12 ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠦᠬᠦ | ᠬᠤᠰᠢᠭᠤᠨ ᠤ ᠰᠣᠮᠣ ᠪᠠᠯᠭᠠᠰᠤᠨ ᠤ ᠦᠬᠡᠷᠡᠴᠢᠯᠡᠯᠳᠡ ᠶᠢᠨ ᠠᠵᠢᠯ ᠢ ᠳᠦᠯᠬᠢᠨ ᠠᠬᠢᠭᠤᠯᠬᠤ ᠬᠤᠷᠠᠯ ᠢ ᠡᠷᠭᠢᠯᠠᠨ | ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠬᠡᠰᠢᠬᠦᠨ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ | ᠵᠦᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠠᠮ ᠤᠨ | ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠣᠣ ᠶᠦᠩ ᠹᠧᠩ ᠪᠤᠯᠤᠨ ᠡᠯ᠎ᠡ ᠰᠣᠮᠣ ᠪᠠᠯᠭᠠᠰᠣ᠂ ᠬᠤᠰᠢᠭᠤ | ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃ | | | | | | | ᠡᠷᠳᠡᠨᠢᠪᠢᠯᠢᠭ ᠬᠤᠷᠠᠯ ᠳᠡᠭᠡᠷ᠎ᠡ ᠵᠢᠭᠠᠬᠤ ᠳᠠᠭᠠᠨ᠂ ᠰᠣᠮᠣ ᠪᠠᠯᠭᠠᠰᠤᠨ ᠤ ᠦᠬᠡᠷᠡᠴᠢᠯᠡᠯᠳᠡ ᠨᠢ ᠨᠠᠮ ᠤᠨ | ᠳᠦᠪ ᠬᠤᠷᠢᠶ᠎ᠠ ᠠᠴᠠ ᠨᠠᠮ ᠪᠠ ᠣᠯᠣᠰ ᠤᠨ ᠪᠠᠶᠢᠭᠤᠯᠣᠮᠵᠢ ᠶᠢᠨ ᠦᠬᠡᠷᠡᠴᠢᠯᠡᠯᠳᠡ ᠶᠢ ᠬᠦᠨᠵᠡᠭᠡᠶᠢᠷᠡᠬᠦᠯᠬᠦ ᠴᠢᠬᠤᠯᠠ | ᠪᠦᠷᠢᠯᠳᠦᠬᠦᠨ ᠪᠣᠯᠣᠭᠰᠠᠨ ᠤ ᠬᠤᠪᠢ ᠳᠤ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ | ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠰᠢᠰᠲ᠋ᠧᠮᠴᠢᠯᠡᠭᠰᠡᠨ ᠪᠠᠶᠢᠷᠢᠯᠠᠭᠤᠯᠣᠯᠲᠠ ᠮᠦᠷᠳᠡᠭᠡᠨ ᠳᠣᠰ | ᠣᠳᠠᠭᠠᠨ ᠤ ᠨᠠᠮ ᠵᠠᠰᠠᠭ ᠤᠨ ᠪᠠᠶᠢᠭᠤᠯᠣᠮᠵᠢ ᠶᠢᠨ ᠦᠬᠡᠷᠡᠴᠢᠯᠡᠯᠳᠡ ᠶᠢᠨ ᠦᠨᠳᠦᠰᠦᠨ ᠱᠠᠳᠣᠨ ᠳᠠᠬᠢ ᠦᠷᠬᠦᠯᠵᠢᠯᠡᠯ | ᠪᠠ ᠬᠦᠨᠵᠡᠬᠡᠶᠢᠷᠡᠯ ᠮᠦᠨ᠃ ᠰᠣᠮᠣ ᠪᠠᠯᠭᠠᠰᠤᠨ ᠤ ᠦᠬᠡᠷᠡᠴᠢᠯᠡᠯᠳᠡ ᠶᠢᠨ ᠠᠵᠢᠯ ᠢ ᠳᠦᠯᠬᠢᠨ ᠠᠬᠢᠭᠤᠯᠬᠤ ᠨᠢ ᠨᠠᠮ | ᠵᠠᠰᠠᠭ ᠤᠨ ᠪᠠᠶᠢᠭᠤᠯᠣᠮᠵᠢ ᠶᠢᠨ ᠦᠬᠡᠷᠡᠴᠢᠯᠡᠯᠳᠡ ᠶᠢᠨ ᠦᠷ᠎ᠡ ᠪᠦᠲᠦᠬᠡᠯ ᠪᠠᠶᠢᠵᠦ ᠳᠦᠪ ᠠᠴᠠ ᠣᠷᠣᠨ ᠨᠣᠳᠤᠭ ᠲᠤ | ᠬᠦᠷᠬᠦ ᠤᠯᠤᠰ ᠤᠨ ᠵᠠᠰᠠᠯᠲᠠ ᠶᠢᠨ ᠰᠢᠰᠲ᠋ᠧᠮ ᠤᠨ ᠵᠠᠶᠢᠯᠠᠰᠢ ᠦᠬᠡᠢ ᠭᠤᠭᠴᠤᠭ᠎ᠠ ᠮᠦᠷᠳᠡᠭᠡᠨ ᠪᠦᠬᠦ ᠳᠠᠯ᠎ᠠ ᠪᠠᠷ | ᠪᠠᠶᠢᠭᠤᠯᠣᠮᠵᠢ ᠶᠢᠨ ᠦᠭᠡᠷᠡᠴᠢᠯᠡᠯᠳᠡ ᠶᠢ ᠪᠡᠶᠡᠯᠡᠬᠦᠯᠬᠦ ︽ᠡᠴᠦᠰ ᠤᠨ ᠨᠢᠬᠡ ᠺᠢᠯᠦᠮᠧᠲᠷ︾ ᠪᠣᠯᠣᠨ᠎ᠠ ᠬᠡᠰᠡᠨ ᠢ | ᠬᠦᠢᠴᠡᠳ ᠳᠠᠨᠢᠬᠤ ᠬᠡᠷᠡᠭᠲᠡᠢ ᠬᠡᠪᠡ᠃ | ᠰᠣᠮᠣ ᠪᠠᠯᠭᠠᠰᠤᠨ ᠤ ᠦᠬᠡᠷᠡᠴᠢᠯᠡᠯᠳᠡ ᠶᠢᠨ ᠠᠵᠢᠯ ᠢ ᠳᠦᠯᠬᠢᠨ ᠠᠬᠢᠭᠤᠯᠬᠤ ᠳᠣᠬᠠᠢ ᠡᠷᠳᠡᠨᠢᠪᠢᠯᠢᠭ | ᠴᠢᠬᠤᠯᠠᠴᠢᠯᠠᠬᠤ ᠳᠠᠭᠠᠨ᠂ ᠣᠯᠣᠰ ᠳᠦᠷᠦ ᠶᠢᠨ ᠵᠣᠭᠰᠣᠴᠡ ᠪᠠᠨ ᠳᠡᠭᠡᠭᠰᠢᠯᠡᠬᠦᠯᠵᠦ ᠦᠵᠡᠯ ᠰᠠᠨᠠᠭ᠎ᠠ ᠦᠢᠯᠡ | ᠠᠵᠢᠯᠯᠠᠭ᠎ᠠ ᠪᠠᠨ ᠨᠢᠭᠡᠳᠭᠡᠨ ᠰᠣᠮᠣ ᠪᠠᠯᠭᠠᠰᠤᠨ ᠤ ᠦᠬᠡᠷᠡᠴᠢᠯᠡᠯᠳᠡ ᠶᠢᠨ ᠠᠵᠢᠯ ᠢ ᠠᠬᠢᠭᠤᠯᠬᠤ ᠶᠢᠨ ᠴᠢᠬᠤᠯᠠ | ᠠᠴᠢ ᠬᠤᠯᠪᠣᠭᠳᠠᠯ ᠢ ᠬᠦᠨᠵᠡᠬᠡᠢ ᠳᠠᠨᠢᠵᠦ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠲᠦᠪ᠂ ᠦᠪᠡᠷᠳᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ | ᠪᠠᠶᠢᠷᠢᠯᠠᠭᠤᠯᠣᠯᠲᠠ ᠱᠠᠭᠠᠷᠳᠠᠯᠭ᠎ᠠ ᠲᠠᠢ ᠦᠨᠡᠨᠬᠦ ᠨᠢᠬᠡᠳᠬᠡᠵᠦ ᠴᠢᠨᠠᠷ ᠰᠠᠶᠢᠳᠠᠢ ᠪᠠᠷ᠂ ᠦᠨᠳᠦᠷ ᠳᠦᠪᠰᠢᠨ ᠢᠶᠠᠷ | ᠡᠬᠦᠷᠭᠡ ᠪᠠᠨ ᠪᠡᠶᠡᠯᠡᠬᠦᠯᠬᠦ ᠶᠢ ᠪᠠᠳᠣᠯᠠᠬᠤ ᠬᠡᠷᠡᠭᠲᠡᠢ᠃ ᠰᠣᠮᠣ ᠪᠠᠯᠭᠠᠰᠤᠨ ᠤ ᠦᠬᠡᠷᠡᠴᠢᠯᠡᠯᠳᠡ ᠶᠢᠨ ᠠᠵᠢᠯ ᠤᠨ | ᠭᠤᠣᠯᠳᠠᠯᠭ᠎ᠠ ᠪᠠ ᠴᠢᠬᠤᠯᠠ ᠭᠤᠭᠴᠤᠭ᠎ᠠ ᠶᠢ ᠴᠢᠩᠭ᠎ᠠ ᠠᠳᠬᠤᠵᠦ ᠰᠣᠮᠣ ᠪᠠᠯᠭᠠᠰᠣᠨ ᠤ ᠭᠤᠣᠯ ᠡᠬᠦᠷᠭᠡ ᠭᠤᠣᠯ | ᠠᠵᠢᠯ ᠤᠨ ᠳᠣᠭᠤᠷᠢᠨ ᠳᠤ ᠠᠵᠢᠯᠳᠠᠳ ᠤᠨ ᠣᠷᠣᠨ ᠳᠤᠭ᠎ᠠ ᠶᠢ ᠦᠨᠳᠦᠰᠦᠨ ᠱᠠᠳᠣᠨ ᠳᠤ ᠪᠠᠭᠤᠯᠭᠠᠵᠤ ᠬᠢᠨᠠᠨ | ᠵᠦᠪᠰᠢᠶᠡᠷᠡᠬᠦ ᠦᠢᠯᠡᠴᠢᠯᠡᠬᠡᠨ ᠤ ᠬᠠᠣᠯᠢ ᠬᠡᠷᠡᠭᠵᠢᠬᠦᠯᠬᠦ ᠬᠦᠴᠦᠨ ᠢ ᠡᠮᠬᠢᠳᠭᠡᠨ ᠰᠣᠮᠣ ᠪᠠᠯᠭᠠᠰᠣᠨ ᠤ ᠠᠵᠢᠯ ᠤᠨ | ᠭᠤᠣᠯᠳᠠᠯᠭ᠎ᠠ ᠶᠢ ᠬᠦᠭᠵᠢᠯᠳᠡ ᠶᠢᠨ ᠲᠦᠯᠦᠪᠯᠡᠭᠡ ᠶᠢ ᠰᠠᠶᠢᠳᠣᠷ ᠬᠢᠬᠦ ᠳᠡᠭᠡᠷ᠎ᠡ ᠰᠢᠯᠵᠢᠬᠦᠯᠦᠨ ᠠᠵᠣ ᠦᠢᠯᠡᠰ ᠢ ᠳᠡᠰ | ᠨᠡᠮᠡᠭᠳᠡᠬᠦᠯᠬᠦ᠂ ᠣᠬᠢ ᠰᠠᠶᠢᠨ ᠠᠵᠣ ᠠᠬᠤᠢ ᠶᠢᠨ ᠡᠵᠡᠩᠨᠡᠯᠳᠡ ᠪᠠ ᠣᠷᠣᠨ ᠰᠠᠭᠤᠴᠠ ᠶᠢᠨ ᠣᠷᠴᠢᠨ ᠳᠣᠭᠤᠷᠢᠨ ᠢ | ᠪᠦᠷᠢᠯᠳᠦᠬᠦᠯᠬᠦ᠂ ᠬᠦᠳᠡᠭᠡ ᠳᠣᠰᠬᠤᠨ ᠢ ᠬᠦᠭᠵᠢᠬᠦᠯᠦᠨ ᠮᠠᠨᠳᠤᠭᠤᠯᠬᠤ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ | ᠨᠡᠮᠡᠭᠳᠡᠬᠦᠯᠬᠦ ᠳᠡᠭᠡᠷ᠎ᠡ ᠳᠦᠪᠯᠡᠷᠡᠬᠦᠯᠵᠦ ᠰᠢᠨᠵᠢᠯᠡᠬᠦ ᠣᠬᠠᠭᠠᠨᠴᠢ ᠪᠠᠷ ᠳᠦᠰᠦᠪ ᠳᠣᠭᠳᠠᠭᠠᠨ ᠰᠣᠮᠣ ᠪᠠᠯᠭᠠᠰᠤᠨ ᠤ | ᠦᠬᠡᠷᠡᠴᠢᠯᠡᠯᠳᠡ ᠶᠢᠨ ᠠᠵᠢᠯ ᠢ ᠦᠨᠳᠦᠷ ᠪᠦᠲᠦᠮᠵᠢᠲᠡᠢ ᠪᠠᠷ ᠠᠬᠢᠭᠤᠯᠬᠤ ᠶᠢ ᠪᠠᠳᠣᠯᠠᠬᠤ ᠬᠡᠷᠡᠭᠲᠡᠢ ᠭᠡᠪᠡ᠃ | ᠡᠯ᠎ᠡ ᠰᠣᠮᠣ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠵᠢᠯ | ᠤᠨ ᠡᠴᠦᠰ ᠤᠨ ᠠᠵᠢᠯ ᠡᠬᠦᠷᠭᠡ ᠪᠠᠨ ᠨᠢᠬᠡᠳᠦᠯᠳᠡᠢ ᠳᠦᠯᠦᠪᠯᠡᠵᠦ ᠰᠣᠮᠣ ᠪᠠᠯᠭᠠᠰᠤᠨ ᠤ ᠦᠬᠡᠷᠡᠴᠢᠯᠡᠯᠳᠡ ᠶᠢ | ᠪᠡᠶᠡᠯᠡᠬᠦᠯᠬᠦ ᠶᠢᠨ ᠬᠠᠮᠲᠣ ᠦᠬᠡᠷᠡᠴᠢᠯᠡᠯᠳᠡ ᠶᠢᠨ ᠰᠢᠨ᠎ᠡ ᠠᠷᠭ᠎ᠠ ᠪᠠᠷᠢᠯ ᠢᠶᠠᠷ ᠠᠵᠣ ᠠᠬᠤᠢ ᠨᠡᠶᠢᠬᠡᠮ ᠤᠨ | ᠬᠦᠭᠵᠢᠯᠳᠡ ᠶᠢᠨ ᠰᠢᠨ᠎ᠡ ᠪᠦᠲᠦᠮᠵᠢ ᠶᠢ ᠠᠬᠢᠭᠤᠯᠬᠤ ᠶᠢ ᠪᠠᠳᠣᠯᠠᠬᠤ ᠬᠡᠷᠡᠭᠲᠡᠢ ᠬᠡᠪᠡ᠃ | ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠣᠷᠣᠨ ᠳᠣᠭᠠᠨ ᠤ ᠵᠦᠪᠯᠡᠯ ᠤᠨ ᠠᠯᠪᠠᠨ ᠬᠡᠷ ᠤᠨ | ᠬᠠᠷᠢᠭᠤᠴᠠᠯᠭᠠᠳᠠᠨ ᠠᠴᠠ ᠳᠦᠪ᠂ ᠦᠪᠡᠷᠳᠡᠭᠡᠨ ᠵᠠᠰᠠᠬᠤ ᠣᠷᠣᠨ᠂ ᠬᠤᠳᠠ ᠶᠢᠨ ᠰᠣᠮᠣ ᠪᠠᠯᠭᠠᠰᠤᠨ ᠤ | ᠦᠬᠡᠷᠡᠴᠢᠯᠡᠯᠳᠡ ᠶᠢᠨ ᠠᠵᠢᠯ ᠢ ᠳᠦᠯᠬᠢᠨ ᠠᠬᠢᠭᠤᠯᠬᠤ ᠪᠠ ᠦᠨᠳᠦᠰᠦᠨ ᠱᠠᠳᠣᠨ ᠤ ᠬᠢᠨᠠᠨ ᠵᠦᠪᠰᠢᠶᠡᠷᠡᠬᠦ | ᠦᠢᠯᠡᠴᠢᠯᠡᠬᠡᠨ ᠤ ᠬᠠᠣᠯᠢ ᠬᠡᠷᠡᠭᠵᠢᠬᠦᠯᠬᠦ ᠬᠦᠴᠦᠨ ᠢ ᠡᠮᠬᠢᠳᠬᠡᠬᠦ ᠪᠣᠳᠠᠳᠠᠢ ᠱᠠᠭᠠᠷᠳᠠᠯᠭ᠎ᠠ ᠶᠢᠨ ᠳᠣᠬᠠᠢ ᠣᠯᠠᠮᠵᠢᠯᠠᠬᠤ | ᠶᠢᠨ ᠬᠠᠮᠲᠣ ᠮᠠᠨ ᠤ ᠬᠤᠰᠢᠭᠤᠨ ᠤ ᠰᠣᠮᠣ ᠪᠠᠯᠭᠠᠰᠤᠨ ᠤ ᠦᠬᠡᠷᠡᠴᠢᠯᠡᠯᠳᠡ ᠶᠢᠨ ᠠᠵᠢᠯ ᠢ ᠳᠦᠯᠬᠢᠨ ᠠᠬᠢᠭᠤᠯᠵᠦ | ᠪᠠᠶᠢᠭ᠎ᠠ ᠪᠠᠶᠢᠳᠠᠯ ᠢ ᠨᠡᠶᠢᠳᠡᠯᠡᠵᠦ ᠡᠯ᠎ᠡ ᠰᠣᠮᠣ ᠪᠠᠯᠭᠠᠰᠣ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠳᠠᠳ ᠮᠠᠨ ᠤ ᠬᠤᠰᠢᠭᠤᠨ ᠤ ᠰᠣᠮᠣ ᠪᠠᠯᠭᠠᠰᠤᠨ ᠤ ᠦᠬᠡᠷᠡᠴᠢᠯᠡᠯᠳᠡ ᠶᠢᠨ ᠠᠵᠢᠯ ᠢ ᠳᠦᠯᠬᠢᠨ | ᠠᠬᠢᠭᠤᠯᠬᠤ ᠳᠤ ᠣᠷᠣᠰᠢᠵᠦ ᠪᠠᠶᠢᠭ᠎ᠠ ᠠᠰᠠᠭᠤᠳᠠᠯ ᠪᠠ ᠰᠠᠨᠠᠯ ᠰᠠᠨᠠᠭᠤᠯᠭ᠎ᠠ ᠶᠢᠨ ᠳᠣᠭᠤᠷᠢᠨ ᠳᠤ ᠶᠠᠷᠢᠯᠴᠠᠭ᠎ᠠ | ᠦᠷᠨᠢᠬᠦᠯᠪᠡ᠃ | | |