ᠬᠤᠲᠠ ᠠᠴᠠ ᠮᠠᠨ ᠤ ᠬᠤᠰᠢᠭᠤᠨ ᠤ ᠦᠵᠡᠰᠬᠦᠯᠡᠩᠲᠦ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠡᠮᠬᠢ ᠵᠠᠮᠪᠠᠷᠠᠭ᠎ᠠ ᠦᠭᠡᠢ ᠪᠠᠶᠢᠳᠠᠯ ᠳᠤ ᠴᠡᠭᠴᠡᠯᠡᠨ ᠵᠠᠰᠠᠯᠲᠠ ᠬᠢᠬᠦ ︽ᠵᠠᠭᠤᠨ ᠡᠳᠦᠷ ᠤᠨ ᠪᠣᠭᠤᠮᠲᠠ ᠰᠢᠪᠲᠤᠯᠬᠤ ᠲᠤᠰᠬᠠᠢ ᠠᠵᠢᠯᠯᠠᠭ᠎ᠠ︾ ᠶᠢ ᠬᠢᠨᠠᠨ ᠵᠢᠯᠣᠭᠤᠳᠬᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-12-18
     12 ᠰᠠᠷ᠎ᠠ ᠶᠢᠨ 9 ᠤ ᠡᠳᠦᠷ᠂ ᠬᠤᠲᠠ ᠠᠴᠠ ᠮᠠᠨ ᠤ ᠬᠤᠰᠢᠭᠤᠨ ᠤ ᠦᠵᠡᠰᠬᠦᠯᠡᠩᠲᠦ ᠬᠥᠳᠡᠭᠡ ᠲᠣᠰᠬᠤᠨ  ᠤ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠡᠮᠬᠢ ᠵᠠᠮᠪᠠᠷᠠᠭ᠎ᠠ ᠦᠭᠡᠢ ᠪᠠᠶᠢᠳᠠᠯ ᠳᠤ ᠴᠡᠭᠴᠡᠯᠡᠨ ᠵᠠᠰᠠᠯᠲᠠ ᠬᠢᠬᠦ ︽ᠵᠠᠭᠤᠨ ᠡᠳᠦᠷ ᠤᠨ ᠪᠣᠭᠤᠮᠲᠠ ᠰᠢᠪᠲᠤᠯᠬᠤ ᠲᠤᠰᠬᠠᠢ ᠠᠵᠢᠯᠯᠠᠭ᠎ᠠ︾ ᠶᠢ ᠬᠢᠨᠠᠨ ᠵᠢᠯᠣᠭᠤᠳᠬᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠰᠠᠨ ᠪᠠᠶᠢᠨ᠎ᠠ᠃ ᠬᠤᠲᠠ ᠶᠢᠨ ᠳᠡᠳ᠋ ᠳᠠᠷᠤᠭ᠎ᠠ ᠯᠢᠦ ᠵᠢᠶᠠᠨ ᠰᠢᠶᠦ᠋ᠨ᠂ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ ᠪᠤᠯᠤᠨ ᠬᠤᠲᠠ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ ᠪᠠᠶᠠᠨᠴᠡᠩᠭᠡᠯ ᠮᠠᠨ ᠤ ᠬᠤᠰᠢᠭᠤᠨ ᠤ ᠦᠵᠡᠰᠬᠦᠯᠡᠩᠲᠦ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠡᠮᠬᠢ ᠵᠠᠮᠪᠠᠷᠠᠭ᠎ᠠ ᠦᠭᠡᠢ ᠪᠠᠶᠢᠳᠠᠯ ᠳᠤ ᠴᠡᠭᠴᠡᠯᠡᠨ ᠵᠠᠰᠠᠯᠲᠠ ᠬᠢᠬᠦ ︽ᠵᠠᠭᠤᠨ ᠡᠳᠦᠷ ᠤᠨ ᠪᠣᠭᠤᠮᠲᠠ ᠰᠢᠪᠲᠤᠯᠬᠤ ᠲᠤᠰᠬᠠᠢ ᠠᠵᠢᠯᠯᠠᠭ᠎ᠠ︾ ᠶᠢ ᠥᠷᠨᠢᠭᠦᠯᠵᠦ ᠪᠠᠶᠢᠭ᠎ᠠ ᠪᠠᠶᠢᠳᠠᠯ ᠳᠤ ᠬᠠᠷᠢᠭᠤ ᠮᠡᠳᠡᠭᠦᠯᠦᠯᠲᠡ ᠬᠢᠪᠡ᠃      ᠬᠤᠷᠠᠯ ᠠᠴᠠ ᠵᠢᠭᠠᠬᠤ ᠳᠠᠭᠠᠨ᠂ ᠦᠵᠡᠰᠬᠦᠯᠡᠩᠲᠦ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠡᠮᠬᠢ ᠵᠠᠮᠪᠠᠷᠠᠭ᠎ᠠ ᠦᠭᠡᠢ ᠪᠠᠶᠢᠳᠠᠯ ᠳᠤ ᠴᠡᠭᠴᠡᠯᠡᠨ ᠵᠠᠰᠠᠯᠲᠠ ᠬᠢᠬᠦ ᠠᠵᠢᠯ ᠪᠣᠯ ᠨᠢᠭᠡ ᠵᠦᠶᠯ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠠᠶᠢᠵᠤ ᠠᠷᠠᠳ ᠣᠯᠠᠨ ᠤ ᠠᠮᠢᠳᠤᠷᠠᠯ ᠤᠨ ᠶᠠᠰᠤ ᠴᠢᠨᠠᠷ᠂ ᠵᠣᠯ ᠵᠢᠷᠭᠠᠯ ᠤᠨ ᠵᠢᠭᠠᠯᠲᠠ ᠲᠤᠭ᠎ᠠ ᠪᠣᠯᠤᠨ ᠬᠠᠨᠤᠮᠵᠢ ᠶᠢᠨ ᠬᠡᠮᠵᠢᠶ᠎ᠡ ᠲᠠᠢ ᠬᠤᠯᠪᠣᠭᠳᠠᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠪᠠᠷ ᠤᠶᠢᠯᠠᠭᠠᠨ ᠡᠵᠡᠮᠰᠢᠵᠦ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠶ ᠰᠠᠶᠢᠲᠤᠷ  ᠠᠳᠬᠤᠨ ᠪᠣᠳᠠᠲᠠᠶ ᠳᠤ ᠰᠠᠭᠤᠷᠢᠯᠠᠵᠤ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠣᠷᠴᠢᠨ ᠲᠣᠭᠤᠷᠢᠨ ᠢ ᠳᠡᠭᠡᠭᠰᠢᠯᠡᠭᠦᠯᠬᠦ ᠶᠢ ᠳᠣᠪᠣᠶᠢᠯᠭᠠᠵᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ ᠠᠮᠢᠳᠤᠷᠠᠯ ᠤᠨ ᠬᠤᠭ ᠨᠣᠪᠰᠢ ᠂ ᠪᠣᠬᠢᠷ ᠤᠰᠤ᠂ ᠵᠣᠷᠯᠣᠩ ᠢ ᠪᠦᠲᠦᠮᠵᠢᠲᠡᠶ ᠵᠠᠰᠠᠬᠤ ᠶᠢ ᠦᠨᠡᠨ ᠬᠦ ᠪᠠᠲᠤᠯᠠᠵᠤ ᠦᠵᠡᠰᠬᠦᠯᠡᠩᠲᠦ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ  ᠶᠢ ᠣᠷᠭᠠᠨᠢᠭ ᠢᠶᠠᠷ ᠤᠶᠠᠯᠳᠤᠭᠤᠯᠵᠤ ᠠᠮᠢ ᠠᠬᠤᠢ ᠨᠢ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠦᠵᠡᠰᠬᠦᠯᠡᠩᠲᠦ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠶ ᠭᠡᠵᠡᠢ  ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号