ᠪᠣᠯᠲᠠᠯ᠎ᠠ᠂ ᠪᠦᠬᠦ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠲᠤᠬᠠᠶ ᠶᠢᠨ | ᠲᠠᠯᠠᠪᠠᠢ ᠶᠢᠨ ᠠᠬᠢᠭᠤᠯᠤᠯᠲᠠ ᠶᠢᠨ ᠬᠤᠷᠠᠯ ᠮᠠᠨ ᠤ ᠬᠤᠰᠢᠭᠤᠨ ᠳᠤ ᠬᠤᠷᠠᠯᠳᠤᠪᠠ᠃ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ | ᠵᠥᠪᠯᠡᠯ ᠤᠨ ᠡᠷᠬᠢᠯᠡᠭᠴᠢ ᠹᠧᠩ ᠴᠤᠤ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠪᠠ᠃ ᠬᠤᠰᠢᠭᠤ | ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ | ᠳᠠᠷᠤᠭ᠎ᠠ ᠵᠤᠤ ᠹᠧᠶ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ ᠲᠤᠬᠠᠶ ᠶᠢᠨ | ᠲᠠᠯᠠᠪᠠᠢ ᠶᠢᠨ ᠲᠣᠭᠤᠷᠢᠨ ᠦᠵᠡᠬᠦ ᠭᠠᠵᠠᠷ ᠲᠤ ᠪᠠᠷᠠᠳᠠᠨ ᠪᠠᠶᠢᠴᠠᠭᠠᠪᠠ᠃ | | | | | | | ᠬᠤᠷᠠᠯ ᠳᠤ ᠣᠷᠣᠯᠴᠠᠭᠰᠠᠳ ᠤᠷᠢᠳ ᠬᠤᠵᠢᠳ ᠰᠢᠷᠬᠤᠰᠤᠨ ᠪᠠᠯᠭᠠᠰᠤᠨ ᠤ ᠨᠠᠮ ᠤᠨ ᠬᠤᠷᠢᠶᠠᠨ ᠤ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ᠂ ᠰᠢᠷᠬᠤᠰᠤᠨ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠬᠢᠨᠠᠨ ᠪᠠᠢᠴᠠᠭᠠᠬᠤ ᠠᠯᠪᠠᠨ ᠭᠡᠷ ᠤᠨ ᠠᠮᠤᠷ ᠲᠦᠪᠰᠢᠨ ᠪᠣᠯᠪᠠᠰᠤᠨ ᠢᠶᠠᠷ ᠬᠡᠷᠡᠭ ᠰᠢᠢᠳᠪᠤᠷᠢᠯᠡᠭᠰᠠᠨ ᠪᠠᠶᠢᠳᠠᠯ ᠢ | ᠣᠶᠢᠯᠠᠭᠠᠵᠤ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠳᠤᠭᠤᠶᠢᠯᠠᠩ᠂ ᠦᠤᠰᠢᠨ ᠬᠤᠰᠢᠭᠤᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ | ᠬᠠᠮᠢᠶᠠᠷᠤᠯᠲᠠ ᠶᠢᠨ ᠲᠥᠪ ᠪᠣᠯᠤᠨ ᠮᠠᠨ ᠤ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ | ᠭᠡᠷ ᠤᠨ ᠠᠯᠪᠠᠯᠠᠬᠤ ᠭᠠᠵᠠᠷ ᠲᠤ ᠬᠦᠷᠴᠦ ᠦᠤᠰᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠬᠡᠷᠡᠭ ᠢ ᠳᠠᠩᠰᠠᠯᠠᠵᠤ ᠪᠠᠶᠢᠴᠠᠭᠠᠨ ᠰᠢᠢᠳᠪᠦᠷᠢᠯᠡᠬᠦ ᠵᠢᠴᠢ ᠲᠦᠷᠭᠡᠨ ᠰᠢᠢᠳᠪᠦᠷᠢᠯᠡᠬᠦ᠂ | ᠰᠢᠯᠢᠳᠡᠭ ᠬᠡᠷᠡᠭ ᠤᠨ ᠵᠢᠱᠢᠶ᠎ᠡ ᠶᠢ ᠮᠡᠳᠡᠭᠦᠯᠦᠨ ᠬᠦᠷᠭᠡᠬᠦ᠂ ᠬᠢᠨᠠᠨ ᠪᠠᠶᠢᠴᠠᠭᠠᠵᠤ ᠪᠠᠶᠢᠴᠠᠭᠠᠯᠲᠠ ᠬᠢᠬᠦ᠂ ᠲᠣᠮᠢᠯᠠᠨ | ᠰᠠᠭᠤᠯᠭᠠᠬᠤ ᠠᠵᠢᠯ ᠥᠷᠨᠢᠭᠦᠯᠦᠭᠰᠡᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠪᠠ᠃ | ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ ᠪᠦᠬᠦ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠤᠨ ᠲᠤᠬᠠᠶ ᠶᠢᠨ ᠲᠠᠯᠠᠪᠠᠢ ᠶᠢᠨ ᠠᠬᠢᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ | | | | | | | ᠬᠤᠷᠠᠯ ᠳᠡᠭᠡᠷ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ | ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠭᠢᠨᠡᠨ ᠪᠠᠶᠢᠴᠠᠭᠠᠬᠤ ᠵᠦᠪᠯᠡᠯ ᠤᠨ ᠡᠷᠭᠢᠯᠡᠭᠴᠢ ᠯᠢᠦ ᠴᠢ ᠹᠠᠨ | ᠤ ᠣᠷᠳᠣᠰ ᠲᠤ ᠪᠠᠶᠢᠴᠠᠭᠠᠨ ᠰᠤᠳᠤᠯᠤᠯᠲᠠ ᠭᠢᠭᠰᠡᠨ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ ᠡᠯ᠎ᠡ ᠬᠤᠰᠢᠭᠤ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ ︽ᠴᠢᠨᠠᠷ ᠰᠠᠶᠢᠲᠠᠶ ᠬᠡᠷᠡᠭ ᠰᠢᠢᠳᠪᠤᠷᠢᠯᠠᠭᠦ ᠣᠨ︾ ᠤ ᠠᠵᠢᠯᠯᠠᠭ᠎ᠠ ᠶᠢ ᠥᠷᠨᠢᠭᠦᠯᠥᠭᠰᠠᠨ ᠪᠠᠶᠢᠳᠠᠯ ᠤᠨ | ᠬᠠᠷᠢᠭᠤ ᠮᠡᠳᠡᠭᠦᠯᠥᠯᠳᠠ ᠶᠢ ᠰᠣᠨᠣᠰᠴᠤ ᠪᠦᠬᠦ ᠬᠤᠲᠠ ᠶᠢᠨ ᠬᠢᠨᠠᠨ ᠪᠠᠶᠢᠴᠠᠭᠠᠬᠤ ᠪᠠᠶᠢᠴᠠᠭᠠᠯᠲᠠ᠂ ᠲᠤᠰᠬᠠᠶ ᠵᠠᠰᠠᠯᠲᠠ | ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠠᠨ ᠵᠢᠯ ᠤᠨ ᠡᠴᠤᠰ ᠤᠨ ᠭᠤᠤᠯᠳᠠᠯᠭ᠎ᠠ ᠲᠠᠢ | ᠨᠠᠶᠢᠳᠠᠪᠤᠷᠢᠵᠢᠭᠤᠯᠬᠤ ᠠᠵᠢᠯ ᠤᠨ ᠠᠭᠤᠯᠭ᠎ᠠ ᠶᠢ ᠲᠤᠬᠢᠷᠠᠭᠤᠯᠪᠠ᠃ ᠹᠧᠩ ᠴᠤᠤ ᠬᠢᠨᠠᠨ ᠪᠠᠶᠢᠴᠠᠭᠠᠬᠤ ᠪᠠᠶᠢᠴᠠᠭᠠᠯᠲᠠ | ᠂ ᠲᠤᠰᠬᠠᠶ ᠵᠠᠰᠠᠯᠲᠠ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠳᠤ ᠪᠠᠶᠢᠷᠢᠯᠠᠭᠤᠯᠤᠯᠳᠠ | ᠲᠤᠭᠢᠷᠠᠭᠤᠯᠤᠯᠳᠠ ᠭᠢᠪᠠ᠃ | | | | | | | ᠹᠧᠩ ᠴᠤᠤ ᠵᠢᠭᠠᠵᠤ ᠭᠠᠷᠭᠠᠭᠰᠠᠨ ᠨᠢ᠂ ᠥᠥᠰᠢᠨ ᠬᠤᠰᠢᠭᠤᠨ ᠤ ᠡᠯ᠎ᠡ ᠱᠠᠲᠤᠨ ᠤ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠬᠤᠯᠠᠴᠢᠯᠠᠨ | ᠥᠵᠠᠵᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠲᠠᠮᠵᠢᠨ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶ ᠳᠤ | ᠨᠠᠶᠢᠳᠠᠪᠤᠷᠢᠵᠢᠭᠤᠯᠬᠤ ᠭᠡᠷᠡᠭᠳᠠᠢ᠃ ᠥᠥᠰᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠨᠢ ᠬᠢᠨᠠᠨ ᠪᠠᠶᠢᠴᠠᠭᠠᠬᠤ᠂ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ᠂ ᠲᠣᠭᠤᠷᠢᠨ | ᠪᠠᠶᠢᠴᠠᠭᠠᠬᠤ ᠵᠠᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ ᠡᠯ᠎ᠡ ᠬᠤᠰᠢᠭᠤ ᠲᠣᠭᠤᠷᠢᠭ ᠤᠨ | ᠰᠤᠷᠤᠯᠴᠠᠭᠤᠰᠢᠲᠠᠢ ᠵᠥᠢᠯ ᠪᠤᠯᠤᠭᠰᠠᠨ ᠪᠠᠶᠢᠨ᠎ᠠ ᠭᠡᠵᠡᠢ᠃ ᠹᠧᠩ ᠴᠤᠤ ᠱᠠᠭᠠᠷᠳᠠᠬᠤ ᠳᠤ ᠪᠠᠨ ︽ᠤᠭ ᠰᠠᠨᠠᠭ᠎ᠠ ᠪᠠᠨ | ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ | ᠤᠶᠠᠯᠳᠤᠭᠤᠯᠤᠨ ᠯᠢᠦ ᠴᠢ ᠹᠠᠨ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠠᠵᠢᠯ ᠤᠨ ᠬᠠᠷᠠᠯᠲᠠ ᠪᠠᠨ | ᠲᠤᠳᠤᠷᠬᠠᠶᠢᠯᠠᠨ ᠠᠷᠭ᠎ᠠ ᠬᠡᠮᠵᠢᠶ᠎ᠡ ᠪᠠᠨ ᠰᠠᠶᠢᠵᠢᠷᠠᠭᠤᠯᠵᠤ ᠠᠵᠢᠯ ᠤᠨ ᠡᠷᠴᠢᠮ ᠢᠶᠠᠨ ᠴᠢᠩᠭᠠᠷᠠᠭᠤᠯᠵᠤ ᠬᠢᠨᠠᠨ | ᠪᠠᠶᠢᠴᠠᠭᠠᠵᠤ ᠪᠠᠶᠢᠴᠠᠭᠠᠯᠲᠠ ᠬᠢᠬᠦ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠤᠯᠤᠰ ᠲᠥᠷᠦ ᠶᠢᠨ | ᠵᠤᠭᠰᠤᠴᠠ ᠪᠠᠨ ᠲᠡᠭᠡᠭᠰᠢᠯᠠᠭᠦᠯᠤᠨ ᠬᠢᠨᠠᠯᠲᠠ ᠲᠠᠯᠪᠢᠬᠤ ᠥᠢᠯᠡᠳᠤᠯ ᠢᠶᠠᠨ ᠭᠥᠢᠴᠡᠳ ᠪᠠᠳᠠᠷᠠᠭᠤᠯᠵᠤ ᠲᠤᠰᠬᠠᠶ | ᠵᠠᠰᠠᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠥᠭᠡᠷᠡᠴᠢᠯᠡᠯᠲᠡ ᠶᠢᠨ | ᠤᠯᠤᠰ ᠲᠥᠷᠤᠴᠢ ᠴᠢᠨᠠᠷ᠂ ᠬᠠᠤᠯᠢ ᠪᠠᠷ ᠵᠠᠰᠠᠬᠤ ᠴᠢᠨᠠᠷ᠂ ᠰᠢᠨ᠎ᠡ ᠶᠢ ᠡᠭᠦᠳᠬᠦ ᠴᠢᠨᠠᠷ ᠢ ᠣᠨᠣᠪᠴᠢᠲᠠᠶ ᠡᠵᠡᠮᠳᠡᠵᠦ | ᠲᠣᠮᠢᠯᠠᠨ ᠰᠠᠭᠤᠯᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠶ᠃ | ᠺᠠᠳ᠋ᠷ ᠢ ᠬᠦᠨᠳᠦᠳᠬᠡᠨ ᠬᠠᠯᠠᠮᠵᠢᠯᠠᠵᠤ ᠰᠡᠳᠬᠢᠯ ᠢ ᠳᠤᠯᠠᠭᠠᠴᠠᠭᠤᠯᠬᠤ ᠢᠨᠵᠧᠨᠧᠷᠢᠩ ᠢ ᠥᠷᠨᠢᠭᠦᠯᠤᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠬᠠᠷᠢᠭᠤᠴᠠᠯᠭ᠎ᠠ ᠪᠠᠨ ᠴᠢᠷᠮᠠᠶᠢᠨ ᠬᠦᠢᠴᠡᠳᠬᠡᠵᠤ ᠠᠵᠢᠯ ᠬᠢᠵᠦ ᠥᠢᠯᠡᠰ | ᠪᠣᠰᠬᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠶ᠃ ᠠᠵᠢᠯ ᠤᠨ ᠬᠠᠷᠢᠭᠤᠴᠠᠯᠭᠠᠲᠤ ᠰᠡᠳᠬᠢᠯᠭᠡ | ᠪᠣᠯᠤᠨ ᠪᠠᠴᠢᠮ ᠲᠤᠯᠭᠠᠮ᠎ᠠ ᠰᠠᠳᠭᠢᠯᠭᠡ ᠪᠠᠨ ᠨᠠᠮᠡᠭᠳᠡᠭᠦᠯᠤᠨ ᠡᠨᠡ ᠵᠢᠯ ᠤᠨ ᠭᠤᠤᠯᠳᠠᠯᠭ᠎ᠠ ᠲᠠᠢ ᠠᠵᠢᠯ ᠤᠨ | ᠲᠤᠭᠤᠷᠢᠨ ᠳᠤ ᠲᠤᠳᠠᠭᠳᠠᠯ ᠢ ᠪᠠᠶᠢᠴᠠᠭᠠᠨ ᠨᠥᠬᠦᠪᠥᠷᠢᠯᠡᠵᠦ ᠠᠷᠭ᠎ᠠ ᠲᠤᠷᠰᠢᠯᠭ᠎ᠠ ᠪᠠᠨ ᠳ᠋ᠥᠩᠨᠠᠨ ᠢᠷᠡᠬᠦ ᠵᠢᠯ ᠤᠨ | ᠭᠤᠤᠯᠳᠠᠯᠭ᠎ᠠ ᠲᠠᠢ ᠠᠵᠢᠯ ᠢᠶᠠᠨ ᠡᠷᠲᠡᠬᠡᠨ ᠲᠥᠯᠥᠪᠵᠢᠭᠦᠯᠬᠦ ᠬᠡᠷᠡᠭᠲᠡᠶ ᠭᠡᠵᠡᠢ᠃ | | | | | | | ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ | ᠪᠠᠭ ᠤᠨ ᠪᠦᠷᠢᠯᠳᠦᠬᠦᠨ᠂ ᠣᠨᠴᠠ ᠤᠷᠢᠭᠰᠠᠨ ᠬᠡᠰᠡᠭ ᠬᠢᠨᠠᠨ ᠪᠠᠶᠢᠴᠠᠭᠠᠭᠴᠢ᠂ ᠲᠣᠮᠢᠯᠠᠨ ᠰᠠᠭᠤᠯᠭᠠᠭᠰᠠᠨ | ᠪᠠᠶᠢᠭᠤᠯᠤᠮᠵᠢ ᠶᠢᠨ ᠬᠠᠮᠵᠢᠯᠴᠠᠬᠤ ᠳᠤᠭᠤᠶᠢᠯᠠᠩ ᠤᠨ ᠬᠠᠷᠢᠯᠴᠠᠬᠤ ᠬᠦᠮᠦᠨ᠂ ᠵᠥᠪᠯᠡᠯ ᠤᠨ ᠪᠠᠶᠢᠭᠤᠯᠭ᠎ᠠ ᠶᠢᠨ | ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠡᠯ᠎ᠡ ᠬᠤᠰᠢᠭᠤ ᠲᠣᠭᠤᠷᠢᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠭᠤᠤᠯ ᠬᠠᠷᠢᠭᠤᠴᠠᠯᠭᠠᠲᠠᠨ᠂ ᠬᠤᠪᠢᠶᠠᠷᠢᠯᠠᠨ ᠬᠠᠮᠢᠶᠠᠷᠬᠤ | ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠬᠡᠰᠡᠭ ᠰᠤᠮᠤ ᠪᠠᠯᠭᠠᠰᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠤᠷᠠᠯ ᠳᠤ ᠣᠷᠣᠯᠴᠠᠪᠠ᠃ |