ᠮᠠᠨ ᠤ ᠬᠤᠰᠢᠭᠤᠨ ᠤ ᠤᠷᠠᠨ ᠵᠢᠷᠤᠭᠴᠢᠳ ᠤᠨ ᠡᠪᠯᠡᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠭᠡᠰᠢᠭᠦᠳ ᠤᠨ ᠪᠦᠲᠦᠭᠡᠯ ᠤᠨ ᠳᠡᠯᠭᠡᠨ ᠦᠵᠡᠬᠦᠯᠦᠯᠭᠡ ᠶᠢ ᠡᠷᠬᠢᠯᠡᠨ ᠬᠢᠪᠡ
ᠨᠡᠶᠢᠲᠡᠯᠡᠭᠰᠡᠨ ᠴᠠᠭ᠄
2019-12-18
     12 ᠰᠠᠷ᠎ᠠ ᠶᠢᠨ 15 ᠤ ᠡᠳᠦᠷ᠂ ᠮᠠᠨ ᠤ ᠬᠤᠰᠢᠭᠤᠨ ᠤ ᠤᠷᠠᠨ ᠵᠢᠷᠤᠭᠴᠢᠳ ᠤᠨ ᠡᠪᠯᠡᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠭᠡᠰᠢᠭᠦᠳ ᠤᠨ ᠪᠦᠲᠦᠭᠡᠯ ᠤᠨ ᠳᠡᠯᠭᠡᠨ ᠦᠵᠡᠬᠦᠯᠦᠯᠭᠡ ᠬᠤᠰᠢᠭᠤ ᠰᠣᠶᠣᠯ ᠤᠨ ᠪᠦᠲᠦᠭᠡᠯᠲᠡ ᠠᠵᠤ ᠦᠢᠯᠡᠰ ᠤᠨ ᠬᠦᠷᠢᠶᠡᠯᠡᠩ ᠳᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠤᠯᠠᠭᠠᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠣᠶᠤᠨᠪᠢᠯᠢᠭ᠌ ᠵᠢᠴᠢ ᠬᠤᠰᠢᠭᠤ ᠰᠤᠷᠭᠠᠨ ᠬᠦᠮᠦᠵᠢᠯ ᠪᠡᠶ᠎ᠡ ᠲᠠᠮᠢᠷ ᠤᠨ ᠲᠣᠪᠴᠢᠶ᠎ᠠ᠂ ᠤᠬᠠᠭᠤᠯᠬᠤ ᠬᠡᠯᠲᠡᠰ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠣᠯᠣᠨ ᠤᠷᠠᠨ ᠵᠢᠷᠤᠭᠴᠢᠳ᠂ ᠰᠠᠭᠤᠭᠠᠯᠢ ᠠᠷᠠᠳ᠂ ᠰᠤᠷᠤᠭᠴᠢ ᠵᠡᠷᠭᠡ 200 ᠭᠠᠷᠤᠢ ᠬᠥᠮᠥᠨ ᠳᠡᠯᠭᠡᠨ ᠦᠵᠡᠬᠦᠯᠦᠯᠭᠡ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠲᠤᠬᠠᠶ ᠶᠢᠨ ᠲᠠᠯᠠᠪᠠᠢ ᠳᠤ ᠤᠯᠠᠨ ᠬᠥᠮᠦᠨ ᠬᠤᠷᠠᠨ ᠴᠤᠭᠯᠠᠷᠠᠵᠤ ᠲᠠᠰᠤᠷᠠᠯᠲᠠ ᠦᠭᠡᠢ ᠴᠤᠪᠤᠷᠠᠵᠤ ᠪᠠᠶᠢᠯ᠎ᠠ᠃ ᠪᠦᠬᠦ ᠬᠤᠰᠢᠭᠤᠨ ᠤ ᠤᠷᠠᠨ ᠵᠢᠷᠤᠭᠴᠢᠳ ᠤᠨ ᠡᠪᠯᠡᠯ ᠤᠨ ᠭᠡᠰᠢᠭᠦᠳ ᠬᠠᠮᠲᠤ ᠪᠠᠷ ᠳᠡᠯᠭᠡᠨ ᠦᠵᠡᠬᠦᠯᠦᠯᠭᠡ ᠶᠢ ᠰᠣᠨᠢᠷᠬᠠᠭᠰᠠᠨ ᠪᠥᠭᠡᠳ ᠣᠯᠤᠯᠲᠠ ᠲᠥᠷᠥᠭᠳᠡᠯ ᠢᠶᠠᠨ ᠰᠣᠯᠢᠯᠴᠠᠵᠤ ᠰᠤᠷᠭᠠᠭᠤᠯᠢ ᠶᠢᠨ ᠪᠠᠭᠰᠢ ᠨᠠᠷ ᠰᠤᠷᠤᠭᠴᠢᠳ  ᠢᠶᠠᠨ ᠳᠠᠭᠠᠭᠤᠯᠤᠨ ᠲᠤᠬᠠᠶ ᠶᠢᠨ ᠲᠠᠯᠠᠪᠠᠢ ᠳᠤ ᠲᠣᠭᠤᠷᠢᠨ ᠦᠵᠡᠭᠰᠡᠨ ᠪᠠᠶᠢᠨ᠎ᠠ᠃ ᠯᠢᠦᠶ ᠶᠠᠨ ᠱᠣ᠋ ᠪᠣᠯ ᠮᠠᠨ ᠤ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠭᠠᠳᠠᠨ᠎ᠠ ᠠᠴᠠ ᠤᠷᠢᠭᠰᠠᠨ ᠤᠷᠠᠨ ᠵᠢᠷᠤᠭ ᠤᠨ ᠪᠠᠭᠰᠢ ᠪᠥᠭᠡᠳ ᠮᠠᠨ ᠤ ᠬᠤᠰᠢᠭᠤᠨ ᠤ ᠤᠷᠠᠨ ᠵᠢᠷᠤᠭᠴᠢᠳ ᠤᠨ ᠡᠪᠯᠡᠯ ᠤᠨ ᠭᠡᠰᠢᠭᠦᠨ ᠪᠣᠯᠤᠨ᠎ᠠ᠃ ᠲᠣᠰ ᠤᠳᠠᠭᠠᠨ ᠤ ᠵᠢᠷᠤᠭ ᠤᠨ ᠦᠵᠡᠰᠬᠦᠯᠡᠩ ᠳᠤ ᠲᠡᠷᠡ ᠰᠤᠷᠤᠭᠴᠢᠳ ᠢᠶᠠᠨ ᠳᠠᠭᠠᠭᠤᠯᠤᠨ ᠣᠷᠣᠯᠴᠠᠵᠤ ᠦᠵᠡᠭᠦᠯᠦᠯᠭᠡ ᠶᠢᠨ ᠶᠠᠪᠤᠴᠠ ᠳᠤ ᠰᠤᠷᠤᠭᠴᠢ ᠨᠢᠭᠡᠪᠦᠷᠢ ᠶᠢᠨ ᠪᠦᠲᠦᠭᠡᠯ ᠤᠨ ᠤᠷᠠᠨ ᠵᠢᠷᠤᠭ ᠤᠨ ᠤᠷ᠎ᠠ ᠮᠡᠷᠭᠡᠵᠢᠯ ᠪᠠ ᠤᠷᠠᠨ ᠪᠦᠲᠦᠭᠡᠯ ᠳᠤ ᠨᠠᠷᠢᠨ ᠨᠢᠮᠪᠠᠶ ᠲᠠᠶᠢᠯᠪᠤᠷᠢᠯᠠᠯᠲᠠ ᠬᠢᠭᠰᠡᠨ ᠪᠠᠶᠢᠨ᠎ᠠ᠃
     ᠡᠬᠢᠯᠡᠯᠲᠡ ᠶᠢᠨ ᠶᠣᠰᠣᠯᠠᠯ ᠤᠨ ᠳᠠᠷᠠᠭ᠎ᠠ ᠪᠦᠭᠦᠳᠡᠭᠡᠷ ᠢᠶᠠᠨ ᠳᠡᠯᠭᠡᠨ ᠦᠵᠡᠬᠦᠯᠦᠯᠭᠡ ᠶᠢ ᠲᠣᠭᠤᠷᠢᠨ ᠦᠵᠡᠵᠦ ᠤᠷᠠᠨ ᠵᠢᠷᠤᠭᠴᠢᠳ ᠤᠨ ᠰᠢᠯᠢᠳᠡᠭ ᠪᠦᠲᠦᠭᠡᠯ ᠢᠶᠠᠷ ᠬᠠᠷᠠᠭ᠎ᠠ ᠪᠠᠨ ᠪᠠᠶᠠᠰᠬᠠᠨ ᠦᠦᠰᠢᠨ ᠨᠤᠲᠤᠭ ᠤᠨ ᠥᠩᠭᠡ ᠦᠵᠡᠮᠵᠢ᠂ ᠬᠥᠮᠥᠨ ᠠᠷᠠᠳ᠂ ᠲᠡᠦᠬᠡ ᠰᠣᠶᠣᠯ᠂ ᠵᠠᠩ ᠠᠷᠠᠨᠰᠢᠨ ᠢ ᠬᠠᠷᠠᠭᠤᠯᠤᠭᠰᠠᠨ ᠵᠢᠷᠤᠭ ᠪᠦᠲᠦᠭᠡᠯ ᠨᠢ ᠲᠣᠭᠤᠷᠢᠨ ᠦᠵᠡᠭᠴᠢᠳ ᠤᠨ ᠦᠨᠳᠦᠷ ᠦᠨᠡᠯᠡᠯᠲᠡ ᠶᠢ ᠤᠯᠵᠠᠢ᠃
     ᠣᠶᠢᠯᠠᠭᠠᠭᠰᠠᠨ ᠢᠶᠠᠷ ᠬᠤᠰᠢᠭᠤ ᠤᠷᠠᠨ ᠵᠢᠷᠤᠭᠴᠢᠳ ᠤᠨ ᠡᠪᠯᠡᠯ ᠤᠨ ᠬᠢᠨ 2012 ᠣᠨ ᠳᠤ ᠪᠠᠶᠢᠭᠤᠯᠤᠭᠳᠠᠭᠰᠠᠨ ᠠᠴᠠ ᠨᠠᠭᠠᠰᠢ ᠵᠢᠯ ᠪᠣᠯᠭᠠᠨ ᠬᠤᠶᠠᠷ ᠤᠳᠠᠭᠠᠨ ᠤ ᠤᠷᠠᠨ ᠵᠢᠷᠤᠭ ᠤᠨ ᠳᠡᠯᠭᠡᠨ ᠦᠵᠡᠬᠦᠯᠦᠯᠭᠡ ᠶᠢ ᠡᠷᠬᠢᠯᠡᠨ ᠶᠠᠪᠤᠭᠳᠠᠭᠤᠯᠵᠤ ᠤᠷᠠᠨ ᠵᠢᠷᠤᠭᠴᠢᠳ ᠤᠨ ᠮᠡᠷᠭᠡᠵᠢᠯ ᠢ ᠳᠡᠭᠡᠭᠰᠢᠯᠡᠭᠦᠯᠬᠦ ᠳᠤ ᠲᠦᠯᠬᠢᠴᠡ ᠪᠣᠯᠣᠭᠰᠠᠨ ᠢᠶᠠᠷ ᠪᠠᠷᠠᠬᠤ ᠦᠭᠡᠢ ᠨᠤᠲᠤᠭ ᠣᠷᠣᠨ ᠤ ᠪᠠᠨ ᠬᠥᠮᠥᠨ ᠰᠣᠶᠣᠯ ᠢ ᠳᠡᠯᠭᠡᠨ ᠬᠠᠷᠠᠭᠤᠯᠬᠤ ᠲᠠᠪᠴᠠᠩ ᠪᠣᠯᠣᠭᠰᠠᠨ ᠪᠠᠶᠢᠨ᠎ᠠ᠃ ᠲᠤᠰ ᠤᠳᠠᠭᠠᠨ ᠤ ᠳᠡᠯᠭᠡᠨ ᠦᠵᠡᠬᠦᠯᠦᠯᠭᠡ ᠳᠤ ᠤᠷᠠᠨ ᠵᠢᠷᠤᠭᠴᠢᠳ ᠤᠨ ᠡᠪᠯᠡᠯ ᠤᠨ ᠬᠢᠨ  ᠤ 160 ᠪᠦᠲᠦᠭᠡᠯ ᠠᠴᠠ 90 ᠰᠢᠯᠢᠳᠡᠭ ᠪᠦᠲᠦᠭᠡᠯ ᠢ ᠳᠡᠯᠭᠡᠨ ᠦᠵᠡᠭᠦᠯᠵᠦ12 ᠰᠠᠷ᠎ᠠ ᠶᠢᠨ 25 ᠪᠣᠯᠲᠠᠯ᠎ᠠ ᠶᠠᠪᠤᠭᠳᠠᠬᠤ ᠪᠣᠯᠣᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号